ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠪᠠᠰᠤᠨ ᠨᠢᠭᠡᠴᠡ ᠶᠢᠨ ᠲᠣᠭᠤᠷᠢᠨ ᠦᠵᠡᠵᠦ ᠳᠡᠭᠡᠭᠰᠢᠯᠡᠭᠦᠯᠬᠦ ᠰᠣᠯᠢᠯᠴᠠᠭᠠᠨ ᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/7/12
    ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠣᠯᠪᠠᠰᠤᠨ ᠢ ᠡᠭᠦᠳᠦᠨ ᠪᠠᠶᠢᠭᠤᠯᠬᠤ ᠰᠡᠳᠬᠢᠮᠵᠢ ᠶᠢ ᠥᠷᠭᠡᠳᠬᠡᠬᠦ ᠶᠢᠨ ᠲᠥᠯᠥᠭᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2024 ᠣᠨ ᠤ ᠪᠣᠯᠪᠠᠰᠤᠨ ᠨᠢᠭᠡᠴᠡ ᠶᠢᠨ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠪᠣᠯᠪᠠᠰᠤᠨ ᠨᠢᠭᠡᠴᠡ ᠶᠢᠨ ᠦᠵᠡᠯᠲᠡ ᠶᠢ ᠳᠡᠭᠡᠭᠰᠢᠯᠡᠭᠦᠯᠬᠦ ᠰᠣᠯᠢᠯᠴᠠᠭᠠᠨ ᠤ ᠬᠤᠷᠠᠯ ᠢ ᠬᠤᠷᠠᠯᠳᠤᠭᠤᠯᠪᠠ᠃     ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠹᠠᠨ ᠬᠤᠩ ᠴᠢᠶᠠᠩ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠣᠣ ᠬᠤᠩ ᠢᠦᠶ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠰᠠᠯᠠᠭᠠᠨ ᠤ ᠳᠠᠷᠤᠭ᠎ᠠ ᠯᠢ ᠰᠢᠤᠸᠠᠢ ᠵᠢᠶᠦ᠋ᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠳᠠᠷᠤᠭ᠎ᠠ ᠴᠢ ᠵᠢᠶ ᠵᠢᠴᠢ ᠬᠠᠷᠢᠶ᠎ᠠ ᠭᠠᠵᠠᠷ ᠤᠨ ᠬᠤᠲᠠ ᠶᠢᠨ ᠱᠠᠲᠤᠨ ᠠᠴᠠ ᠳᠡᠭᠡᠭᠰᠢᠬᠢ 40 ᠭᠠᠷᠤᠶ ᠪᠣᠯᠪᠠᠰᠤᠨ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ ᠵᠢᠴᠢ 80 ᠭᠠᠷᠤᠶ ᠠᠵᠢᠯᠲᠠᠨ ᠬᠤᠷᠠᠯ ᠳᠤ ᠣᠷᠣᠯᠴᠠᠪᠠ᠃    ᠬᠤᠷᠠᠯ ᠳᠤ ᠣᠷᠣᠯᠴᠠᠭᠰᠠᠳ ᠤᠷᠢᠳ ᠬᠤᠵᠢᠳ ᠪᠤᠭᠤᠲᠤ ᠶᠢᠨ ᠪᠣᠭᠤᠮᠲᠠ᠂ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠣᠨᠴᠠ ᠦᠢᠯᠡᠴᠢᠯᠡᠭᠡᠨ ᠤ ᠶᠡᠭᠡ ᠠᠩᠬᠢ ᠵᠡᠷᠭᠡ ᠭᠤᠷᠪᠠᠨ ᠪᠣᠯᠪᠠᠰᠤᠨ ᠨᠢᠭᠡᠴᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠡᠯ᠎ᠡ ᠪᠣᠯᠪᠠᠰᠤᠨ ᠨᠢᠭᠡᠴᠡ ᠶᠢᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ᠂ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠬᠠᠮᠲᠤ ᠪᠠᠷ ᠡᠳ᠋ᠯᠡᠪᠡ᠃ ᠭᠤᠷᠪᠠᠨ ᠠᠳᠠᠯᠢ ᠪᠤᠰᠤ ᠠᠵᠢᠯ ᠲᠥᠷᠥᠯ ᠤᠨ ᠬᠦᠷᠢᠶᠡᠨ ᠠᠴᠠ ᠠᠵᠢᠯ ᠲᠥᠷᠥᠯ ᠤᠨ ᠣᠨᠴᠠᠯᠢᠭ᠂ ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠵᠢᠴᠢ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠵᠡᠷᠭᠡ ᠲᠠᠯ᠎ᠠ ᠪᠠᠷ ᠰᠤᠷᠤᠯᠴᠠᠨ ᠰᠣᠯᠢᠯᠴᠠᠬᠤ ᠵᠢᠴᠢ ᠲᠤᠷᠰᠢᠯᠭ᠎ᠠ ᠪᠠᠨ ᠬᠤᠪᠢᠶᠠᠯᠴᠠᠵᠤ᠂ ᠨᠠᠩ ᠣᠯᠠᠨ ᠪᠣᠯᠪᠠᠰᠤᠨ ᠨᠢᠭᠡᠴᠢ ᠳᠤ ᠰᠢᠯᠢᠳᠡᠭ ᠡᠭᠦᠳᠦᠨ ᠪᠠᠶᠢᠭᠤᠯᠬᠤ ᠰᠡᠳᠬᠢᠴᠡ ᠵᠢᠴᠢ ᠡᠭᠦᠳᠦᠨ ᠪᠠᠶᠢᠭᠤᠯᠬᠤ ᠠᠷᠭ᠎ᠠ ᠶᠢ ᠬᠠᠩᠭᠠᠪᠠ᠃   ᠳᠠᠷᠠᠭ᠎ᠠ ᠨᠢ ᠪᠣᠯᠪᠠᠰᠤᠨ ᠨᠢᠭᠡᠴᠡ ᠶᠢ ᠠᠵᠢᠭᠯᠠᠨ ᠳᠡᠭᠡᠭᠰᠢᠯᠡᠭᠦᠯᠬᠦ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠤᠭᠤᠲᠤ ᠶᠢᠨ ᠪᠣᠭᠤᠮᠲᠠ᠂ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠬᠠᠲᠤᠨ ᠭᠤᠤᠯ ᠤᠨ ᠯᠢ ᠵᠥᠪᠯᠡᠯ ᠨᠢᠩ ᠮᠧᠩ ᠤᠰᠤᠨ ᠵᠦᠢ ᠤᠰᠤᠨ ᠤ ᠡᠬᠢ ᠪᠠᠶᠠᠯᠢᠭ ᠤᠨ ᠲᠣᠪᠴᠢᠶ᠎ᠠ᠂ ᠪᠤᠭᠤᠲᠤ ᠶᠢᠨ ᠤᠰᠤ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠠᠪᠤᠨ ᠨᠢᠭᠡᠴᠡ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠵᠤ ᠬᠤᠪᠢᠶᠠᠯᠴᠠᠪᠠ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠣᠣ ᠬᠤᠩ ᠢᠦᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠵᠤ ᠰᠢᠨ᠎ᠡ ᠶᠢ ᠡᠭᠦᠳᠬᠦ ᠪᠠᠷᠢᠮᠵᠢᠶ᠎ᠠ ᠲᠠᠢ ᠤᠶᠠᠯᠳᠤᠭᠤᠯᠤᠨ᠂ ᠬᠤᠶᠢᠰᠢᠳᠠ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠬᠡᠷᠬᠢᠨ ᠪᠠᠬᠢᠵᠢᠭᠦᠯᠦᠨ ᠥᠷᠨᠢᠭᠦᠯᠬᠦ ᠳᠤ ᠰᠢᠨ᠎ᠡ ᠱᠠᠭᠠᠷᠳᠠᠯᠭ᠎ᠠ ᠪᠠ ᠰᠢᠨ᠎ᠡ ᠰᠡᠳᠬᠢᠮᠵᠢ ᠳᠤᠷᠠᠳᠤᠭᠰᠠᠨ ᠪᠠᠶᠢᠨ᠎ᠠ᠃
     ᠪᠤᠯᠪᠠᠰᠣᠨ ᠰᠣᠷᠳᠠᠯ ᠪᠤᠯᠪᠠᠰᠣᠨ ᠬᠤᠳᠠ ᠶᠢ ᠤᠮᠳᠠᠯᠠᠵᠤ᠂ ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠪᠠᠰᠤᠨ ᠨᠢᠭᠡᠴᠡ ᠶᠢᠨ ᠬᠥᠳᠡᠯᠦᠩᠭᠦᠶ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ ᠭᠤᠤᠯᠳᠠᠯᠭ᠎ᠠ ᠶᠢ ᠳᠣᠪᠤᠶᠢᠯᠭᠠᠨ᠂ ᠡᠯ᠎ᠡ ᠨᠢᠭᠡᠴᠡ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶ ᠥᠷᠨᠢᠭᠦᠯᠬᠦ ᠢᠳᠡᠪᠬᠢᠵᠢᠯ ᠢ ᠳᠠᠶᠢᠴᠢᠯᠠᠵᠤ᠂ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶ ᠶᠢᠨ ᠬᠥᠭᠵᠢᠯᠲᠡ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号