ᠲᠡᠷᠢᠭᠦᠨ ᠤ ᠬᠢ ᠶᠢ ᠳᠡᠭᠡᠳᠦᠯᠡᠵᠦ᠂ ᠬᠥᠳᠡᠯᠮᠦᠷᠢ ᠶᠢᠨ ᠵᠢᠱᠢᠶᠡᠴᠢ ᠶᠢ ᠬᠠᠯᠠᠮᠵᠢᠯᠠᠨ ᠬᠠᠶᠢᠷᠠᠯᠠᠬᠤ — ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠢᠯᠴᠢᠨ ᠤ ᠡᠪᠯᠡᠯ ᠬᠥᠳᠡᠯᠮᠦᠷᠢ ᠶᠢᠨ ᠵᠢᠱᠢᠶᠡᠴᠢ ᠳᠠᠷᠬᠠᠨ ᠳᠤ ᠠᠵᠢᠯᠲᠠᠨ ᠠᠵᠢᠯᠴᠢᠨ ᠤ ᠬᠠᠷᠢᠯᠴᠠᠨ ᠲᠤᠰᠠᠯᠠᠯᠴᠠᠬᠤ ᠳᠠᠭᠠᠳᠭᠠᠯ  ᠬᠦᠷᠭᠡᠪᠡ
ᠨᠡᠶᠢᠲᠡᠯᠡᠭᠰᠡᠨ ᠴᠠᠭ᠄
2024/7/12
    ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶ ᠥᠷᠨᠢᠭᠦᠯᠵᠦ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠤ ᠪᠦᠷᠬᠦᠴᠡ ᠶᠢ ᠲᠠᠰᠤᠷᠠᠯᠲᠠ ᠥᠬᠡᠶ ᠥᠷᠭᠡᠳᠬᠡᠨ᠂ ᠬᠥᠳᠡᠯᠮᠦᠷᠢ ᠶᠢᠨ ᠵᠢᠱᠢᠶᠡᠴᠢ ᠶᠢᠨ ᠣᠨᠴᠠᠯᠢᠭᠲᠤ ᠠᠵᠢᠯᠴᠢᠨ ᠤ ᠡᠪᠯᠡᠯ ᠤᠨ ᠠᠵᠢᠯ ᠤᠨ ᠨᠠᠷᠠᠲᠤ ᠲᠡᠮᠳᠡᠭᠲᠦ ᠶᠢ ᠢᠳᠡᠪᠬᠢᠲᠡᠶ ᠪᠣᠶ ᠪᠣᠯᠭᠠᠵᠤ᠂ ᠠᠵᠢᠯᠴᠢᠨ ᠤ ᠡᠪᠯᠡᠯ ᠤᠨ  ᠦᠢᠯᠡᠴᠢᠯᠡᠭᠡ ᠶᠢ ︽ᠬᠠᠪᠰᠤᠷᠤᠨ ᠲᠡᠳᠬᠦᠬᠦ ᠬᠡᠯᠪᠡᠷᠢ︾ ᠠᠴᠠ ︽ᠲᠦᠭᠡᠮᠡᠯ ᠬᠠᠷᠠᠭᠠᠯᠵᠠᠯ ᠤᠨ ᠬᠡᠯᠪᠡᠷᠢ︾ ᠳᠠᠰᠢ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠬᠠᠮᠲᠤᠷᠠᠨ ᠬᠤᠲᠠ ᠶᠢᠨ ᠶᠡᠷᠦᠩᠬᠡᠶ ᠬᠠᠪᠰᠤᠷᠤᠯᠴᠠᠬᠤ ᠨᠡᠶᠢᠭᠡᠮᠯᠢᠭ ᠲᠠᠢ ᠬᠠᠮᠲᠤᠷᠠᠨ ᠮᠠᠨ ᠤ ᠣᠷᠣᠨ ᠤ ᠠᠵᠢᠯ ᠳᠤ ᠪᠠᠶᠢᠭ᠎ᠠ 90 ᠬᠥᠳᠡᠯᠮᠦᠷᠢ ᠶᠢᠨ ᠵᠢᠱᠢᠶᠡᠴᠢ ᠳᠤ ᠰᠠᠨᠠᠭᠠᠨ ᠳᠤ ᠥᠬᠡᠶ ᠭᠡᠮᠲᠦᠯ ᠤᠨ ᠬᠠᠷᠢᠯᠴᠠᠨ ᠬᠠᠪᠰᠤᠷᠤᠯᠴᠠᠬᠤ ᠳᠠᠭᠠᠳᠬᠠᠯ ᠤᠨ ᠠᠵᠢᠯᠯᠠᠭ᠎ᠠ ᠥᠷᠨᠢᠭᠦᠯᠪᠡ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠲᠣᠰ ᠤᠳᠠᠭᠠᠨ ᠤ ᠠᠵᠢᠯ ᠳᠤ ᠪᠠᠶᠢᠭ᠎ᠠ ᠬᠥᠳᠡᠯᠮᠦᠷᠢ ᠶᠢᠨ ᠵᠢᠱᠢᠶᠡᠴᠢ ᠳᠤ ᠪᠠᠲᠤᠯᠠᠭ᠎ᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠠᠵᠢᠯᠯᠠᠭ᠎ᠠ ᠶᠢ ᠬᠥᠳᠡᠯᠮᠦᠷᠢ ᠶᠢᠨ ᠵᠢᠱᠢᠶᠡᠴᠢ ᠳᠤ ᠪᠣᠳᠠᠲᠤ ᠶᠠᠪᠤᠳᠠᠯ ᠬᠢᠬᠦ᠂ ᠰᠠᠶᠢᠨ ᠶᠠᠪᠤᠳᠠᠯ ᠬᠢᠬᠦ᠂ ᠬᠦᠴᠢᠷ ᠶᠠᠪᠤᠳᠠᠯ ᠢ ᠰᠢᠢᠳᠪᠦᠷᠢᠯᠡᠬᠦ ᠴᠢᠬᠤᠯᠠ ᠠᠵᠢᠯ ᠪᠣᠯᠭᠠᠨ ᠠᠳᠬᠤᠵᠤ᠂ ᠪᠥᠬᠦ ᠣᠷᠣᠨ ᠤ ᠠᠵᠢᠯ ᠳᠤ ᠪᠠᠶᠢᠭ᠎ᠠ ᠬᠥᠳᠡᠯᠮᠦᠷᠢ ᠶᠢᠨ ᠵᠢᠱᠢᠶᠡᠴᠢ ᠶᠢᠨ ᠪᠠᠶᠢᠳᠠᠯ ᠢ ᠲᠡᠷᠡ ᠳᠠᠷᠤᠶ ᠳᠤᠨᠢ ᠬᠢᠨᠠᠨ ᠬᠠᠷᠭᠤᠭᠤᠯᠬᠤ ᠶᠢᠨ ᠬᠠᠮᠲᠤ ᠨᠠᠷᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠪᠠ᠃ 6 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠣᠷᠣᠨ ᠪᠥᠬᠦ ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠬᠦᠷᠲᠡᠭᠴᠢ᠂ ᠥᠪᠡᠷᠲᠡᠭᠡᠨ ᠵᠠᠰᠠᠬᠤ ᠣᠷᠣᠨ ᠤ 13 ᠬᠥᠳᠡᠯᠮᠦᠷᠢ ᠶᠢᠨ ᠵᠢᠱᠢᠶᠡᠴᠢ᠂ ᠪᠤᠭᠤᠲᠤ ᠬᠤᠲᠠ ᠶᠢᠨ ᠲᠠᠰ ᠤᠨ 46 ᠬᠥᠳᠡᠯᠮᠦᠷᠢ ᠶᠢᠨ ᠵᠢᠱᠢᠶᠡᠴᠢ ᠵᠢᠴᠢ 30 ᠳᠡᠭᠡᠳᠦ ᠰᠢᠨ᠎ᠡ ᠮᠡᠷᠭᠡᠵᠢᠯ ᠤᠨ ᠤᠷᠠᠨ ᠳᠠᠷᠬᠠᠳ ᠲᠤ ᠠᠵᠢᠯ ᠤᠨ ᠪᠠᠶᠢᠷᠢ ᠳᠤ ᠪᠠᠶᠢᠭ᠎ᠠ 90 ᠬᠥᠳᠡᠯᠮᠦᠷᠢ ᠶᠢᠨ ᠵᠢᠱᠢᠶᠡᠴᠢ ᠰᠠᠨᠠᠭᠠᠨ ᠳᠤ ᠥᠬᠡᠶ ᠭᠡᠮᠲᠦᠯ ᠤᠨ ᠬᠠᠷᠢᠯᠴᠠᠨ ᠬᠠᠪᠰᠤᠷᠤᠯᠴᠠᠬᠤ ᠳᠠᠭᠠᠳᠬᠠᠯ ᠪᠡᠯᠡᠭᠯᠡᠵᠦ᠂ ᠠᠵᠢᠯ ᠪᠠ ᠠᠮᠢᠳᠤᠷᠠᠯ ᠤᠨ ᠳᠤᠮᠳᠠ ᠰᠠᠨᠠᠭᠠᠨ ᠳᠤ ᠥᠬᠡᠶ ᠭᠡᠮᠲᠦᠯ ᠭᠥᠷᠳᠡᠬᠦ ᠳᠤ ᠴᠥᠮ ᠵᠣᠬᠢᠬᠤ ᠲᠥᠯᠥᠪᠦᠷᠢ ᠣᠯᠵᠤ ᠪᠣᠯᠤᠨ᠎ᠠ᠃    ᠬᠤᠶᠢᠰᠢᠳᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠳᠣᠲᠣᠨᠣ ᠦᠢᠯᠡᠴᠢᠯᠡᠭᠡ ᠬᠠᠩᠭᠠᠵᠤ᠂ ᠬᠥᠳᠡᠯᠮᠦᠷᠢ ᠶᠢᠨ ᠵᠢᠱᠢᠶᠡᠴᠢ ᠶᠢᠨ ᠰᠠᠨᠠᠭᠠᠨ ᠳᠤ ᠥᠬᠡᠶ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ᠂ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠰᠠ ᠨᠢᠭᠡᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠴᠢᠭᠢᠷᠠᠭ ᠪᠡᠶ᠎ᠡ ᠮᠠᠬᠠᠪᠣᠳ ᠪᠠ ᠴᠤᠭ ᠵᠢᠪᠬᠤᠭ᠎ᠠ ᠪᠠᠷ ᠢᠶᠠᠨ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶ᠋ᠯᠡᠴᠢᠯᠡᠭᠦᠯᠵᠦ  ᠦᠢᠯᠡᠴᠢᠯᠡᠭᠦᠯᠵᠦ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号