︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ᠢ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠪᠡ — ᠬᠡᠷᠡᠭᠯᠡᠭᠡᠨ ᠤ ᠵᠠᠬ᠎ᠠ ᠶᠢᠨ ᠬᠦᠭᠵᠢᠯᠳᠡ ᠶᠢ ᠨᠡᠩ ᠰᠠᠶᠢᠲᠤᠷ ᠠᠬᠢᠭᠤᠯᠤᠨ᠎ᠠ
ᠨᠡᠶᠢᠲᠡᠯᠡᠭᠰᠡᠨ ᠴᠠᠭ᠄
2024/7/11
    7 ᠰᠠᠷ᠎ᠠ ᠶᠢᠨ 1 ᠤ ᠡᠳᠦᠷ ᠠᠴᠠ ᠡᠬᠢᠯᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠬᠡᠷᠡᠭᠵᠢᠬᠦᠯᠪᠡ᠃ ︽ᠲᠦᠷᠢᠮ︾ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠴᠤ ᠪᠠᠶᠢᠭ᠎ᠠ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ︽ᠡᠵᠡᠷᠬᠡᠭ ᠵᠦᠢᠯ ᠵᠤᠷᠪᠤᠰ︾᠂ ᠠᠶᠠᠨᠳᠠᠭᠠᠨ ᠰᠦᠢᠳᠬᠡᠯ ᠬᠤᠷᠢᠶᠠᠬᠤ᠂ ᠬᠦᠯᠢᠵᠦ ᠪᠣᠷᠣᠯᠠᠭᠤᠯᠬᠤ ᠵᠡᠷᠭᠡ ᠰᠢᠨ᠎ᠡ ᠬᠦᠷᠢᠶᠡᠨ ᠳᠠᠬᠢ ᠰᠢᠨ᠎ᠡ ᠠᠰᠠᠭᠤᠳᠠᠯ ᠤᠨ ᠲᠤᠬᠠᠶ ᠲᠣᠭᠲᠠᠭᠠᠯ ᠭᠠᠷᠭᠠᠪᠠ᠃ ᠣᠯᠠᠨ ᠲᠠᠯ᠎ᠠ ᠶᠢᠨ ᠬᠢᠨ᠂ ︽ᠲᠦᠷᠢᠮ︾ ᠢ ᠨᠡᠶᠢᠲᠡᠯᠡᠭᠰᠡᠨ ᠨᠢ ᠬᠡᠷᠡᠭᠯᠡᠭᠴᠢᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠨᠠᠩ ᠰᠠᠶᠢᠲᠤᠷ ᠳᠡᠮᠵᠢᠵᠦ᠂ ᠡᠵᠡᠩᠨᠡᠭᠴᠢᠳ ᠤᠨ ᠬᠠᠤᠯᠢ ᠶᠣᠰᠣᠭᠠᠷ ᠡᠵᠡᠩᠨᠡᠬᠦ ᠶᠢ ᠨᠠᠩ ᠰᠠᠶᠢᠲᠤᠷ ᠬᠥᠲᠥᠯᠥᠨ ᠵᠢᠯᠣᠭᠤᠳᠴᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯ ᠴᠡᠴᠡᠭᠯᠡᠯ ᠢ ᠨᠠᠩ ᠰᠠᠶᠢᠲᠤᠷ ᠠᠬᠢᠭᠤᠯᠬᠤ ᠪᠣᠯᠤᠨ᠎ᠠ ᠭᠡᠵᠦ ᠦᠵᠡᠵᠦ ᠪᠤᠢ᠃      ᠨᠡᠶᠢᠭᠡᠮ ᠤᠨ ᠠᠩᠬᠠᠷᠤᠯ ᠳᠤ ᠪᠦᠲᠦᠮᠵᠢᠲᠡᠶ ᠬᠠᠷᠢᠭᠤᠯᠲᠠ ᠦᠭᠴᠡᠢ᠃      ᠢᠳᠡᠵᠦ ᠡᠮᠦᠰᠬᠦ ᠶᠠᠪᠤᠵᠤ ᠰᠠᠭᠤᠬᠤ ᠨᠢ ᠠᠯᠢᠪᠠ ᠦᠢᠯᠡᠰ ᠤᠨ ᠬᠥᠭᠵᠢᠯ ᠴᠡᠴᠡᠭᠯᠡᠯ ᠲᠠᠢ ᠬᠤᠯᠪᠣᠭᠳᠠᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠢ ᠳᠠᠷᠤᠢ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠠᠮᠠᠭᠠᠯᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠠᠮᠠᠭᠠᠯᠠᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠴᠢᠨᠠᠷ ᠰᠠᠶᠢᠲᠠᠢ ᠠᠮᠢᠳᠤᠷᠠᠯ ᠢ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠣᠶᠢᠷ᠎ᠠ ᠶᠢᠨ ᠵᠢᠯ ᠤᠳ ᠲᠤ᠂ ᠳᠤᠮᠳᠠᠳᠤ ᠤᠯᠤᠰ ᠤᠨ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠠᠰᠤᠷᠠᠯᠲᠠ ᠥᠬᠡᠶ ᠢᠯᠡᠷᠡᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠳᠤ ᠴᠤ ᠰᠢᠨ᠎ᠡ ᠪᠠᠶᠢᠳᠠᠯ᠂ ᠰᠢᠨ᠎ᠡ ᠠᠰᠠᠭᠤᠳᠠᠯ ᠲᠤᠯᠭᠠᠷᠠᠵᠤ ᠪᠠᠶᠢᠨ᠎ᠠ᠃ ᠵᠢᠱᠢᠶᠡᠯᠡᠪᠡᠯ᠂ ᠠᠶᠠᠨᠳᠠᠭᠠᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ᠂ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠦᠷᠭᠡᠬᠦ ︽ᠮᠠᠭᠤ ᠪᠠᠷ ᠰᠠᠶᠢᠨ ᠢ ᠣᠷᠣᠯᠠᠭᠤᠯᠬᠤ︾ ᠵᠡᠷᠭᠡ ᠠᠰᠠᠭᠤᠳᠠᠯ᠃ ᠬᠡᠷᠡᠭᠯᠡᠭᠴᠢᠳ ᠤᠨ ᠡᠷᠬᠡ ᠠᠰᠢᠭ ᠢ ᠰᠠᠶᠢᠲᠤᠷ ᠬᠠᠮᠠᠭᠠᠯᠠᠬᠤ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠴᠢᠬᠤᠯᠠᠲᠠᠢ᠃     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢ 1994 ᠣᠨ ᠠᠴᠠ ᠡᠬᠢᠯᠡᠨ ᠬᠡᠷᠡᠭᠵᠢᠭᠦᠯᠵᠦ᠂ 2013 ᠣᠨ ᠳᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠳᠤ ᠬᠤᠶᠠᠳᠠᠬᠢ ᠤᠳᠠᠭ᠎ᠠ ᠵᠠᠰᠠᠪᠤᠷᠢ ᠣᠷᠣᠭᠤᠯᠵᠠᠶ᠂ ︽ᠳᠦᠷᠢᠮ︾ ᠪᠣᠯ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠦᠭᠰᠡᠨ 30 ᠵᠢᠯ ᠤᠨ ᠲᠤᠷᠰᠢ ᠠᠩᠬ᠎ᠠ ᠤᠳᠠᠭ᠎ᠠ ᠨᠡᠶᠢᠲᠡᠯᠡᠨ ᠬᠡᠷᠡᠭᠵᠢᠭᠦᠯᠦᠭᠰᠡᠨ ᠢᠵᠢ ᠪᠦᠷᠢᠳᠦᠭᠦᠯᠦᠭᠰᠡᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ᠎ᠠ᠃     ︽ᠮᠠᠨ ᠤ ᠤᠯᠤᠰ ᠤᠨ ᠰᠢᠨ᠎ᠡ ᠮᠠᠶ᠋ᠢᠭ ᠤᠨ ᠬᠡᠷᠡᠭᠯᠡᠭᠡ ᠶᠢᠨ ᠥᠷᠨᠢᠩᠭᠦᠶ ᠬᠥᠭᠵᠢᠬᠦ ᠶᠢ ᠳᠠᠭᠠᠯᠳᠤᠨ᠂ ᠵᠠᠷᠢᠮ ᠰᠢᠨ᠎ᠡ ᠠᠰᠠᠭᠤᠳᠠᠯ ᠵᠠᠶᠢᠯᠠᠰᠢ ᠥᠬᠡᠶ ᠳᠠᠭᠠᠯᠳᠤᠨ ᠪᠣᠶ ᠪᠣᠯᠬᠤ ᠶᠢᠨ ᠬᠠᠮᠲᠤ᠂ ᠤᠯᠠᠮᠵᠢᠯᠠᠯᠲᠤ ᠬᠡᠷᠡᠭᠯᠡᠭᠡ ᠳᠤ ᠪᠠᠰᠠ ᠵᠠᠷᠢᠮ ᠬᠠᠭᠤᠴᠢᠨ ᠶᠡᠭᠡ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠨ᠎ᠠ᠃ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠪᠦᠲᠦᠮᠵᠢᠲᠡᠶ ᠬᠠᠷᠢᠭᠤᠯᠲᠠ ᠥᠭᠬᠦ ᠶᠢᠨ ᠲᠥᠯᠥᠭᠡ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠠᠤᠯᠢ ᠴᠠᠭᠠᠵᠠ ᠶᠢᠨ ᠶᠠᠮᠤᠨ ᠲᠠᠢ ᠬᠠᠮᠵᠢᠯᠴᠠᠨ ︿ᠲᠦᠷᠢᠮ﹀ ᠢ ᠲᠤᠭᠤᠷᠪᠢᠵᠤ ᠨᠡᠶᠢᠲᠡᠯᠡᠪᠡ︾᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠳᠡᠳ᠋ ᠳᠠᠷᠤᠭ᠎ᠠ ᠯᠢᠦ ᠵᠢᠶᠦ᠋ᠨ ᠬᠡᠯᠡᠬᠦ  ᠳᠡᠭᠡᠨ᠂ ︽ᠲᠦᠷᠢᠮ︾ ᠢ ᠲᠤᠭᠤᠷᠪᠢᠬᠤ ᠶᠠᠪᠤᠴᠠ ᠪᠣᠯ ᠪᠠᠰᠠ ᠴᠤ ᠬᠡᠷᠡᠭᠯᠡᠭᠡ ᠶᠢ ᠲᠦᠭᠡᠮᠡᠯᠵᠢᠭᠦᠯᠬᠦ ᠣᠶᠢᠯᠠᠭᠠᠭᠳᠠᠬᠤᠨ ᠮᠥᠨ᠂ ᠬᠡᠷᠡᠭᠯᠡᠭᠡ ᠶᠢ ᠪᠠᠲᠤᠯᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠠᠪᠤᠴᠠ ᠮᠥᠨ᠂ ᠡᠨᠡ ᠨᠢ ᠮᠥᠩᠭᠦᠨ ᠭᠦᠢᠯᠭᠡᠭᠡ᠂ ᠡᠯᠧᠺᠳ᠋ᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ᠂ ᠠᠳᠠᠯ ᠠᠬᠤᠶ᠂ ᠰᠡᠯᠪᠢᠨ ᠵᠠᠰᠠᠯᠲᠠ᠂ ᠲᠦᠷᠭᠡᠨ ᠬᠦᠷᠭᠡᠯᠲᠡ᠂ ᠰᠦᠯᠵᠢᠶ᠎ᠡ ᠪᠠᠷ ᠲᠡᠷᠭᠡ ᠪᠣᠯᠵᠣᠬᠤ ᠵᠡᠷᠭᠡ ᠴᠥᠭᠡᠨ ᠪᠤᠰᠤ ᠬᠦᠷᠢᠶᠡᠨ ᠳᠠᠬᠢ ᠬᠡᠷᠡᠭᠯᠡᠭᠡ ᠶᠢ ᠪᠠᠲᠤᠯᠠᠬᠤ ᠬᠠᠤᠯᠢ ᠲᠣᠭᠲᠠᠭᠠᠯᠲᠠ ᠶᠢᠨ ᠲᠡᠭᠦᠯᠳᠡᠷᠵᠢᠬᠦ ᠶᠢ ᠳᠠᠶᠢᠴᠢᠯᠠᠭᠰᠠᠨ ᠪᠠᠶᠢᠨ᠎ᠠ ᠭᠡᠵᠡᠶ᠃      ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠪᠣᠶ ᠪᠣᠯᠭᠠᠨ᠎ᠠ᠃      ᠬᠡᠷᠡᠭᠯᠡᠭᠡᠨ ᠤ ᠵᠢᠭᠤᠷᠠᠯᠳᠤᠭᠠᠨ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠰᠦᠨ ᠪᠤᠶᠢᠵᠢᠯᠲᠠ ᠶᠢᠨ ᠪᠤᠬᠢᠨᠢᠳᠤᠯ ᠮᠥᠨ᠃ ᠨᠢᠳᠤᠨᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ 1740.3 ᠲᠦᠮᠡᠨ ᠬᠤᠪᠢ ᠵᠠᠭᠠᠯᠳᠤᠯᠭ᠎ᠠ ᠶᠢ ᠭᠥᠯᠢᠶᠡᠨ ᠠᠪᠴᠠᠶ᠂ ︽ᠲᠦᠷᠢᠮ︾ ᠳᠤ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠬᠡᠷᠬᠢᠨ ᠴᠢᠩᠭᠠᠳᠬᠠᠬᠤ ᠪᠣᠶ︖      ︽ᠲᠦᠷᠢᠮ︾ ᠨᠢ ᠨᠡᠶᠢᠲᠡ 7 ᠪᠦᠯᠦᠭ 53 ᠵᠦᠢᠯ ᠲᠠᠢ᠂ ᠭᠤᠤᠯᠳᠠᠭᠤ ᠳᠤᠤᠷᠠᠬᠢ ᠠᠭᠤᠯᠭ᠎ᠠ ᠶᠢ ᠲᠣᠭᠲᠠᠭᠠᠪᠠ᠄ ᠡᠵᠡᠩᠨᠡᠭᠴᠢ ᠶᠢᠨ ᠡᠭᠦᠷᠭᠡ ᠶᠢᠨ ᠬᠤᠯᠪᠣᠭᠳᠠᠯ ᠪᠥᠬᠦᠶ ᠲᠣᠭᠲᠠᠭᠠᠯ ᠢ ᠨᠠᠷᠢᠯᠢᠬᠵᠢᠭᠤᠯᠬᠤ ᠪᠠ ᠨᠥᠬᠦᠪᠥᠷᠢᠯᠡᠨ᠎ᠡ︔ ᠰᠦᠯᠵᠢᠶᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠎ᠡ︔ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡᠨ ᠤ ᠡᠵᠡᠩᠨᠡᠭᠴᠢ ᠶᠢᠨ ᠡᠭᠦᠷᠭᠡ ᠶᠢ ᠴᠢᠩᠭᠠᠷᠠᠭᠤᠯᠤᠨ᠎ᠠ︔ ᠬᠡᠷᠡᠭᠯᠡᠭᠡᠨ ᠤ ᠲᠥᠯᠥᠪᠦᠷᠢ ᠨᠡᠬᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ︔ ᠵᠠᠰᠠᠭ ᠤᠨ ᠣᠷᠳᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃     ᠤᠯᠠᠮᠵᠢᠯᠠᠯᠲᠤ ᠬᠡᠷᠡᠭᠯᠡᠭᠡᠨ ᠤ ᠬᠦᠷᠢᠶᠡᠨ ᠳᠤ᠂ ᠬᠤᠳᠠᠯ ᠬᠠᠭᠤᠷᠮᠠᠭ ᠤᠬᠠᠭᠤᠯᠭ᠎ᠠ᠂ ︽ᠡᠵᠡᠷᠬᠡᠭ ᠵᠦᠢᠯ ᠵᠤᠷᠪᠤᠰ︾᠂ ᠤᠷᠢᠳᠴᠢᠯᠠᠨ ᠵᠣᠭᠤᠰ ᠥᠭᠬᠦ ᠳᠤ ︽ᠵᠣᠭᠤᠰ ᠪᠤᠴᠠᠭᠠᠬᠤ ᠳᠤ ᠬᠦᠴᠢᠷᠲᠡᠶ ᠪᠠᠶᠢᠬᠤ︾᠂ ︽ᠵᠣᠭᠤᠰ ᠴᠤᠭᠯᠠᠭᠤᠯᠤᠨ ᠲᠤᠲᠠᠭᠠᠬᠤ︾ ᠵᠡᠷᠭᠡ ᠠᠰᠠᠭᠤᠳᠠᠯ ᠳᠤ ᠴᠢᠭᠯᠡᠭᠦᠯᠦᠨ᠂ ︽ᠲᠦᠷᠢᠮ︾ ᠳᠤ ᠤᠯᠠᠮ ᠨᠢᠭᠡ ᠠᠯᠬᠤᠮ ᠲᠣᠭᠲᠠᠭᠠᠯ ᠭᠠᠷᠭᠠᠪᠠ᠃     ︽ᠡᠵᠡᠷᠬᠡᠭ ᠵᠦᠢᠯ ᠵᠤᠷᠪᠤᠰ︾ ᠤᠨ ᠠᠰᠠᠭᠤᠳᠠᠯ ᠢᠶᠠᠷ ᠵᠢᠱᠢᠶᠡᠯᠡᠪᠡᠯ᠂ 2022 ᠣᠨ ᠳᠤ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠶᠢᠰᠦᠨ ᠬᠤᠪᠢ ᠶᠢᠨ ᠬᠡᠷᠡᠭᠯᠡᠭᠴᠢᠳ ᠡᠵᠡᠷᠬᠡᠭ ᠵᠦᠢᠯ ᠵᠤᠷᠪᠤᠰ ᠲᠤ ᠤᠴᠠᠷᠠᠵᠤ ᠥᠩᠭᠡᠷᠡᠵᠡᠶ︔ 2023 ᠣᠨ ᠳᠤ᠂ ᠪᠥᠬᠦ ᠤᠯᠤᠰ ᠤᠨ 12315 ᠲᠠᠪᠴᠠᠩ ᠬᠠᠮᠢᠶ᠎ᠠ ᠪᠥᠬᠦᠶ ᠬᠦᠰᠡᠯ ᠱᠠᠭᠠᠷᠳᠠᠯᠭ᠎ᠠ ᠶᠢ 24.1 ᠲᠦᠮᠡᠨ ᠬᠤᠪᠢ ᠭᠥᠯᠢᠶᠡᠨ ᠠᠪᠴᠤ᠂ 2021 ᠣᠨ ᠤ 3.3 ᠳᠠᠬᠢᠨ ᠪᠣᠯᠪᠠ᠃ ︽ᠲᠦᠷᠢᠮ︾ ᠳᠤ᠂ ᠡᠵᠡᠩᠨᠡᠭᠴᠢᠳ ᠬᠡᠯᠪᠡᠷᠢᠵᠢᠭᠰᠡᠨ ᠵᠦᠢᠯ ᠵᠤᠷᠪᠤᠰ ᠢ ᠠᠰᠢᠭᠯᠠᠨ ᠥᠪᠡᠷ ᠤᠨ ᠬᠠᠷᠢᠭᠤᠴᠠᠯᠭ᠎ᠠ ᠪᠠᠨ ᠵᠦᠢ ᠵᠤᠬᠢᠰ ᠦᠬᠡᠢ ᠪᠠᠷ ᠬᠡᠯᠳᠤᠷᠢᠬᠦᠯᠬᠦ ᠪᠤᠶᠤ ᠬᠦᠩᠭᠡᠷᠡᠬᠦᠯᠬᠦ᠂ ᠬᠡᠷᠡᠭᠯᠡᠭᠴᠢᠳ ᠤᠨ ᠬᠠᠷᠢᠭᠤᠴᠠᠯᠭ᠎ᠠ ᠶᠢ ᠬᠦᠨᠳᠦᠷᠡᠭᠦᠯᠬᠦ ᠪᠤᠶᠤ ᠭᠡᠷ᠎ᠡ ᠶᠢ ᠬᠠᠤᠯᠢ ᠶᠣᠰᠣᠭᠠᠷ ᠬᠤᠪᠢᠷᠠᠭᠤᠯᠬᠤ ᠪᠤᠶᠤ ᠴᠤᠴᠠᠯᠬᠤ᠂ ᠬᠡᠷᠡᠭᠯᠡᠭᠡᠨ ᠤ ᠮᠠᠷᠭᠤᠯᠳᠤᠭᠠᠨ ᠢ ᠵᠠᠷᠭᠤᠯᠳᠤᠬᠤ ᠪᠤᠶᠤ ᠬᠥᠨᠳᠡᠯᠡᠨ ᠠᠴᠠ ᠲᠠᠰᠤᠯᠬᠤ ᠶᠢ ᠰᠣᠩᠭᠤᠬᠤ᠂ ᠪᠤᠰᠤᠳ ᠡᠵᠡᠩᠨᠡᠭᠴᠢ ᠶᠢ ᠰᠣᠩᠭᠤᠬᠤ ᠲᠠᠸᠠᠷ ᠪᠤᠶᠤ ᠦᠢᠯᠡᠴᠢᠯᠡᠭᠡ ᠵᠡᠷᠭᠡ ᠡᠷᠬᠡ ᠶᠢ ᠬᠢᠵᠠᠭᠠᠷᠯᠠᠵᠤ ᠪᠣᠯᠬᠤ ᠦᠬᠡᠢ ᠭᠡᠵᠦ ᠲᠣᠭᠲᠠᠭᠠᠵᠠᠢ᠃     ᠬᠠᠤᠯᠢ ᠴᠠᠭᠠᠵᠠ ᠶᠢᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ︽ᠲᠦᠷᠢᠮ︾ ᠳᠤ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠬᠠᠮᠲᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠰᠠᠶᠢᠨ ᠰᠠᠶᠢᠬᠠᠨ ᠡᠮᠬᠢ ᠵᠢᠷᠤᠮ ᠢ ᠳᠠᠬᠢᠨ ᠪᠣᠶ ᠪᠣᠯᠭᠠᠬᠤ ᠶᠢ ᠨᠠᠩ ᠢᠯᠡᠭᠦᠦ ᠴᠢᠬᠤᠯᠠᠴᠢᠯᠠᠪᠠ᠃ ᠵᠢᠱᠢᠶᠡᠯᠡᠪᠡᠯ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠶᠢᠨ ᠬᠠᠮᠲᠤ᠂ ᠬᠡᠷᠡᠭᠯᠡᠭᠴᠢᠳ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠬᠡᠷᠡᠭᠲᠡᠶ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠠᠰᠢᠭᠯᠠᠨ ᠵᠦᠶ ᠪᠤᠰᠤ ᠠᠰᠢᠭ ᠣᠯᠵᠤ ᠪᠣᠯᠬᠤ ᠥᠬᠡᠶ ᠭᠡᠵᠦ ᠴᠢᠬᠤᠯᠠᠴᠢᠯᠠᠭᠰᠠᠨ ᠪᠥᠭᠡᠳ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠥᠭᠬᠦ ᠳᠤ ᠳᠣᠭᠢᠷᠠᠬᠤ ᠥᠬᠡᠶ ᠪᠣᠳᠠᠲᠠᠶ ᠪᠠᠶᠢᠳᠠᠯ ᠢ ᠲᠣᠳᠣᠷᠬᠠᠶᠢᠯᠠᠭᠰᠠᠨ ᠪᠠᠶᠢᠨ᠎ᠠ᠃ ︽ᠡᠵᠡᠩᠨᠡᠭᠴᠢᠳ ᠤᠨ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠬᠠᠮᠲᠤ ᠡᠵᠡᠩᠨᠡᠭᠴᠢᠳ ᠤᠨ ᠬᠠᠤᠯᠢ ᠶᠣᠰᠣᠨ ᠤ ᠡᠵᠡᠩᠨᠡᠯᠲᠡ ᠳᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ︾᠃     ᠰᠦᠯᠵᠢᠶᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃     ᠲᠠᠪᠴᠠᠩ ᠤᠨ ᠠᠵᠤ ᠠᠬᠤᠶ ᠶᠢᠨ ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ᠬᠤᠳᠠᠯ ᠬᠠᠭᠤᠷᠮᠠᠭ ᠢᠶᠠᠷ ᠡᠵᠡᠩᠨᠡᠨ ᠪᠣᠷᠣᠯᠠᠭᠤᠯᠬᠤ᠂ ᠠᠶᠠᠨᠳᠠᠭᠠᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠨᠢ ᠥᠷᠭᠡᠨ ᠳᠡᠯᠭᠡᠷ ᠠᠩᠬᠠᠷᠤᠯ ᠢ ᠲᠠᠲᠠᠵᠤ ᠪᠠᠶᠢᠨ᠎ᠠ᠃     ᠬᠤᠯᠪᠣᠭᠳᠠᠯ ᠪᠥᠬᠦᠶ ᠲᠠᠯ᠎ᠠ ᠶᠢᠨ ᠪᠦᠷᠢᠳᠬᠡᠯ ᠢ ᠦᠨᠳᠦᠰᠦᠯᠡᠪᠡᠯ᠂ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠳᠤᠮᠳᠠᠳᠤ ᠤᠯᠤᠰ ᠤᠨ ᠰᠦᠯᠵᠢᠶ᠎ᠡ ᠪᠠᠷ ᠬᠤᠳᠠᠯᠳᠤᠨ ᠠᠪᠬᠤ ᠬᠡᠷᠡᠭᠯᠡᠭᠴᠢ 9 ᠳ᠋ᠦᠩᠰᠢᠭᠤᠷ ᠢ ᠳᠠᠪᠠᠵᠤ᠂ ᠰᠦᠯᠵᠢᠶ᠎ᠡ ᠪᠠᠷ ᠵᠢᠭᠤᠯᠴᠢᠯᠠᠬᠤ ᠵᠠᠬᠢᠶᠠᠯᠠᠭᠴᠢ 5 ᠳ᠋ᠦᠩᠰᠢᠭᠤᠷ ᠢ ᠳᠠᠪᠠᠵᠤ᠂ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠨᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 27.6% ᠶᠢ ᠡᠵᠡᠯᠡᠪᠡ᠃ ᠡᠭᠦᠨ ᠤ ᠵᠡᠷᠭᠡ ᠳᠤ ᠰᠦᠯᠵᠢᠶᠡᠨ ᠤ ᠬᠡᠷᠡᠭᠯᠡᠭᠡ ᠶᠢᠨ ᠬᠤᠯᠪᠣᠭᠳᠠᠯ ᠪᠥᠬᠦᠶ ᠵᠠᠭᠠᠯᠳᠤᠯᠭ᠎ᠠ ᠴᠤ ᠲᠦᠷᠭᠡᠨ ᠢᠶᠠᠷ ᠨᠡᠮᠡᠭᠳᠡᠵᠦ ᠪᠠᠶᠢᠨ᠎ᠠ᠃ ᠣᠶᠢᠷ᠎ᠠ ᠶᠢᠨ 5 ᠵᠢᠯ ᠳᠤ᠂ ᠰᠢᠭᠤᠳ ᠨᠡᠪᠲᠡᠷᠡᠭᠦᠯᠬᠦ ᠡᠯᠧᠺᠳ᠋ᠷᠣᠨ ᠬᠤᠳᠠᠯᠳᠤᠭᠠᠨ ᠤ ᠵᠠᠬ᠎ᠠ ᠳᠡᠯᠭᠡᠭᠦᠷ ᠤᠨ ᠬᠡᠪᠴᠢᠶ᠎ᠡ 10.5 ᠳᠠᠬᠢᠨ ᠨᠡᠮᠡᠭᠳᠡᠵᠦ᠂ ᠢᠯᠡᠴᠢᠯᠡᠨ ᠵᠠᠭᠠᠯᠳᠤᠭᠰᠠᠨ ᠬᠡᠮᠵᠢᠶ᠎ᠡ 47.1 ᠳᠠᠬᠢᠨ ᠨᠡᠮᠡᠭᠳᠡᠭᠰᠡᠨ ᠨᠢ ᠬᠥᠭᠵᠢᠯᠲᠡ ᠪᠠ ᠵᠢᠷᠤᠮᠵᠢᠯ ᠬᠠᠷᠠᠬᠠᠨ ᠲᠡᠩᠴᠡᠭᠦᠷᠢ ᠥᠬᠡᠶ ᠪᠠᠶᠢᠬᠤ ᠶᠢ ᠬᠠᠷᠠᠭᠤᠯᠵᠤ ᠪᠠᠶᠢᠨ᠎ᠠ᠃     ᠰᠦᠯᠵᠢᠶᠡᠨ ᠤ ᠬᠡᠷᠡᠭᠯᠡᠭᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠡᠷᠡᠭᠯᠡᠭᠴᠢᠳ ᠤᠨ ᠪᠠᠶᠢᠳᠠᠯ ᠢ ᠮᠡᠳᠡᠬᠦ ᠡᠷᠬᠡ ᠪᠠ ᠰᠣᠩᠭᠤᠬᠤ ᠡᠷᠬᠡ ᠶᠢ ᠨᠠᠩ ᠰᠠᠶᠢᠨ ᠪᠠᠲᠤᠯᠠᠬᠤ ᠶᠢᠨ ᠲᠥᠯᠥᠭᠡ᠂ ︽ᠲᠦᠷᠢᠮ︾ ᠳᠤ ᠠᠯᠢ ᠣᠯᠠᠨ ᠰᠢᠨ᠎ᠡ ᠲᠣᠭᠲᠠᠭᠠᠯ ᠭᠠᠷᠭᠠᠪᠠ᠂ ᠡᠭᠦᠨ ᠳᠤ᠄ ︽ᠠᠯᠪᠠᠳᠠᠯᠭ᠎ᠠ ᠪᠠᠷ ᠳᠠᠭᠠᠯᠳᠤᠭᠤᠯᠤᠨ ᠬᠤᠳᠠᠯᠳᠤᠬᠤ︾  ᠶᠢ ᠴᠠᠭᠠᠵᠠᠯᠠᠬᠤ᠂ ︽ᠠᠶᠠᠨᠳᠠᠭᠠᠨ ᠦᠷᠭᠦᠯᠵᠢᠯᠡᠬᠦ ᠬᠤᠷᠢᠶᠠᠬᠤ ᠦᠵᠡᠭᠳᠡᠯ︾ ᠢ ᠵᠢᠷᠤᠮᠵᠢᠭᠤᠯᠬᠤ᠂ ︽ᠰᠢᠯᠲᠠᠭᠠᠨ ᠥᠬᠡᠶ ᠪᠠᠷ ᠪᠠᠷᠠᠭ᠎ᠠ ᠪᠤᠴᠠᠭᠠᠬᠤ︾ ᠶᠢ ᠪᠠᠲᠤᠯᠠᠬᠤ ᠵᠡᠷᠭᠡ ᠪᠠᠭᠲᠠᠨ᠎ᠠ᠃     ᠵᠢᠱᠢᠶᠡᠯᠡᠪᠡᠯ᠂ ︽ᠲᠦᠷᠢᠮ︾ ᠳᠤ᠂ ᠡᠵᠡᠩᠨᠡᠭᠴᠢ ᠨᠢ ᠬᠡᠷᠡᠭᠯᠡᠭᠴᠢᠳ ᠤᠨ ᠪᠠᠶᠢᠳᠠᠯ ᠢ ᠮᠡᠳᠡᠬᠦ ᠦᠭᠡᠢ ᠪᠠᠶᠢᠳᠠᠯ ᠳᠣᠣᠷ᠎ᠠ᠂ ᠠᠳᠠᠯᠢ ᠨᠢᠭᠡ ᠲᠠᠸᠠᠷ ᠪᠤᠶᠤ ᠦᠢᠯᠡᠴᠢᠯᠡᠭᠡ ᠳᠤ ᠠᠳᠠᠯᠢ ᠠᠷᠠᠯᠵᠢᠶᠠᠨ ᠤ ᠨᠥᠬᠦᠴᠡᠯ ᠳᠣᠣᠷ᠎ᠠ ᠠᠳᠠᠯᠢ ᠪᠤᠰᠤ ᠦᠨ᠎ᠡ ᠬᠠᠩᠰᠢ ᠪᠤᠶᠤ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠵᠤ ᠪᠣᠯᠬᠤ ᠦᠭᠡᠢ ᠭᠡᠵᠦ ᠲᠤᠭᠳᠠᠭᠠᠪᠠ᠃ ᠡᠨᠡ ᠨᠢ ᠮᠥᠨ ᠴᠦ ᠳᠤᠮᠳᠠᠳᠤ ᠤᠯᠤᠰ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠩᠬ᠎ᠠ ᠤᠳᠠᠭ᠎ᠠ ᠵᠥᠷᠢᠶᠡᠲᠦ ᠦᠨ᠎ᠡ ᠲᠣᠭᠲᠠᠭᠠᠯᠲᠠ ᠶᠢ ᠵᠢᠷᠤᠮᠵᠢᠭᠤᠯᠵᠤ ᠪᠠᠶᠢᠭ᠎ᠠ ᠶᠠᠪᠤᠳᠠᠯ ᠪᠣᠯᠤᠨ᠎ᠠ᠃     ︽ᠠᠶᠠᠨᠳᠠᠭᠠᠨ ᠰᠦᠢᠳᠬᠡᠯ ᠬᠤᠷᠢᠶᠠᠬᠤ ᠦᠵᠡᠭᠳᠡᠯ︾ ᠢ ᠵᠢᠷᠤᠮᠵᠢᠭᠤᠯᠬᠤ ᠲᠠᠯ᠎ᠠ ᠪᠠᠷ᠂ ︽ᠳᠦᠷᠢᠮ︾ ᠳᠤ᠂ ᠡᠵᠡᠩᠨᠡᠭᠴᠢᠳ ᠠᠶᠠᠨᠳᠠᠭᠠᠨ ᠦᠷᠭᠦᠯᠵᠢᠯᠡᠬᠦ ᠬᠤᠭᠤᠴᠠᠭ᠎ᠠ᠂ ᠠᠶᠠᠨᠳᠠᠭᠠᠨ ᠦᠷᠭᠦᠯᠵᠢᠯᠡᠬᠦ ᠰᠦᠢᠳᠬᠡᠯ ᠵᠡᠷᠭᠡ ᠠᠷᠭ᠎ᠠ ᠮᠠᠶ᠋ᠢᠭ ᠢᠶᠠᠷ ᠦᠢᠯᠡᠴᠢᠯᠡᠭᠡ ᠬᠠᠩᠭᠠᠬᠤ ᠳᠤ ᠬᠦᠷᠪᠡᠯ᠂ ᠬᠡᠷᠡᠭᠯᠡᠭᠴᠢᠳ ᠦᠢᠯᠡᠴᠢᠯᠡᠭᠡ ᠬᠦᠯᠢᠶᠡᠬᠦ ᠠᠴᠠ ᠡᠮᠦᠨ᠎ᠡ ᠪᠠ ᠠᠶᠠᠨᠳᠠᠭᠠᠨ ᠦᠷᠭᠦᠯᠵᠢᠯᠡᠬᠦ ᠬᠤᠭᠤᠴᠠᠭ᠎ᠠ᠂ ᠠᠶᠠᠨᠳᠠᠭᠠᠨ ᠦᠷᠭᠦᠯᠵᠢᠯᠡᠬᠦ ᠰᠦᠢᠳᠬᠡᠯ ᠵᠡᠷᠭᠡ ᠡᠳᠦᠷ ᠬᠤᠭᠤᠴᠠᠭ᠎ᠠ ᠠᠴᠠ ᠡᠮᠦᠨ᠎ᠡ᠂ ᠢᠯᠡᠳᠲᠡ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠠᠩᠬᠠᠷᠤᠭᠤᠯᠬᠤ ᠬᠡᠷᠡᠭᠲᠡᠢ ᠭᠡᠵᠦ ᠲᠣᠭᠲᠠᠭᠠᠵᠠᠢ᠃    ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠲᠦᠷᠢᠮ︾ ᠳᠤ ᠵᠠᠷᠢᠮ ᠬᠠᠯᠠᠭᠤᠨ ᠴᠡᠭ ᠤᠨ ᠠᠰᠠᠭᠤᠳᠠᠯ ᠪᠠ ᠡᠮᠵᠡᠭ ᠠᠰᠠᠭᠤᠳᠠᠯ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠶ ᠲᠣᠭᠲᠠᠭᠠᠯ ᠭᠠᠷᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠨᠠᠩ ᠣᠯᠠᠨ ᠦᠨᠡᠨ ᠪᠣᠳᠠᠲᠠᠶ ᠠᠷᠭ᠎ᠠ ᠬᠡᠮᠵᠢᠶ᠎ᠡ ᠭᠠᠷᠭᠠᠵᠠᠶ᠃ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠠᠯ᠎ᠠ ᠠᠴᠠ ᠢᠯᠡᠷᠬᠡᠶᠢᠯᠡᠬᠦ ᠳᠡᠭᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠰᠦᠯᠵᠢᠶᠡᠨ ᠤ ᠬᠡᠷᠡᠭᠯᠡᠭᠡ ᠳᠤ ᠲᠠᠰᠤᠷᠠᠯᠲᠠ ᠥᠬᠡᠶ ᠢᠯᠡᠷᠡᠵᠦ ᠮᠡᠳᠡᠬᠦ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠨ᠎ᠠ ᠭᠡᠵᠡᠶ᠃ ︵ᠰᠤᠷᠪᠤᠯᠵᠢᠯᠠᠭᠴᠢ ᠯᠢ ᠵᠢᠶᠤ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号