ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ︽ᠰᠢᠩᠭᠡᠯᠢᠭ︾ ᠳᠠᠭᠠᠭᠤᠯᠤᠭᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠎ᠠ
ᠨᠡᠶᠢᠲᠡᠯᠡᠭᠰᠡᠨ ᠴᠠᠭ᠄
2024/7/12
    ᠬᠤᠪᠣᠷ ᠰᠢᠷᠣᠶ ᠶᠢᠨ ᠠᠵᠤ ᠦᠢᠯᠡᠰ ᠪᠣᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠤᠤᠯᠯᠠᠬᠤ ᠠᠵᠤ ᠦᠢᠯᠡᠰ ᠤᠨ ᠨᠢᠭᠡ ᠨᠢ ᠪᠣᠯᠤᠨ᠎ᠠ᠃ 2024 ᠣᠨ ᠳᠤ᠂ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠢ ᠪᠥᠲᠥᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠭᠤᠤᠯ ᠲᠡᠶᠢᠨ ᠤ ᠲᠠᠯᠠᠪᠤᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠯᠠᠨ ᠠᠳᠬᠤᠵᠤ᠂ ᠬᠤᠪᠣᠷ ᠰᠢᠷᠣᠶ ᠵᠢᠴᠢ ᠲᠡᠳᠡᠨ ᠤ ᠬᠠᠮᠢᠶ᠎ᠠ ᠪᠥᠬᠦᠶ ᠬᠡᠷᠡᠭᠯᠡᠭᠡᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠥᠨᠳᠥᠷ ᠨᠡᠮᠡᠭᠳᠡᠯ ᠢ ᠴᠢᠷᠮᠠᠶᠢᠨ ᠪᠡᠶᠡᠯᠡᠭᠦᠯᠦᠨ᠎ᠡ᠃     ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠪᠣᠯ ᠦᠨᠳᠦᠰᠦ ᠪᠣᠯᠤᠨ᠎ᠠ᠃ ᠲᠠᠰᠤᠷᠠᠯᠲᠠ‌ᠦᠭᠡᠢ ᠳᠠᠭᠠᠭᠤᠯᠤᠭᠴᠢ ᠲᠥᠷᠥᠯ ᠵᠦᠢᠯ ᠨᠢ ᠬᠤᠪᠣᠷ ᠰᠢᠷᠤᠢ ᠶᠢᠨ ᠠᠵᠤ ᠦᠢᠯᠡᠰ ᠤᠨ ᠬᠦᠭᠵᠢᠯᠲᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃     6 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ᠂ ᠸᠧ ᠯᠦᠩ ᠴᠠᠬᠢᠯᠭᠠᠨ ᠬᠥᠳᠡᠯᠭᠡᠭᠦᠷ ᠪᠦᠯᠦᠭᠯᠡᠯ ᠤᠨ ᠸᠧ ᠯᠦᠩ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠶᠠᠭ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠵᠤ ᠪᠠᠶᠢᠨ᠎ᠠ᠃     ︽ᠲᠤᠰ ᠲᠥᠷᠥᠯ ᠵᠦᠢᠯ ᠢ ᠨᠠᠢᠳᠠᠪᠤᠷᠢᠵᠢᠭᠤᠯᠵᠤ ᠠᠵᠢᠯ ᠡᠬᠢᠯᠡᠪᠡ︾ ᠨᠢ ᠪᠤᠭᠤᠲᠤ ᠬᠤᠲᠠ ︽ᠪᠦᠬᠦ ᠪᠥᠮᠪᠥᠷᠴᠡᠭ ᠲᠤ ᠲᠡᠷᠢᠭᠦᠯᠡᠵᠦ ᠪᠠᠢᠭ᠎ᠠ ᠬᠤᠪᠣᠷ ᠰᠢᠷᠤᠢ ᠶᠢᠨ ᠬᠡᠷᠡᠭᠯᠡᠭᠡᠨ ᠤ ᠰᠠᠭᠤᠷᠢᠨ ᠭᠠᠵᠠᠷ︾ ᠢ ᠪᠠᠢᠭᠤᠯᠬᠤ ᠲᠠᠯ᠎ᠠ ᠪᠠᠷ ᠪᠡᠯᠭᠡ ᠲᠡᠮᠳᠡᠭ ᠤᠨ ᠬᠡᠯᠪᠡᠷᠢ ᠶᠢᠨ ᠨᠢᠭᠡ ᠠᠯᠬᠤᠮ ᠢ ᠠᠯᠬᠤᠵᠤ᠂ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠤᠢ ᠶᠢᠨ ᠲᠣᠭᠲᠠᠮᠠᠯ ᠰᠣᠷᠢᠨᠵᠢᠨ ᠴᠠᠬᠢᠯᠭᠠᠨ  ᠮᠠᠰᠢᠨ ᠤ ᠠᠵᠤ ᠦᠢᠯᠡᠰ ᠤᠨ ᠬᠥᠭᠵᠢᠯᠲᠡ ᠲᠦᠷᠭᠡᠨ ᠵᠠᠮ ᠳᠤ ᠣᠷᠣᠭᠰᠠᠨ ᠢ ᠬᠠᠷᠠᠭᠤᠯᠵᠤ ᠪᠠᠢᠨ᠎ᠠ᠃ ᠪᠦᠬᠦ ᠪᠥᠮᠪᠥᠷᠴᠡᠭ ᠤᠨ ᠴᠠᠬᠢᠯᠭᠠᠨ ᠮᠠᠰᠢᠨ ᠤ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ᠂ ᠪᠦᠬᠦ ᠤᠯᠤᠰ ᠤᠨ ᠬᠠᠮᠤᠭ ᠤᠨ ᠲᠣᠮᠣ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠦᠢᠯᠡᠳᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠳᠠᠮᠵᠢᠨ᠂ ᠬᠤᠪᠣᠷ ᠰᠢᠷᠣᠶ ᠶᠢ ᠨᠠᠷᠢᠯᠢᠭ ᠤᠨᠰᠢᠭᠤᠯᠬᠤ ᠮᠡᠷᠭᠡᠵᠢᠯ ᠢ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶᠡᠨ ᠳᠤ ᠬᠦᠷᠦᠭᠦᠯᠬᠦ ᠶᠢ ᠠᠬᠢᠭᠤᠯᠤᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠣᠠ ᠤ ᠠᠵᠣ ᠠᠬᠤᠢ ᠶᠢᠨ  ᠬᠦᠭᠵᠢᠯᠲᠡ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂  ᠪᠤᠭᠤᠲᠤ ᠬᠤᠲᠠ ᠶᠢᠨ ᠬᠤᠪᠣᠷ ᠰᠢᠷᠤᠢ ᠶᠢᠨ ᠰᠣᠷᠢᠨᠵᠢᠨ  ᠮᠠᠲ᠋ᠧᠷᠢᠶᠠᠯ ᠠᠴᠠ ᠲᠣᠭᠲᠠᠮᠠᠯ ᠰᠣᠷᠢᠨᠵᠢᠨ ᠭᠦᠢᠳ ᠠᠯᠬ ᠡᠭᠴᠢ ᠲᠣᠨᠤᠭ ᠲᠤ ᠭᠦᠢᠷᠴᠣ ᠬᠡᠷᠡᠭᠯᠡᠪᠡ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠴᠢᠶᠠᠩ ᠤᠨ ᠲᠠᠨᠢᠯᠴᠠᠭᠤᠯᠤᠭᠰᠠᠨ ᠢᠶᠠᠷ᠂ 2024 ᠣᠨ ᠠᠴᠠ ᠨᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤᠷᠢᠳ ᠬᠤᠵᠢᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠪᠠ ︽2024 ᠡᠷᠲᠡ ᠶᠢᠨ ᠠᠵᠢᠯᠯᠠᠭ᠎ᠠ︾ ᠶᠢ ᠥᠷᠨᠢᠭᠦᠯᠵᠦ᠂ ᠳᠠᠭᠠᠭᠤᠯᠤᠭᠴᠢ ᠪᠠᠷ ᠬᠥᠲᠥᠯᠥᠨ ᠳᠠᠭᠠᠭᠤᠯᠵᠤ᠂ ᠨᠢᠭᠡ ᠪᠦᠯᠦᠭ ᠲᠤ ᠭᠡᠷ᠎ᠡ ᠲᠣᠭᠲᠠᠵᠤ᠂ ᠨᠢᠭᠡ ᠪᠦᠯᠦᠭ ᠢ ᠨᠠᠶᠢᠳᠠᠪᠤᠷᠢᠵᠢᠭᠤᠯᠵᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠵᠤ᠂ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠦᠢᠯᠡᠳᠪᠦᠷᠢᠯᠡᠵᠦ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠦᠷᠦᠭᠵᠢᠯ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠪᠠ᠃     2023 ᠣᠨ ᠤ 12 ᠰᠠᠷ᠎ᠠ ᠳᠤ᠂ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ᠪᠣᠯᠤᠨ ᠵᠢᠶᠠᠩᠰᠦ ᠶᠢᠨ ᠵᠢᠶᠠ ᠰᠢᠤᠸᠠᠨ ᠤ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠠᠭᠤᠰᠴᠤ᠂ ᠤᠮᠠᠷᠠᠲᠤ ᠶᠢᠨ ᠵᠢᠶᠠ ᠰᠢᠤᠸᠠᠨ ᠤ ᠶᠡᠷᠦᠩᠬᠡᠶ ᠳᠠᠭᠠᠭᠠᠮᠠᠯ ᠳ᠋ᠦᠩ ᠵᠢᠶ ᠸᠧᠨ᠄ ︽ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠨᠢ 3.15 ᠰᠠᠶ᠎ᠠ ᠸᠠᠲ ᠵᠢᠴᠢ ᠲᠡᠭᠦᠨ ᠠᠴᠠ ᠳᠣᠷᠣᠭᠰᠢᠬᠢ ᠡᠯ᠎ᠡ ᠴᠠᠬᠢᠯᠭᠠᠨ ᠬᠦᠴᠦᠳᠡᠯ ᠤᠨ ᠲᠠᠰ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠦᠢᠯᠡᠳᠬᠦᠨ ᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠳᠠᠬᠢ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠪᠡ︾᠃ ᠤᠯᠠᠮᠵᠢᠯᠠᠯᠲᠤ ᠭᠤᠷᠪᠠᠨ ᠹᠠᠰ ᠤᠨ ᠣᠨᠳᠣᠣ ᠠᠯᠬᠤᠮᠲᠤ ᠴᠠᠬᠢᠯᠭᠠᠨ ᠮᠠᠰᠢᠨ ᠤ ᠮᠡᠷᠭᠡᠵᠢᠯ ᠲᠠᠢ ᠬᠠᠷᠢᠴᠠᠭᠤᠯᠪᠠᠯ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠠᠪᠠᠭᠤᠯᠢᠭ ᠢᠯᠡᠷᠬᠡᠢ᠂ ᠠᠵᠤ ᠦᠢᠯᠡᠳᠪᠦᠷᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠡᠨᠧᠷᠭᠢ ᠠᠷᠪᠢᠯᠠᠬᠤ 20% ᠠᠴᠠ ᠳᠡᠭᠡᠭᠰᠢ ᠪᠠᠶᠢᠨ᠎ᠠ᠃
    ᠪᠸᠢ ᠹᠠᠩ ᠵᠢᠶᠠ ᠰᠢᠤᠸᠠᠨ ᠤ ᠣᠷᠣᠭᠤᠯᠤᠨ ᠠᠪᠴᠢᠷᠠᠭᠰᠠᠨ ᠶᠠᠪᠤᠳᠠᠯ ᠪᠣᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠯᠣᠭᠠᠶᠢᠯᠠᠭᠴᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠤᠭᠰᠠᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ 2024 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠲᠦᠷᠦ ᠶᠢᠨ ᠪᠤᠳᠤᠯᠭ᠎ᠠ ᠶᠢᠨ ᠠᠰᠢᠭᠲᠠᠢ ᠠᠵᠠ ᠲᠣᠬᠢᠶᠠᠯ ᠵᠢᠴᠢ ᠲᠤᠰ ᠭᠠᠵᠠᠷ ᠤᠨ ᠬᠤᠪᠣᠷ ᠰᠢᠷᠣᠢ ᠶᠢᠨ ᠴᠢᠳᠠᠪᠤᠷᠢᠲᠠᠨ ᠢ ᠴᠤᠭᠯᠠᠭᠤᠯᠬᠤ ᠵᠡᠷᠭᠡ ᠳᠠᠪᠠᠭᠤᠯᠢᠭ ᠢᠶᠠᠨ ᠭᠦᠢᠴᠡᠳ ᠠᠰᠢᠭᠯᠠᠵᠤ ᠂ ᠲᠦᠷᠦᠯ ᠵᠦᠢᠯ ᠢ ᠵᠣᠯᠭᠠᠭᠤᠯᠬᠤ ᠶᠢ ᠨᠡᠩ ᠣᠨᠣᠪᠴᠢᠲᠠᠢ ᠪᠣᠯᠭᠠᠨ᠎ᠠ᠃      ︽ᠪᠢᠳᠡᠨ ᠤ ᠦᠵᠡᠵᠦ ᠪᠠᠶᠢᠭ᠎ᠠ ᠪᠣᠯ ᠳᠠᠷᠤᠶ ᠠᠵᠤ ᠦᠢᠯᠡᠰ ᠤᠨ ᠲᠥᠪᠯᠡᠷᠡᠯ ᠤᠨ ᠬᠢᠷᠢ ᠲᠦᠪᠰᠢᠨ ᠮᠥᠨ᠂ ᠠᠵᠤ ᠠᠬᠤᠶᠢᠯᠠᠯ ᠳᠤ ᠥᠪᠡᠷ ᠤᠨ ᠥᠷᠲᠡᠭ ᠢ ᠠᠷᠪᠢᠯᠠᠵᠤ ᠥᠭᠬᠦ ᠶᠢᠨ ᠬᠠᠮᠲᠤ᠂ ᠠᠵᠤ ᠠᠬᠤᠶᠢᠯᠠᠯ ᠤᠨ ᠬᠤᠭᠤᠷᠣᠨᠳᠣᠬᠢ ᠨᠡᠪᠲᠡᠷᠡᠯᠴᠡᠭᠡ ᠬᠠᠮᠲᠤᠷᠠᠯᠴᠠᠭ᠎ᠠ ᠳᠤ ᠨᠠᠩ ᠣᠯᠠᠨ ᠲᠥᠬᠦᠮ ᠦᠵᠡᠭᠦᠯᠦᠨ᠎ᠡ︾  ᠭᠡᠵᠦ  ᠳ᠋ᠦᠩ ᠵᠢᠢ ᠸᠧᠨ ᠬᠡᠯᠡᠪᠡ᠃      2023 ᠣᠨ ᠠᠴᠠ ᠨᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠂ ᠶᠢᠨ ᠯᠢ ᠲᠣᠭᠲᠠᠮᠠᠯ ᠰᠣᠷᠢᠨᠵᠢᠨ᠂ ᠲᠢᠶᠠᠨ ᠾᠧ ᠰᠣᠷᠢᠨᠵᠢᠨ ᠮᠠᠲ᠋ᠧᠷᠢᠶᠠᠯ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠵᠠᠬ᠎ᠠ ᠳᠡᠯᠭᠡᠭᠦᠷ ᠢᠶᠠᠨ ᠢᠳᠡᠪᠬᠢᠲᠡᠶ ᠥᠷᠭᠡᠳᠬᠡᠵᠦ᠂ ᠵᠠᠬᠢᠶᠠᠯᠠᠭ᠎ᠠ ᠶᠢᠨ ᠬᠠᠭᠤᠳᠠᠰᠤ ᠪᠠᠨ ᠨᠡᠮᠡᠭᠳᠡᠭᠦᠯᠦᠨ᠂ ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠶᠢ ᠳᠡᠭᠡᠭᠰᠢᠯᠡᠭᠦᠯᠪᠡ︔ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ᠂ ᠺᠧ ᠲᠢᠶᠠᠨ ᠰᠣᠷᠢᠨᠵᠢᠨ ᠦᠢᠯᠡᠰ᠂ ᠠᠨᠲ᠋ᠠᠢ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ᠂ ᠳ᠋ᠠ ᠳ᠋ᠢ ᠰᠢᠶᠦ᠋ᠩ ᠵᠡᠷᠭᠡ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠰᠣᠷᠢᠨᠵᠢᠨ ᠮᠠᠲ᠋ᠧᠷᠢᠶᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠡᠳᠦ ᠲᠡᠰ ᠤᠨ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠ ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠢ ᠥᠷᠭᠡᠳᠬᠡᠪᠡ︔ ᠵᠦᠩ ᠺᠧ ᠭᠤᠷᠪᠠᠳᠤᠭᠠᠷ ᠴᠠᠭᠠᠷᠢᠭ᠂ ᠵᠧᠩ ᠬᠠᠢ ᠰᠣᠷᠢᠨᠵᠢᠨ ᠮᠠᠲ᠋ᠧᠷᠢᠶᠠᠯ᠂ ᠵᠦᠩ ᠶᠤᠸᠠᠨ ᠰᠣᠷᠢᠨᠵᠢᠨ ᠮᠠᠲ᠋ᠧᠷᠢᠶᠠᠯ᠂ ᠵᠦᠩ ᠭᠠᠩ ᠲᠢᠶᠠᠨ ᠶᠤᠸᠠᠨ ᠵᠡᠷᠭᠡ ᠪᠣᠳᠠᠲᠤ ᠬᠦᠴᠦᠨ ᠢᠶᠠᠷ ᠴᠢᠩᠭ᠎ᠠ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠶᠡᠬᠡᠪᠡᠷ ᠵᠣᠯᠭᠠᠭᠤᠯᠵᠤ᠂ ᠰᠣᠷᠢᠨᠵᠢᠨ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠪᠠ᠃     ᠲᠤᠯᠤᠭᠠᠶᠢᠯᠠᠭᠴᠢ ᠠᠵᠤ ᠦᠢᠯᠡᠰ ᠤᠨ ᠬᠡᠯᠬᠢᠶ᠎ᠡ ᠶᠢ ᠬᠦᠳᠡᠯᠭᠡᠪᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢᠭᠡᠨᠲᠡ ᠤᠮᠠᠷᠠᠲᠤ ᠶᠢᠨ ᠬᠤᠪᠣᠷ ᠰᠢᠷᠣᠶ᠂ ᠨᠢᠩᠪᠦ᠋ᠸᠧ ᠶᠢᠨ ᠶᠦᠨ ᠱᠧᠩ᠂ ᠳᠤᠮᠳᠠᠳᠤ ᠤᠯᠤᠰ ᠤᠨ ᠵᠥᠩ ᠴᠧ᠂ ᠳ᠋ᠠ ᠳ᠋ᠢ ᠰᠢᠶᠦ᠋ᠩ᠂ ᠶᠢᠨ ᠯᠢ ᠲᠣᠭᠲᠠᠮᠠᠯ ᠰᠣᠷᠢᠨᠵᠢᠨ᠂ ᠶᠢᠨ ᠲᠢᠶᠠᠨ ᠵᠡᠰ ᠤᠨ ᠦᠢᠯᠡᠰ᠂ ᠠᠨ ᠲᠠᠢ ᠰᠢᠨᠵᠢᠯᠡᠬᠦ ᠤᠬᠠᠭᠠᠨ ᠮᠡᠷᠭᠡᠵᠢᠯ᠂ ᠱᠧᠩ ᠾᠧ ᠡᠬᠢ ᠪᠠᠶᠠᠯᠢᠭ ᠵᠡᠷᠭᠡ ᠬᠤᠪᠣᠷ ᠰᠢᠷᠣᠶ ᠶᠢᠨ ᠠᠵᠤ ᠦᠢᠯᠡᠰ ᠤᠨ ᠬᠤᠯᠪᠣᠭᠳᠠᠯ ᠪᠦᠬᠦᠢ ᠵᠠᠬ᠎ᠠ ᠳᠡᠯᠭᠡᠭᠦᠷ ᠲᠤ ᠭᠠᠷᠤᠭᠰᠠᠨ 8 ᠺᠣᠮᠫᠠᠨᠢ ᠳᠤ ᠴᠤᠭᠯᠠᠷᠠᠪᠠ᠃      ᠤᠯᠠᠨ ᠵᠢᠯ ᠤᠨ ᠬᠥᠭᠵᠢᠯᠲᠡ ᠪᠠᠷ ᠳᠠᠮᠵᠢᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ︽ᠰᠠᠯᠭᠠᠵᠤ ᠲᠡᠮᠦᠷᠯᠢᠭ ᠪᠣᠯᠪᠠᠰᠤᠷᠠᠭᠤᠯᠬᠤ - ᠬᠡᠷᠡᠭᠯᠡᠭᠡᠨ ᠤ ᠰᠠᠪᠠ ᠬᠡᠷᠡᠭᠰᠡᠯ︾ ᠤᠨ ᠠᠵᠤ ᠦᠢᠯᠡᠰ ᠤᠨ ᠬᠡᠯᠬᠢᠶ᠎ᠡ ᠳᠡᠭᠡᠷ᠎ᠡ ᠴᠥᠮ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠲᠠᠢ ᠪᠣᠯᠵᠠᠢ᠃     ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ᠬᠢᠨ ᠭᠤᠤᠯᠯᠠᠬᠤ ᠮᠡᠷᠭᠡᠵᠢᠯ ᠤᠨ ᠰᠢᠪᠲᠤᠯᠤᠯᠲᠠ ᠶᠢ ᠠᠮᠵᠢᠯᠲᠠᠲᠠᠶ ᠪᠡᠶᠡᠯᠡᠭᠦᠯᠵᠦ᠂ ᠴᠢᠨᠠᠷ ᠰᠠᠶᠢᠲᠠᠶ ᠬᠤᠪᠣᠷ ᠰᠢᠷᠣᠶ ᠶᠢᠨ ᠲᠡᠮᠦᠷ ᠤᠨ ᠬᠠᠶᠢᠯᠤᠰᠢ᠂ ᠬᠤᠪᠣᠷ ᠰᠢᠷᠣᠶ ᠶᠢᠨ ᠴᠢᠳᠠᠮᠵᠢ ᠶᠢᠨ ᠬᠠᠪᠰᠤᠷᠤᠭᠴᠢ ᠡᠳ᠋᠂ ᠬᠤᠪᠣᠷ ᠰᠢᠷᠣᠶ ᠶᠢᠨ ᠴᠠᠶᠢᠷ ᠤᠨ ᠬᠠᠶᠢᠯᠤᠰᠢ ᠵᠡᠷᠭᠡ ᠨᠢᠳᠤᠷᠭᠠᠨ ᠦᠢᠯᠡᠳᠬᠦᠨ ᠢ ᠨᠡᠭᠡᠭᠡᠨ ᠭᠠᠷᠭᠠᠵᠤ᠂ ︽ᠳᠤᠮᠳᠠᠳᠤ ᠤᠯᠤᠰ ᠤᠨ ᠰᠠᠶᠢᠨ ᠮᠡᠷᠭᠡᠵᠢᠯ︾ ᠤᠨ ᠱᠠᠩᠨᠠᠯ ᠢ ᠵᠠᠯᠭᠠᠭ᠎ᠠ ᠪᠠᠷ ᠭᠥᠷᠳᠡᠪᠡ᠃ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠴᠣᠯᠭᠤᠷᠠᠨ ᠭᠠᠷᠴᠤ᠂ ᠬᠤᠪᠣᠷ ᠰᠢᠷᠣᠶ ᠶᠢᠨ ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠥᠬᠡᠶ ᠥᠷᠭᠡᠳᠬᠡᠵᠦ᠂ ᠤᠯᠤᠰ ᠤᠨ ᠴᠡᠪᠡᠷ ᠡᠨᠧᠷᠭᠢ ᠬᠦᠷᠭᠡᠬᠦ ᠵᠢᠱᠢᠶ᠎ᠡ ᠦᠵᠡᠭᠦᠯᠬᠦ ᠢᠨᠵᠧᠨᠧᠷᠢᠩ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠤᠰᠤᠲᠥ᠋ᠷᠥᠭᠴᠢ ᠬᠤᠯᠢᠬᠤ ᠠᠯᠤᠰ ᠵᠠᠶ ᠶᠢᠨ ᠥᠨᠳᠥᠷ ᠬᠦᠴᠦᠳᠡᠯᠲᠦ ᠬᠡᠶ ᠳᠠᠮᠵᠢᠭᠤᠯᠬᠤ ᠬᠤᠭᠤᠯᠠᠶ ᠨᠢ ᠬᠤᠪᠣᠷ ᠰᠢᠷᠣᠶ ᠶᠢᠨ ᠪᠠᠷ᠎ᠠ ᠬᠠᠷᠠᠭᠳᠠᠪᠠ︔ ᠬᠤᠪᠣᠷ ᠰᠢᠷᠣᠶ ᠶᠢᠨ ᠴᠠᠶᠢᠷ ᠤᠨ ᠬᠠᠶᠢᠯᠤᠰᠢ ᠨᠢ ᠴᠠᠶᠢᠷ ᠬᠥᠩᠭᠡᠨ ᠴᠠᠭᠠᠨ ᠮᠠᠭᠨᠢ ᠶᠢᠨ ᠲᠦᠷᠬᠢᠮᠡᠯ ᠬᠠᠪᠲᠠᠰᠤ ᠶᠢᠨ ᠪᠣᠯᠣᠳ ᠬᠠᠪᠲᠠᠰᠤ ᠨᠢ ᠳᠣᠷᠣᠨᠠᠲᠤ᠂ ᠤᠮᠠᠷᠠᠲᠤ ᠣᠷᠣᠨ᠂ ᠪᠠᠷᠠᠭᠤᠨ ᠡᠮᠦᠨᠡᠲᠦ ᠶᠢᠨ ᠵᠠᠬ᠎ᠠ ᠳᠡᠯᠭᠡᠭᠦᠷ ᠲᠤ ᠲᠤᠷᠰᠢᠨ ᠬᠡᠷᠡᠭᠯᠡᠬᠦ ᠳᠤ ᠬᠦᠴᠦᠨ ᠨᠡᠮᠡᠷᠢᠯᠡᠵᠦ ᠬᠡᠷᠡᠭᠯᠡᠭᠰᠡᠨ ᠤ ᠳᠠᠷᠠᠭ᠎ᠠ ᠬᠡᠷᠡᠭᠯᠡᠭᠴᠢᠳ ᠲᠤ ᠮᠡᠳᠡᠷᠡᠭᠳᠡᠵᠦ᠂ ᠭᠦᠶ᠋ᠴᠡᠳ ᠭᠡᠷ᠎ᠡ ᠣᠯᠵᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠤᠯᠭᠠᠭᠤᠷᠢ ᠠᠵᠤ ᠦᠢᠯᠡᠰ ᠤᠨ ᠵᠠᠬ᠎ᠠ ᠳᠡᠯᠭᠡᠭᠦᠷ ᠤᠨ ᠰᠢᠨ᠎ᠡ ᠡᠩᠬᠦᠷᠡᠢ ᠠᠮᠢᠲᠠᠨ ᠪᠣᠯᠤᠭᠰᠠᠨ ᠪᠠᠶᠢᠨ᠎ᠠ᠃    ᠡᠭᠦᠨ ᠠᠴᠠ ᠭᠠᠳᠠᠨ᠎ᠠ᠂ ᠪᠥᠬᠦ ᠤᠯᠤᠰ ᠤᠨ ᠠᠩᠬᠠᠳᠠᠭᠴᠢ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠰᠢᠰᠲ᠋ᠧᠮ᠂ ᠬᠤᠪᠣᠷ ᠰᠢᠷᠣᠶ ᠶᠢᠨ ᠬᠡᠷᠡᠯ ᠡᠭᠦᠰᠭᠡᠭᠴᠢ ᠶᠢᠨ ᠣᠶᠤᠨᠴᠢ ᠭᠡᠷᠡᠯᠲᠦᠭᠦᠯᠭᠡ᠂ ᠬᠤᠪᠣᠷ ᠰᠢᠷᠣᠶ ᠶᠢᠨ DES ᠥᠩᠭᠡᠲᠦ ᠪᠤᠳᠤᠭᠲᠤ ᠤᠰᠤᠨ ᠬᠠᠯᠬᠠᠪᠴᠢ᠂ ᠬᠤᠪᠣᠷ ᠰᠢᠷᠣᠶ ᠶᠢᠨ ᠪᠠᠺᠲ᠋ᠧᠷᠢ ᠡᠰᠡᠷᠭᠦᠴᠡᠬᠦ᠂ ᠬᠤᠪᠣᠷ ᠰᠢᠷᠣᠶ ᠶᠢᠨ ᠢᠯᠴᠢ ᠬᠠᠳᠠᠭᠠᠯᠠᠬᠤ ᠳᠤᠯᠠᠭᠠᠨ ᠳᠡᠭᠡᠭᠰᠢᠯᠡᠬᠦ᠂ ᠬᠤᠪᠣᠷ ᠰᠢᠷᠣᠶ ᠶᠢᠨ ᠰᠡᠷᠢᠬᠦᠨ ᠰᠡᠷᠡᠯ ᠵᠡᠷᠭᠡ ᠨᠢᠭᠡ ᠪᠦᠯᠦᠭ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠤᠷᠰᠢᠯᠲᠠ ᠶᠢᠨ ᠲᠠᠰᠤᠭ ᠠᠴᠠ ᠵᠠᠬ᠎ᠠ ᠳᠡᠯᠭᠡᠭᠦᠷ ᠲᠡᠶᠢᠰᠢ ᠰᠢᠯᠵᠢᠭᠦᠯᠪᠡ᠃     ᠣᠳᠣᠬᠠᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢᠭᠡᠨᠲᠡ ᠰᠤᠳᠤᠯᠤᠨ ᠨᠡᠭᠡᠭᠡᠬᠦ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ᠂ ᠠᠺᠠᠳᠧᠮᠢᠴᠢ ᠶᠢᠨ ᠠᠵᠢᠯ ᠤᠨ ᠥᠷᠲᠡᠭᠡ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠵᠡᠷᠭᠡ ᠡᠯ᠎ᠡ ᠲᠥᠷᠥᠯ ᠤᠨ ᠰᠤᠳᠤᠯᠤᠨ ᠨᠡᠭᠡᠭᠡᠬᠦ ᠲᠠᠪᠴᠠᠩ 158 ᠪᠠᠶᠢᠵᠤ᠂ ᠤᠯᠤᠰ ᠤᠨ ᠳᠣᠲᠣᠭᠠᠳᠤ ᠶᠢᠨ ᠥᠨᠳᠥᠷ ᠬᠢᠷᠢ ᠲᠦᠪᠰᠢᠨ ᠪᠥᠬᠦᠶ ᠬᠤᠪᠣᠷ ᠰᠢᠷᠣᠶ ᠶᠢ ᠲᠡᠮᠦᠷᠯᠢᠭ ᠬᠠᠶᠢᠯᠤᠭᠤᠯᠬᠤ ᠶᠢ ᠰᠠᠯᠭᠠᠬᠤ᠂ ᠲᠣᠭᠲᠠᠮᠠᠯ ᠰᠣᠷᠢᠨᠵᠢᠨ ᠮᠠᠲ᠋ᠧᠷᠢᠶᠠᠯ᠂ ᠸᠠᠭᠠᠷ ᠱᠠᠭᠠᠵᠠᠩ ᠤᠨ ᠮᠠᠲ᠋ᠧᠷᠢᠶᠠᠯ᠂ ᠫᠠᠢ ᠮᠠᠲ᠋ᠧᠷᠢᠶᠠᠯ  ᠂ ᠭᠢᠯᠠᠶᠢᠯᠭᠠᠬᠤ ᠮᠠᠲ᠋ᠧᠷᠢᠶᠠᠯ ᠵᠡᠷᠭᠡ ᠰᠤᠳᠤᠯᠤᠨ ᠨᠡᠭᠡᠭᠡᠬᠦ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠰᠢᠨ᠎ᠡ ᠶᠢ ᠡᠭᠦᠳᠬᠦ ᠪᠠᠷ ᠬᠤᠪᠣᠷ ᠰᠢᠷᠣᠶ ᠶᠢᠨ ᠠᠵᠤ ᠦᠢᠯᠡᠰ ᠤᠨ ᠲᠠᠪᠠᠯᠳᠠᠳᠤ ᠬᠥᠭᠵᠢᠯᠲᠡ ᠳᠤ ᠬᠦᠴᠦᠨ ᠨᠡᠮᠡᠷᠢᠯᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号