7 ᠰᠠᠷ᠎ᠠ ᠶᠢᠨ 15 ᠤ ᠡᠳᠦᠷ ᠪᠦᠬᠦ ᠲᠠᠯ᠎ᠠ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/7/12
ᠬᠦᠨᠳᠦᠲᠦ ᠬᠤᠲᠠ ᠶᠢᠨ ᠠᠷᠠᠳ ᠨᠠᠶᠢᠵᠠ ᠨᠠᠷ ᠡ᠄    ᠪᠥᠬᠦ ᠬᠤᠲᠠ ᠶᠢᠨ ᠰᠠᠭᠤᠭᠠᠯᠢ ᠠᠷᠠᠳ ᠲᠤ ᠲᠥᠬᠦᠮ ᠦᠵᠡᠭᠦᠯᠬᠦ ᠶᠢᠨ ᠲᠥᠯᠥᠭᠡ᠂ ᠢᠯᠠᠩᠭᠤᠶ᠎ᠠ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠭᠤᠭᠠᠯᠢ ᠠᠷᠠᠳ᠂ ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠵᠦ᠂ ︽ᠬᠤᠷᠳᠤᠨ ᠳᠠᠩᠰᠠᠯᠠᠬᠤ · ᠲᠠᠨ ᠳᠤ ᠲᠠᠭᠠᠰᠢᠶᠠᠭᠳᠠᠬᠤ︾ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠬᠠᠮᠲᠤ ᠬᠤᠲᠠ ᠶᠢᠨ ᠠᠷᠠᠳ ᠨᠠᠶᠢᠵᠠ ᠨᠠᠷ ᠲᠤ ᠨᠠᠩ ᠲᠠᠭᠠᠯᠠᠮᠵᠢᠲᠠᠶ᠂ ᠥᠨᠳᠥᠷ ᠪᠦᠲᠦᠮᠵᠢᠲᠡᠶ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠵᠦ᠂ ᠪᠤᠭᠤᠲᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠨᠢ 2024 ᠣᠨ ᠤ 7 ᠳ᠋ᠤᠭᠠᠷ ᠰᠠᠷ᠎ᠠ ᠶᠢᠨ 15 ᠤ ᠡᠳᠦᠷ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠶᠢᠨ ᠬᠠᠮᠲᠤ ᠭᠠᠳᠠᠭᠰᠢ ᠨᠡᠭᠡᠭᠡᠯᠲᠡ ᠬᠢᠵᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠪᠡ᠃ ᠪᠢᠳᠡ ᠴᠣ᠋ ᠰᠢᠨ᠎ᠡ ᠳᠦᠷᠰᠦ ᠪᠠᠶᠢᠳᠠᠯ ᠪᠠ ᠲᠠᠰ ᠳᠡᠪᠰᠢᠬᠦ ᠦᠢᠯᠡᠴᠢᠯᠡᠭᠡ ᠪᠠᠷ ᠲᠠᠨ ᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠵᠠᠮ ᠳᠤ ᠴᠢᠨᠢ ᠪᠠᠲᠤᠯᠠᠭ᠎ᠠ ᠣᠯᠭᠤᠨ᠎ᠠ︕    ᠨᠢᠭᠡ᠂ ᠦᠢᠯᠡᠴᠢᠯᠡᠭᠡᠨ ᠤ ᠵᠦᠢᠯᠡᠰ    ᠶᠡᠭᠡ ᠲᠢᠩᠬᠢᠮ ᠠᠴᠠ ᠮᠠᠨ ᠤ ᠬᠤᠲᠠ ᠶᠢᠨ ᠤᠯᠤᠰ ᠤᠨ ᠥᠮᠴᠢᠯᠡᠯ ᠤᠨ ᠭᠠᠵᠠᠷ  ᠰᠢᠷᠤᠢ ᠶᠢᠨ ᠡᠯ᠎ᠡ ᠲᠥᠷᠥᠯ ᠤᠨ ᠲᠣᠭᠲᠠᠮᠠᠯ ᠬᠥᠷᠥᠩᠭᠡ ᠶᠢ ᠳᠠᠩᠰᠠᠯᠠᠬᠤ ᠲᠤᠬᠠᠢᠯᠠᠭᠰᠠᠨ ᠠᠵᠢᠯ ᠢ ᠪᠦᠬᠦ ᠲᠠᠯ᠎ᠠ ᠪᠠᠷ ᠬᠦᠯᠢᠶᠡᠨ ᠠᠪᠤᠪᠠ᠃    ᠬᠤᠶᠠᠷ᠂ ᠪᠣᠯᠵᠣᠬᠤ ᠪᠠ ᠠᠵᠢᠯᠯᠠᠬᠤ ᠴᠠᠭ    ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ  ᠭᠦᠢᠴᠡᠳᠭᠡᠭᠰᠡᠨ‌‍ᠰᠠᠭᠤᠭᠠᠯᠢ ᠠᠷᠠᠳ᠂ ᠠᠵᠤ ᠠᠬᠤᠶᠢᠯᠠᠯ ᠤᠳ ᠪᠤᠭᠤᠲᠤ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠪᠣᠯᠵᠣᠵᠤ ᠪᠣᠯᠤᠨ᠎ᠠ︔ ᠭᠠᠶᠢᠯᠢ ᠶᠢᠨ ᠪᠤᠰᠤ ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠰᠠᠭᠤᠭᠠᠯᠢ ᠠᠷᠠᠳ᠂ ᠠᠵᠤ ᠠᠬᠤᠶᠢᠯᠠᠯ ᠢ ᠳᠠᠷᠤᠶ ᠲᠦᠷᠭᠡᠨ ᠭᠦᠢᠴᠡᠳᠭᠡᠵᠦ ᠪᠣᠯᠤᠨ᠎ᠠ᠃ ᠪᠢᠳᠡᠨ ᠤ ᠠᠵᠢᠯᠯᠠᠬᠤ ᠴᠠᠭ ᠪᠣᠯ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨ᠎ᠡ 9᠄ 00 ᠠᠴᠠ 12᠄ 00᠂ ᠦᠳᠡ ᠶᠢᠨ ᠬᠤᠶᠢᠨ᠎ᠠ 13᠄ 30 ᠠᠴᠠ 17᠄ 00᠃    ᠭᠤᠷᠪᠠ᠂ ᠠᠵᠢᠯᠯᠠᠬᠤ  ᠭᠠᠵᠠᠷ    ᠶᠡᠭᠡ ᠲᠢᠩᠬᠢᠮ ᠤᠨ ᠰᠢᠨ᠎ᠡ ᠰᠠᠭᠤᠷᠢᠨ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠲᠤᠨ ᠭᠤᠤᠯ ᠤᠨ ᠶᠡᠭᠡ ᠵᠡᠭᠡᠯᠢ ᠬᠢᠭᠡᠳ ᠦᠨᠳᠦᠰᠦᠲᠡᠨ ᠤ ᠵᠡᠭᠦᠨ ᠵᠠᠮ ᠤᠨ ᠠᠭᠤᠯᠵᠠᠷ ᠤᠨ ᠪᠠᠷᠠᠭᠤᠨ ᠬᠤᠶᠢᠲᠤ ᠥᠨᠴᠥᠭ ᠤᠨ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ᠶᠢᠨ ᠬᠤᠶᠢᠲᠤ ᠲᠠᠯ᠎ᠠ ᠳᠤ ᠪᠠᠶᠢᠷᠢᠯᠠᠵᠤ᠂ 2 ᠵᠠᠮ᠂ 39 ᠵᠠᠮ ᠤᠨ ᠨᠡᠶᠢᠲᠡ ᠶᠢᠨ ᠮᠠᠰᠢᠨ ᠲᠡᠷᠭᠡ ᠨᠢ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠥᠷᠲᠡᠭᠡ ᠳᠤ ᠲᠡᠷᠭᠡᠨ ᠠᠴᠠ ᠪᠠᠭᠤᠵᠤ᠂ ᠪᠠᠷᠠᠭᠤᠨᠰᠢ 100  ᠮᠧᠲᠷ ᠠᠯᠬᠤᠨ᠎ᠠ᠃    ᠳᠥᠷᠪᠡ᠂ ᠬᠠᠯᠠᠭᠤᠨ ᠳᠣᠲᠣᠨᠣ ᠰᠠᠨᠠᠭᠤᠯᠤᠮᠵᠢ    ᠥᠷᠭᠡᠨ ᠣᠯᠠᠨ ᠬᠤᠲᠠ ᠶᠢᠨ ᠠᠷᠠᠳ ᠰᠢᠨ᠎ᠡ ᠠᠵᠢᠯᠯᠠᠬᠤ ᠬᠠᠶ᠋ᠢᠭ ᠪᠠ ᠠᠵᠢᠯᠯᠠᠬᠤ ᠴᠠᠭ ᠢ ᠦᠨᠳᠦᠰᠦᠯᠡᠨ᠂ ᠲᠠᠨ ᠤ ᠠᠵᠢᠯᠯᠠᠬᠤ ᠡᠳᠦᠷ ᠤᠨ ᠳᠠᠷᠠᠭᠠᠯᠠᠯ ᠢᠶᠠᠨ ᠵᠦᠶ ᠵᠣᠬᠢᠰᠲᠠᠶ ᠲᠣᠬᠢᠷᠠᠭᠤᠯᠵᠤ᠂ ᠴᠠᠭ ᠤᠨ ᠮᠥᠷᠭᠦᠯᠳᠦᠭᠡᠨ ᠠᠴᠠ ᠪᠣᠯᠵᠣ ᠳᠥᠭᠦᠮ ᠦᠭᠡᠢ ᠪᠣᠯᠬᠤ ᠠᠴᠠ ᠰᠡᠷᠭᠡᠶᠢᠯᠡᠨ᠎ᠡ᠃              ᠪᠤᠭᠤᠲᠤ ᠬᠤᠲᠠ ᠶᠢᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ                      2024 ᠣᠨ ᠤ 7 ᠰᠠᠷ᠎ᠠ ᠶᠢᠨ 8 ᠤ ᠡᠳᠦᠷ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号