ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠠᠩᠬ᠎ᠠ ᠤᠳᠠᠭ᠎ᠠ ︽ᠪᠠᠶᠢᠷᠢᠯᠠᠭᠤᠯᠤᠯᠳᠠ ᠶᠢᠨ ᠵᠢᠷᠤᠭ︾ ᠢ ᠲᠣᠳᠣᠷᠬᠠᠶ ᠲᠣᠭᠲᠠᠭᠠᠪᠠ︕ ᠲᠤᠯᠤᠭᠠᠨ ᠰᠠᠯᠠᠭ᠎ᠠ ᠮᠥᠴᠢᠷ ᠬᠠᠮᠲᠤᠷᠠᠨ ᠬᠦᠴᠢᠷᠳᠡᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/7/11
    ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠠᠩᠬ᠎ᠠ ᠤᠳᠠᠭ᠎ᠠ ︽ᠪᠠᠶᠢᠷᠢᠯᠠᠭᠤᠯᠤᠯᠳᠠ ᠶᠢᠨ ᠵᠢᠷᠤᠭ︾ ᠢ ᠲᠣᠳᠣᠷᠬᠠᠶ ᠲᠣᠭᠲᠠᠭᠠᠪᠠ︕ ᠲᠤᠯᠤᠭᠠᠨ ᠰᠠᠯᠠᠭ᠎ᠠ ᠮᠥᠴᠢᠷ ᠬᠠᠮᠲᠤᠷᠠᠨ ᠬᠦᠴᠢᠷᠳᠡᠯ ᠢ ᠰᠢᠢᠳᠪᠦᠷᠢᠯᠡᠨ᠎ᠡ                  ᠰᠢᠨᠬᠤᠸᠠ ᠬᠤᠷᠢᠶᠠᠨ ᠤ ᠰᠤᠷᠪᠤᠯᠵᠢᠯᠠᠭᠴᠢ    ᠦ᠋ ᠢᠦᠶ     ᠰᠢᠨᠵᠢᠯᠡᠬᠦ ᠤᠬᠠᠭᠠᠨ ᠮᠡᠷᠭᠡᠵᠢᠯ ᠮᠠᠨᠳᠤᠪᠠᠯ ᠦᠨᠳᠦᠰᠦᠲᠡᠨ ᠮᠠᠨᠳᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠴᠡᠴᠡᠭ︾ ᠢ ᠬᠡᠷᠬᠢᠨ ᠨᠠᠩ ᠭᠤᠶᠢᠳᠠ ᠰᠠᠶᠢᠬᠠᠨ ᠳᠡᠯᠭᠡᠷᠡᠭᠦᠯᠬᠦ ᠪᠣᠶ︖     ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠲᠤᠯᠤᠭᠠᠨ ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ᠳᠠᠷᠤᠮᠠᠯᠯᠠᠨ ᠲᠠᠷᠬᠠᠭᠠᠭᠰᠠᠨ ᠨᠢᠭᠡ ᠬᠤᠪᠢ ᠪᠢᠴᠢᠭ ᠮᠠᠲ᠋ᠧᠷᠢᠶᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ︽ᠪᠠᠶᠢᠷᠢᠯᠠᠭᠤᠯᠤᠯᠳᠠ ᠶᠢᠨ ᠵᠢᠷᠤᠭ︾ ᠢ ᠠᠩᠬ᠎ᠠ ᠤᠳᠠᠭ᠎ᠠ ᠲᠣᠳᠣᠷᠬᠠᠶ ᠲᠣᠭᠲᠠᠭᠠᠪᠠ᠃ ᠡᠨᠡ ᠬᠦ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ ᠭᠦᠢᠯᠭᠡᠭᠡᠨ ᠤ ᠶᠡᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠲᠤᠬᠠᠶ ᠠᠵᠢᠯ ᠤᠨ ᠲᠥᠰᠦᠯ︾ ᠳᠤ᠂ ︽ᠰᠠᠭᠤᠷᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ︾᠂ ︽ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠳᠤ ᠪᠥᠬᠦ ᠬᠡᠯᠬᠢᠶ᠎ᠡ ᠪᠥᠬᠦ ᠠᠮᠢ ᠨᠠᠰᠤᠨ ᠤ ᠦᠶᠡᠯᠡᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠶ︾ ᠭᠡᠵᠦ ᠳᠤᠷᠠᠳᠴᠤ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠢᠭᠯᠡᠯ ᠢ ᠵᠢᠭᠠᠵᠤ ᠥᠭᠴᠡᠶ᠃      ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠪᠣᠯ ᠳᠠᠷᠤᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠮᠥᠩᠭᠦᠨ ᠭᠦᠢᠯᠭᠡᠭᠡ ᠮᠥᠨ᠃ 2023 ᠣᠨ ᠳᠤ ᠬᠤᠷᠠᠯᠳᠤᠭᠰᠠᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠠᠴᠠ ᠲᠠᠪᠤᠨ ᠶᠡᠭᠡ ᠶᠠᠪᠤᠳᠠᠯ ᠢ ᠰᠠᠶᠢᠲᠤᠷ ᠬᠢᠬᠦ ᠶᠢ ᠳᠤᠷᠠᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ ᠭᠦᠢᠯᠭᠡᠭᠡ ᠲᠡᠷᠢᠭᠦᠨ ᠪᠠᠶᠢᠷᠢᠨ ᠳᠤ ᠣᠷᠣᠪᠠ᠃      ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠶᠢ ᠶᠠᠭᠠᠬᠢᠭᠠᠳ ᠡᠶᠢᠮᠦ ᠴᠢᠬᠤᠯᠠ ᠪᠠᠶᠢᠷᠢᠨ ᠳᠤ ᠲᠠᠯᠪᠢᠭᠰᠠᠨ ᠪᠤᠢ︖      ᠣᠳᠣᠬᠠᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠲᠤᠮᠤ ᠤᠯᠤᠰ ᠤᠨ ᠦᠵᠡᠯᠴᠡᠭᠡᠨ ᠬᠠᠷᠢᠯᠴᠠᠨ ᠰᠣᠯᠪᠢᠴᠠᠵᠤ᠂ ᠳᠡᠭᠡᠳᠦ ᠮᠡᠷᠭᠡᠵᠢᠯ ᠤᠨ ᠬᠦᠷᠢᠶ᠎ᠡ ᠨᠢ ᠤᠯᠠᠨ ᠤᠯᠤᠰ ᠤᠨ ᠥᠷᠢᠰᠥᠯᠳᠦᠭᠡᠨ ᠤ ᠬᠠᠮᠤᠭ ᠤᠨ ᠡᠮᠦᠨ᠎ᠡ ᠵᠠᠬ᠎ᠠ ᠪᠠ ᠭᠤᠣᠯ ᠲᠠᠶᠢᠨ ᠤ ᠲᠠᠯᠠᠪᠤᠷ ᠪᠣᠯᠤᠭᠰᠠᠨ ᠪᠠᠶᠢᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠢᠪᠲᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠬᠥᠮᠦᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠢ ᠥᠭᠡᠷᠡᠴᠢᠯᠡᠨ᠎ᠡ ᠁ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠳᠠᠯᠭ᠎ᠠ ᠲᠠᠢ ᠬᠦᠷᠢᠶ᠎ᠡ ᠨᠢᠭᠡᠪᠦᠷᠢ ᠳᠤ ᠴᠥᠮ ᠪᠡᠯᠡ ᠮᠥᠩᠭᠦᠨ ᠤ ᠪᠠᠲᠤᠯᠠᠭ᠎ᠠ ᠲᠤᠯᠭᠠᠮ ᠱᠠᠭᠠᠷᠳᠠᠭᠳᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ ᠭᠦᠢᠯᠭᠡᠭᠡᠨ ᠤ ᠬᠦᠴᠦᠯᠡᠬᠦ ᠶᠢ ᠱᠠᠭᠠᠷᠳᠠᠨ᠎ᠠ᠃       ᠡᠳᠡᠭᠡᠷ ᠵᠢᠯ ᠤᠳ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠶᠢᠨ ᠲᠥᠯᠥᠭᠡ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠢᠮᠠᠭᠲᠠ ᠴᠢᠷᠮᠠᠶᠢᠭᠰᠠᠭᠠᠷ ᠢᠷᠡᠪᠡ᠃       ᠪᠠᠩᠬᠢ ᠨᠤᠭᠤᠳ ︽ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠲᠥᠪ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠠᠯᠪᠤᠷᠢ ᠪᠠᠩᠬᠢ︾ ᠶᠢ ᠵᠠᠯᠭᠠᠭ᠎ᠠ ᠪᠠᠷ ᠪᠠᠶᠢᠭᠤᠯᠵᠤ᠂ ᠦᠢᠯᠡᠰ ᠴᠣᠭᠴᠠᠯᠠᠬᠤ ᠰᠠᠮᠪᠠᠷ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ᠂ ᠤᠮᠠᠷᠠᠲᠤ ᠶᠢᠨ ᠠᠷᠠᠯᠵᠢᠶᠠᠨ ᠤ ᠭᠠᠵᠠᠷ ᠵᠡᠷᠭᠡ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠲᠠᠰᠤᠷᠠᠯᠲᠠ ᠦᠭᠡᠶ ᠥᠷᠭᠡᠳᠴᠦ᠂ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠰᠠᠭᠤᠷᠢ ᠮᠥᠩᠭᠦ ᠦᠳᠲᠡᠷ ᠲᠦᠷᠭᠡᠨ ᠬᠥᠭᠵᠢᠵᠦ ᠪᠠᠶᠢᠨ᠎ᠠ ᠁ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠰᠢᠰᠲ᠋ᠧᠮ ᠨᠢᠭᠡᠨᠲᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠬᠠᠮᠲᠤ ᠶᠢᠨ ᠲᠠᠨᠢᠯᠲᠠ ᠲᠠᠢ ᠪᠣᠯᠵᠠᠶ᠃      ᠨᠢᠭᠡ ᠪᠦᠯᠦᠭ ᠲᠤᠭ᠎ᠠ ᠪᠠᠷᠢᠮᠲᠠ ᠨᠢ ᠬᠠᠮᠤᠭ ᠤᠨ ᠢᠲᠡᠭᠡᠭᠦᠯᠬᠦ ᠬᠦᠴᠦᠨ ᠲᠠᠢ᠄ ᠥᠩᠭᠡᠷᠡᠭᠰᠡᠨ 5 ᠵᠢᠯ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠳᠤᠮᠳᠠ ᠤᠷᠳᠤ ᠬᠤᠭᠤᠴᠠᠭᠠᠨ ᠤ ᠵᠢᠭᠡᠯᠡᠯᠭᠡ ᠶᠢᠨ ᠦᠯᠡᠳᠡᠪᠦᠷᠢ ᠵᠢᠯ ᠳᠤᠮᠳᠠᠴᠢ ᠪᠠᠷ 30% ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠶᠢ ᠪᠠᠲᠤᠯᠠᠪᠠ︔ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠤᠯᠬᠤ ᠨᠣᠷᠮ᠎ᠠ 14% ᠪᠠᠶᠢᠭᠰᠠᠨ ᠠᠴᠠ ᠳᠡᠭᠡᠭᠰᠢᠯᠡᠭᠡᠳ 47% ᠪᠤᠯᠪᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷᠢᠮᠲᠠ ᠶᠢ ᠨᠡᠶᠢᠲᠡ 8000 ᠳ᠋ᠦᠩᠰᠢᠭᠤᠷ ᠲᠥᠭᠦᠷᠢᠭ ᠲᠠᠷᠬᠠᠭᠠᠪᠠ︔ 1700 ᠭᠠᠷᠤᠶ ᠲᠤᠰᠬᠠᠶ ᠰᠢᠯᠢᠳᠡᠭ ᠣᠨᠴᠠ ᠰᠢᠨ᠎ᠡ ᠠᠵᠤ ᠠᠬᠤᠶᠢᠯᠠᠯ A ᠰᠲ᠋ᠣᠺ ᠤᠨ ᠵᠠᠬ᠎ᠠ ᠳᠡᠯᠭᠡᠭᠦᠷ ᠲᠤ ᠭᠠᠷᠪᠠ︔ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠡᠪᠴᠢᠶ᠎ᠡ 3 ᠲᠦᠮᠡᠨ ᠳ᠋ᠦᠩᠰᠢᠭᠤᠷ ᠲᠥᠭᠦᠷᠢᠭ ᠲᠤ ᠬᠦᠷᠪᠡ᠃ ᠬᠡᠳᠦ᠋ᠢᠪᠡᠷ ᠡᠶᠢᠮᠦ ᠪᠠᠶᠢᠭᠰᠠᠨ ᠴᠤ᠂ ᠴᠥᠭᠡᠨ ᠪᠤᠰᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ︽ᠠᠮᠢᠵᠢᠷᠠᠯ ᠤᠨ ᠬᠦᠴᠦᠨ ᠲᠤᠳᠠᠭᠳᠠᠵᠤ︾᠂ ᠵᠠᠷᠢᠮ ᠮᠥᠩᠭᠦᠨ ᠭᠦᠢᠯᠭᠡᠭᠡᠨ ᠤ ᠪᠠᠶᠢᠭᠤᠯᠤᠮᠵᠢ ︽ᠬᠦᠴᠢᠷᠳᠡᠵᠦ︾ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠰᠢᠢᠳᠪᠦᠷᠢᠯᠡᠬᠦ ᠴᠢᠬᠤᠯᠠᠲᠠᠢ ᠬᠦᠴᠢᠷᠳᠡᠯ᠂ ᠡᠪᠡᠷᠰᠢᠶᠡᠯ ᠮᠥᠨ ᠬᠦ ᠳᠤᠪᠤᠶᠢᠮ᠎ᠠ ᠪᠠᠶᠢᠨ᠎ᠠ᠃       ᠨᠢᠭᠡᠨ ᠴᠢᠬᠤᠯᠠ ᠰᠢᠯᠲᠠᠭᠠᠨ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢ ᠶᠡᠷᠦ ᠨᠢ ᠣᠷᠣᠭᠤᠯᠤᠯᠲᠠ ᠶᠡᠬᠡᠲᠡᠢ᠂ ᠠᠶᠤᠯ ᠲᠦᠭᠰᠢᠭᠦᠷᠢ ᠶᠡᠬᠡᠲᠡᠢ᠂ ᠤᠷᠳᠤ ᠦᠶᠡᠯᠡᠯ ᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠨᠢ ᠠᠳᠠᠯᠢ ᠪᠤᠰᠤ ᠠᠮᠢ ᠨᠠᠰᠤᠨ ᠤ ᠦᠶᠡᠯᠡᠯ ᠤᠨ ᠱᠠᠲᠤᠨ ᠳᠤ᠂ ᠬᠡᠷᠡᠭᠴᠡᠭᠡ ᠨᠢ ᠴᠦ ᠠᠳᠠᠯᠢ ᠪᠤᠰᠤ ᠪᠠᠶᠢᠵᠤ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠰᠢᠰᠲ᠋ᠧᠮ ᠨᠢ ᠲᠡᠭᠦᠨ ᠲᠠᠢ ᠵᠣᠬᠢᠴᠠᠯᠳᠤᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠦᠢᠯᠡᠳᠬᠦᠨ ᠢ ᠬᠠᠷᠠᠬᠠᠨ ᠬᠠᠩᠭᠠᠵᠤ ᠴᠢᠳᠠᠭᠠᠳᠤᠢ ᠪᠠᠶᠢᠬᠤ ᠳᠤ ᠣᠷᠣᠰᠢᠨ᠎ᠠ᠃      ᠲᠣᠰ ᠤᠳᠠᠭ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠲᠣᠪᠴᠢᠶ᠎ᠠ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ᠠᠵᠢᠯ ᠤᠨ ᠲᠥᠰᠦᠯ ᠳᠠᠷᠤᠮᠠᠯᠯᠠᠨ ᠲᠠᠷᠬᠠᠭᠠᠵᠤ᠂ ᠠᠯᠢ ᠣᠯᠠᠨ ᠬᠠᠨᠳᠤᠯᠭᠠᠲᠤ ᠴᠢᠨᠠᠷᠲᠠᠶ ᠠᠵᠢᠯ ᠤᠨ ᠠᠷᠭ᠎ᠠ ᠬᠡᠮᠵᠢᠶ᠎ᠡ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ︽ᠪᠠᠶᠢᠷᠢᠯᠠᠭᠤᠯᠤᠯᠳᠠ ᠶᠢᠨ ᠵᠢᠷᠤᠭ︾ ᠢ ᠳᠤᠷᠠᠳᠤᠨ ᠭᠠᠷᠭᠠᠪᠠ᠃       ︽ᠲᠢᠶᠠᠨ ᠱᠢ ᠪᠠᠯᠠ ᠣᠷᠣᠭᠤᠯᠤᠯᠲᠠ — ᠦᠢᠯᠡᠰ ᠴᠣᠭᠴᠠᠯᠠᠬᠤ ᠪᠠᠯᠠ ᠣᠷᠣᠭᠤᠯᠤᠯᠲᠠ — ᠬᠤᠪᠢ ᠪᠠᠷ ᠢᠶᠠᠨ ᠰᠲ᠋ᠣᠺ ᠤᠨ ᠡᠷᠬᠡ ᠴᠤᠭᠯᠠᠭᠤᠯᠬᠤ ᠪᠠᠯᠠ ᠣᠷᠣᠭᠤᠯᠤᠯᠲᠠ — ᠪᠠᠩᠬᠢ ᠶᠢᠨ ᠵᠢᠭᠡᠯᠡᠯᠭᠡ — ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠯᠠ ᠲᠣᠬᠢᠷᠠᠭᠤᠯᠭ᠎ᠠ︾᠃ ᠲᠥᠰᠦᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠳᠤ ᠣᠯᠠᠨ ᠡᠰᠢᠵᠢᠭᠰᠡᠨ ᠪᠤᠤᠬᠢᠶ᠎ᠠ ᠵᠠᠯᠭᠠᠬᠤ ᠮᠠᠶ᠋ᠢᠭ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠵᠡᠮᠵᠢ ᠶᠢ ᠵᠢᠷᠤᠭᠯᠠᠵᠤ ᠥᠭᠪᠡ᠃       ᠲᠤᠮᠤ ᠳᠤᠮᠳᠠ ᠪᠠᠭ᠎ᠠ ᠪᠠᠩᠬᠢ ᠶᠢᠨ ᠵᠥᠷᠢᠶᠡᠲᠦ ᠬᠥᠭᠵᠢᠯᠲᠡ᠂ ᠬᠦᠷᠦᠩᠭᠡ ᠶᠢᠨ ᠵᠠᠬ᠎ᠠ ᠳᠡᠯᠭᠡᠭᠦᠷ ᠤᠨ ᠡᠯ᠎ᠡ ᠬᠡᠰᠡᠭ ᠤᠨ ᠤᠯᠠᠨ ᠲᠡᠰ ᠳᠠᠪᠬᠤᠷᠭ᠎ᠠ ᠶᠢᠨ ᠳᠡᠮᠵᠢᠯᠭᠡ᠂ ᠦᠨᠡᠲᠦ ᠲᠡᠮᠳᠡᠭᠲᠦ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ᠂ ᠳᠠᠭᠠᠳᠬᠠᠯ ᠵᠡᠷᠭᠡ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠡᠯ᠎ᠡ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠬᠤᠯᠪᠣᠭ᠎ᠠ ᠡᠬᠢ ᠪᠠᠶᠠᠯᠢᠭ ᠢ ᠲᠥᠪᠯᠡᠷᠡᠭᠦᠯᠬᠦ ᠶᠢ ᠤᠷᠢᠳᠴᠢᠯᠠᠨ ᠮᠡᠳᠡᠵᠤ ᠪᠣᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠠᠮᠢ ᠠᠬᠤᠢ ᠶᠢᠨ ᠬᠦᠷᠢᠶ᠎ᠡ ᠤᠯᠠᠮ ᠠᠴᠠ ᠤᠯᠠᠮ ᠪᠠᠶᠠᠯᠢᠭᠵᠢᠨ ᠲᠡᠭᠦᠯᠳᠡᠷᠵᠢᠵᠦ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠯᠤᠨ᠎ᠠ᠃      ᠬᠤᠷᠸ᠎ᠠ ᠬᠦᠰᠡᠯ ᠡᠷᠡᠮᠡᠯᠵᠡᠯ ᠲᠠᠢ᠂ ᠪᠠᠰᠠ ᠪᠣᠳᠠᠲᠠᠶ ᠠᠷᠭ᠎ᠠ ᠬᠡᠮᠵᠢᠶ᠎ᠡ ᠲᠠᠢ᠃      ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠲᠤᠰᠬᠠᠶ ᠬᠠᠷᠢᠶᠠᠲᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠴᠡ ᠪᠠ ᠲᠦᠭᠰᠢᠭᠦᠷᠢ ᠶᠢ ᠡᠵᠡᠮᠳᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠡᠷᠭᠡ ᠳᠣᠲᠣᠭᠠᠳᠤ ᠶᠢᠨ ᠲᠦᠷᠢᠮ ᠢ ᠲᠡᠭᠦᠯᠳᠡᠷᠵᠢᠭᠦᠯᠦᠨ᠎ᠡ ᠁ ᠬᠡᠷᠪᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠥᠰᠦᠯ ᠳᠠᠬᠢ ᠡᠲᠡᠭᠡᠷ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠳᠤ ᠭᠦᠷᠪᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠨᠢ ᠥᠪᠡᠷ ᠤᠨ ᠪᠡᠶ᠎ᠡ ᠳᠡᠭᠡᠨ ᠳᠣᠭᠢᠷᠠᠭᠰᠠᠨ ᠲᠦᠭᠰᠢᠭᠦᠷᠢ ᠶᠢ ᠦᠨᠡᠯᠡᠨ ᠵᠢᠱᠢᠬᠦ ᠵᠠᠭᠪᠤᠷ᠂ ︽ᠪᠡᠶ᠎ᠡ ᠳᠡᠭᠡᠨ ᠲᠤᠬᠢᠷᠠᠭᠰᠠᠨ︾ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠦᠢᠯᠡᠳᠭᠦᠨ᠂ ︽ᠳᠣᠲᠣᠨᠣ ᠦᠢᠯᠡᠴᠢᠯᠡᠭᠡ︾ ᠶᠢᠨ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠪᠦᠯᠬᠦᠮ ᠢ ᠬᠦᠰᠡᠨ ᠡᠷᠡᠮᠡᠯᠵᠡᠵᠦ ᠪᠣᠯᠤᠨ᠎ᠠ᠃      ︽ᠰᠢᠨᠵᠢᠯᠡᠬᠦ ᠤᠬᠠᠭᠠᠨ ᠮᠡᠷᠭᠡᠵᠢᠯ︾ ᠤᠨ ︽ᠦᠷ᠎ᠡ ᠪᠦᠲᠦᠭᠡᠯ ᠭᠠᠷᠭᠠᠬᠤ︾ ᠶᠢ ᠬᠡᠷᠬᠢᠨ ᠳᠡᠮᠵᠢᠬᠦ ᠪᠤᠶ︖ ᠲᠦᠷᠦᠭᠦᠬᠡᠨ ᠬᠤᠷᠠᠯᠳᠤᠭᠤᠯᠤᠭᠰᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠨ ᠬᠤᠷᠠᠯ︾ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠭᠡᠬᠦ ᠡᠨᠡ ᠬᠦ ᠠᠵᠢᠯ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠬᠦᠷᠦᠩᠭᠡ ᠶᠢᠨ ᠡᠷᠲᠡ ᠪᠡᠯᠡ ᠣᠷᠣᠭᠤᠯᠬᠤ᠂ ᠪᠠᠭ᠎ᠠ ᠪᠡᠯᠡ ᠣᠷᠣᠭᠤᠯᠬᠤ᠂ ᠤᠷᠳᠤ ᠬᠤᠭᠤᠴᠠᠭ᠎ᠠ ᠪᠠᠷ ᠪᠡᠯᠡ ᠣᠷᠣᠭᠤᠯᠬᠤ᠂ ᠬᠠᠲᠠᠭᠤ ᠰᠢᠨᠵᠢᠯᠡᠬᠦ ᠤᠬᠠᠭᠠᠨ ᠮᠡᠷᠭᠡᠵᠢᠯ ᠳᠤ ᠣᠷᠣᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃     ᠡᠨᠡ ᠨᠢ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠳᠡᠮᠵᠢᠬᠦ ᠳᠤ ᠨᠠᠩ ᠪᠠᠭᠲᠠᠭᠠᠮᠵᠢᠲᠤ ᠴᠢᠨᠠᠷ ᠪᠠ ᠦᠷᠭᠦᠯᠵᠢᠯᠡᠬᠦ ᠴᠢᠨᠠᠷ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠲᠤᠷᠰᠢᠯᠲᠠ ᠶᠢ ᠭᠦᠨᠵᠡᠭᠡᠶ ᠠᠬᠢᠭᠤᠯᠬᠤ ᠭᠡᠰᠡᠨ ᠥᠬᠡᠶ᠂ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠠᠯᠠ ᠮᠥᠩᠭᠦ ᠶᠢᠨ ᠢᠷᠡᠯᠲᠡ ᠪᠠ ᠤᠬᠤᠷᠢᠨ ᠭᠠᠷᠬᠤ ᠠᠷᠭ᠎ᠠ ᠵᠠᠮ ᠢ ᠪᠠᠶᠠᠯᠢᠭᠵᠢᠭᠤᠯᠬᠤ ᠭᠡᠰᠡᠨ ᠥᠬᠡᠶ᠂ ᠲᠥᠰᠦᠯ ᠳᠤ ᠳᠤᠷᠠᠳᠤᠭᠰᠠᠨ ᠣᠯᠠᠨ ᠠᠷᠭ᠎ᠠ ᠬᠡᠮᠵᠢᠶ᠎ᠡ ᠶᠢᠨ ᠵᠣᠷᠢᠯᠭ᠎ᠠ ᠨᠢ᠂ ᠨᠠᠩ ᠣᠷᠳᠣ ᠬᠤᠭᠤᠴᠠᠭᠠᠨ ᠤ ᠬᠥᠷᠥᠩᠭᠡ ᠶᠢ ᠦᠷ᠎ᠡ ᠶᠢᠨ ᠬᠤᠭᠤᠴᠠᠭ᠎ᠠ᠂ ᠠᠩᠬ᠎ᠠ ᠡᠭᠦᠳᠬᠦ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠬᠥᠲᠥᠯᠥᠨ ᠣᠷᠣᠭᠤᠯᠬᠤ ᠶᠢᠨ ᠲᠥᠯᠥᠭᠡ ᠶᠤᠮ᠃ ᠡᠭᠦᠨ ᠤ ᠵᠡᠷᠭᠡ ᠪᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ ᠶᠠᠪᠤᠴᠠ ᠳᠤ᠂ ᠮᠥᠩᠭᠦᠨ ᠭᠦᠢᠯᠭᠡᠭᠡᠨ ᠤ ᠰᠢᠰᠲ᠋ᠧᠮ ᠴᠦ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠨ ᠪᠡᠶᠡᠯᠡᠭᠦᠯᠵᠦ ᠪᠠᠶᠢᠨ᠎ᠠ᠃     ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠡᠭᠦᠷᠢᠳᠡ ᠵᠤᠬᠰᠤᠰᠢ ᠦᠭᠡᠢ ᠶᠠᠪᠤᠭᠳᠠᠵᠤ᠂ ᠮᠥᠩᠭᠦᠨ ᠭᠦᠢᠯᠭᠡᠭᠡᠨ ᠤ ︽ᠠᠮᠢᠵᠢᠷᠠᠯ︾ ᠲᠦᠷᠭᠡᠨ ᠪᠣᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ ᠭᠦᠢᠯᠭᠡᠭᠡᠨ ᠤ ᠬᠦᠴᠦᠲᠦ ᠲᠤᠯᠭᠠᠭᠤᠷᠢᠯᠠᠯ ᠳᠣᠣᠷ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠮᠡᠯᠢᠭ ᠬᠥᠷᠥᠰᠥᠨ ᠠᠴᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠡᠴᠡᠭ︾ ᠮᠢᠷᠠᠯᠵᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠷᠠᠭᠳᠠᠰᠢ ᠦᠭᠡᠢ ᠬᠥᠳᠡᠯᠭᠡᠬᠦ ᠡᠨᠧᠷᠭᠢ ᠨᠡᠮᠡᠷᠢᠯᠡᠬᠦ ᠶᠢ ᠬᠦᠰᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号