【 ᠦᠰᠦᠭᠲᠦ ᠲᠠᠶᠢᠯᠤᠮᠵᠢ】ᠬᠤᠶᠠᠷ ᠶᠠᠮᠤᠨ ᠬᠤᠷᠢᠶ᠎ᠠ ᠶᠢᠨ ᠬᠠᠷᠢᠭᠤᠴᠠᠯᠭᠠᠲᠠᠨ ︽ᠬᠤᠪᠣᠷ ᠰᠢᠷᠣᠢ ᠶᠢᠨ ᠬᠠᠮᠢᠶᠠᠷᠤᠯᠲᠠ ᠶᠢᠨ ᠳᠦᠷᠢᠮ︾  ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2024/7/16
    6 ᠰᠠᠷ᠎ᠠ ᠶᠢᠨ 22 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 785 ᠳ᠋ᠤᠭᠠᠷ ᠲᠣᠭᠠᠲᠤ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ᠂ ︽ ᠬᠤᠪᠣᠷ ᠰᠢᠷᠣᠢ ᠶᠢᠨ ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ  ᠨᠡᠶᠢᠲᠡᠯᠡᠵᠦ᠂ 2024 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠦᠷᠦᠭᠦᠬᠡᠨ᠂  ᠬᠠᠤᠯᠢ ᠪᠠᠷᠢᠬᠤ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠠᠷᠢᠭᠤᠴᠠᠯᠭᠠᠲᠠᠨ  ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃         ᠠᠰᠠᠭᠤᠯᠳᠠ᠄ ︽ᠳᠦᠷᠢᠮ︾ ᠢ ᠨᠡᠶᠢᠲᠡᠯᠡᠨ ᠬᠡᠷᠡᠭᠵᠢᠭᠦᠯᠦᠭᠰᠡᠨ ᠠᠬᠤᠢ ᠪᠠᠶᠢᠳᠠᠯ ᠢ ᠳᠥᠭᠦᠮᠬᠡᠨ  ᠲᠠᠨᠢᠯᠴᠠᠭᠤᠯᠤᠨ᠎ᠠ ᠦᠦ︖          ᠬᠠᠷᠢᠭᠤᠯᠲᠠ᠄ ᠬᠤᠪᠣᠷ ᠰᠢᠷᠣᠢ ᠪᠣᠯ ᠣᠲᠣ ᠦᠶ᠎ᠡ ᠶᠢᠨ ᠠᠵᠤ ᠦᠢᠯᠡᠳᠪᠦᠷᠢ ᠳᠠᠬᠢ ᠳᠤᠲᠠᠭᠳᠠᠵᠤ ᠪᠣᠯᠣᠰᠢ  ᠦᠭᠡᠢ ᠴᠢᠬᠤᠯᠠ ᠡᠯᠧᠮᠧᠨ᠋ᠲ ᠪᠠ ᠵᠠᠩᠭᠢᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠮᠥᠨ᠃ ᠨᠠᠮ ᠤᠨ  ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ  ᠠᠵᠤ ᠦᠢᠯᠡᠰ ᠤᠨ ᠬᠥᠭᠵᠢᠯᠲᠡ ᠶᠢ ᠳᠡᠭᠡᠳᠦ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠬᠤᠪᠣᠷ ᠰᠢᠷᠣᠢ ᠶᠢᠨ  ᠠᠵᠢᠯ ᠲᠥᠷᠥᠯ ᠳᠤ ᠣᠷᠣᠬᠤ ᠵᠥᠪᠰᠢᠶᠡᠷᠡᠯ ᠤᠨ ᠪᠠᠷᠢᠮᠵᠢᠶ᠎ᠠ᠂ ᠠᠵᠢᠯ ᠲᠥᠷᠥᠯ ᠢ ᠡᠮᠬᠢᠯᠡᠨ ᠨᠡᠶᠢᠯᠡᠭᠦᠯᠬᠦ᠂ ᠣᠷᠴᠢᠨ  ᠠᠬᠤᠢ ᠶᠢ ᠬᠠᠮᠠᠭᠠᠯᠠᠬᠤ ᠵᠡᠷᠭᠡ ᠲᠠᠯ᠎ᠠ ᠪᠠᠷ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ  ᠨᠡᠶᠢᠲᠡᠯᠡᠨ ᠬᠡᠷᠡᠭᠵᠢᠭᠦᠯᠵᠦ᠂ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ  ᠠᠬᠢᠭᠤᠯᠤᠨ ᠪᠠᠲᠤᠯᠠᠪᠠ᠃ ᠡᠭᠦᠨ ᠤ ᠬᠠᠮᠲᠤ᠂ ᠮᠠᠨ ᠤ ᠤᠯᠤᠰ ᠤᠨ ᠬᠤᠪᠣᠷ ᠰᠢᠷᠣᠢ ᠶᠢᠨ ᠬᠠᠮᠢᠶᠠᠷᠤᠯᠲᠠ ᠳᠤ ᠪᠠᠰᠠ  ᠵᠠᠷᠢᠮ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠨ᠎ᠠ᠂ ᠪᠥᠬᠦ ᠠᠵᠤ ᠦᠢᠯᠡᠰ ᠤᠨ ᠬᠡᠯᠬᠢᠶ᠎ᠡ ᠶᠢ ᠬᠠᠮᠤᠷᠤᠭᠰᠠᠨ  ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ  ᠴᠢᠬᠤᠯᠠᠲᠠᠢ ᠪᠠᠶᠢᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠪᠠ ᠪᠣᠬᠢᠷᠲᠤᠯ ᠦᠭᠡᠢ ᠣᠶᠤᠨᠴᠢᠯᠠᠬᠤ  ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠠᠵᠢᠯ ᠲᠥᠷᠥᠯ ᠤᠨ ᠡᠮᠬᠢ ᠳᠢᠭᠯᠢᠮ ᠢ ᠤᠯᠠᠮ ᠨᠢᠭᠡ  ᠠᠯᠬᠤᠮ ᠵᠢᠷᠤᠮᠵᠢᠭᠤᠯᠬᠤ ᠴᠢᠬᠤᠯᠠᠲᠠᠢ ᠪᠠᠶᠢᠵᠤ᠂ ᠬᠠᠤᠯᠢ ᠪᠤᠰᠤ ᠪᠠᠷ ᠨᠡᠭᠡᠭᠡᠨ ᠮᠠᠯᠲᠠᠬᠤ ᠪᠤᠶᠤ ᠬᠠᠤᠯᠢ ᠪᠤᠰᠤ ᠪᠠᠷ  ᠲᠡᠮᠦᠷᠯᠢᠭ ᠬᠠᠶᠢᠯᠤᠭᠤᠯᠬᠤ ᠶᠢ ᠰᠠᠯᠭᠠᠬᠤ᠂ ᠭᠦᠢᠴᠡᠳᠬᠡᠯ ᠲᠤᠭ᠎ᠠ ᠦᠭᠡᠢ ᠪᠤᠶᠤ ᠭᠦᠢᠴᠡᠳᠬᠡᠯ ᠲᠤᠭ᠎ᠠ   ᠠᠴᠠ  ᠬᠡᠲᠦᠷᠡᠭᠦᠯᠦᠨ ᠦᠢᠯᠡᠳᠪᠦᠷᠢᠯᠡᠬᠦ᠂ ᠬᠠᠤᠯᠢ ᠪᠤᠰᠤ ᠪᠠᠷ ᠬᠤᠪᠣᠷ ᠰᠢᠷᠣᠢ ᠶᠢᠨ ᠦᠢᠯᠡᠳᠬᠦᠨ ᠬᠤᠳᠠᠯᠳᠤᠭᠠᠯᠠᠬᠤ ᠶᠢ  ᠴᠡᠭᠴᠡᠯᠡᠨ ᠵᠠᠰᠠᠬᠤ ᠵᠡᠷᠭᠡ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠠᠷᠭ᠎ᠠ ᠪᠠᠷᠢᠯ ᠨᠢ ᠬᠦᠷᠦᠯᠴᠡᠬᠦ  ᠦᠭᠡᠢ᠂ ᠰᠢᠳᠬᠡᠨ ᠲᠣᠷᠭᠠᠬᠤ ᠡᠷᠴᠢᠮ ᠨᠢ ᠬᠦᠷᠦᠯᠴᠡᠬᠦ ᠦᠭᠡᠢ ᠪᠠᠶᠢᠨ᠎ᠠ᠃ ᠡᠶᠢᠮᠦ ᠠᠴᠠ᠂ ᠵᠠᠰᠠᠭ ᠵᠠᠬᠢᠷᠭᠠᠨ ᠤ  ᠲᠤᠰᠬᠠᠢ ᠬᠠᠤᠯᠢ ᠲᠣᠭᠲᠠᠭᠠᠯ ᠢ ᠲᠣᠭᠲᠠᠭᠠᠵᠤ᠂ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠵᠤ  ᠦᠢᠯᠡᠰ ᠤᠨ ᠬᠥᠭᠵᠢᠯᠲᠡ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠴᠢᠬᠤᠯᠠᠲᠠᠢ ᠶᠤᠮ᠃          ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠣᠶᠢᠷ᠎ᠠ ᠶᠢᠨ ᠵᠢᠯ ᠤᠨ ᠲᠤᠷᠰᠢᠬᠢ ᠡᠯ᠎ᠡ ᠭᠠᠵᠠᠷ  ᠣᠷᠣᠨ ᠤ ᠬᠤᠪᠣᠷ ᠰᠢᠷᠣᠢ ᠶᠢᠨ ᠬᠠᠮᠢᠶᠠᠷᠤᠯᠲᠠ ᠶᠢᠨ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠵᠦ᠂ ᠬᠤᠯᠪᠣᠭᠳᠠᠯ  ᠪᠦᠬᠦᠢ ᠲᠠᠯ᠎ᠠ ᠶᠢᠨ ᠬᠢᠨ ᠤ ᠰᠠᠨᠠᠯ ᠢ ᠬᠤᠷᠢᠶᠠᠬᠤ ᠶᠢᠨ ᠬᠠᠮᠲᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ  ᠬᠤᠷᠢᠶᠠᠭᠰᠠᠨ ᠰᠠᠭᠤᠷᠢᠨ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶ᠎ᠠ ᠳᠤ ︽ᠳᠦᠷᠢᠮ ︵ᠲᠥᠰᠥᠯ ᠤᠨ ᠬᠦᠷᠭᠡᠨ  ᠬᠢᠨᠠᠭᠤᠯᠬᠤ ᠨᠣᠣᠷᠠᠭ︶︾ ᠢ ᠮᠡᠳᠡᠭᠦᠯᠦᠨ ᠬᠦᠷᠭᠡᠪᠡ᠃ ᠬᠠᠤᠯᠢ ᠴᠠᠭᠠᠵᠠ ᠶᠢᠨ ᠶᠠᠮᠤᠨ ᠠᠴᠠ ᠲᠥᠪ ᠤᠨ  ᠬᠤᠯᠪᠣᠭᠳᠠᠯ ᠪᠦᠬᠦᠢ ᠨᠢᠭᠡᠴᠢ᠂ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠢ  ᠥᠷᠭᠡᠨ ᠢᠶᠠᠷ ᠬᠤᠷᠢᠶᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠲᠠᠢ ᠬᠠᠮᠲᠤᠷᠠᠨ ᠪᠠᠶᠢᠴᠠᠭᠠᠨ  ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠲᠦᠷᠦᠯ ᠤᠨ  ᠨᠡᠶᠢᠭᠡᠮᠯᠢᠭ ᠪᠠ ᠲᠤᠰᠬᠠᠢ ᠮᠡᠷᠭᠡᠵᠢᠯᠲᠡᠨ ᠡᠷᠳᠡᠮᠲᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠭᠤᠣᠯᠳᠠᠯᠭ᠎ᠠ ᠲᠠᠢ  ᠠᠰᠠᠭᠤᠳᠠᠯ ᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ᠂ ︽ᠳᠦᠷᠢᠮ ︵ᠲᠥᠰᠥᠯ︶︾ ᠢ ᠵᠠᠰᠠᠵᠤ ᠪᠦᠷᠢᠯᠳᠦᠭᠦᠯᠪᠡ᠃ 2024 ᠣᠨ ᠤ 4 ᠰᠠᠷ᠎ᠠ ᠶᠢᠨ 26  ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ  ᠬᠤᠷᠠᠯ ᠠᠴᠠ︽ᠳᠦᠷᠢᠮ︵ᠲᠥᠰᠥᠯ︶︾  ᠢ ᠬᠢᠨᠠᠨ ᠵᠥᠪᠯᠡᠵᠦ ᠪᠠᠲᠤᠯᠠᠪᠠ᠃           ᠠᠰᠠᠭᠤᠯᠳᠠ᠄ ︽ᠳᠦᠷᠢᠮ︾ ᠢ ᠲᠣᠭᠲᠠᠭᠠᠭᠰᠠᠨ ᠶᠡᠷᠦᠩᠬᠡᠢ ᠰᠡᠳᠬᠢᠮᠵᠢ ᠨᠢ ᠶᠠᠭᠤ ᠪᠣᠶ︖          ᠬᠠᠷᠢᠭᠤᠯᠲᠠ᠄ ︽ᠳᠦᠷᠢᠮ︾ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ  ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠣᠣᠷᠠᠬᠢ  ᠶᠡᠷᠦᠩᠬᠡᠢ ᠰᠡᠳᠬᠢᠴᠡ ᠶᠢ ᠵᠢᠷᠤᠮᠯᠠᠨ᠎ᠠ᠄ ᠨᠢᠭᠡ ᠳᠤ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ  ᠲᠦᠪᠰᠢᠨ ᠢ ᠪᠠᠷᠢᠮᠲᠠᠯᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂  ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠠᠵᠤ  ᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ ᠬᠤᠶᠠᠷ ᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠪᠣᠷ ᠰᠢᠷᠣᠢ ᠶᠢᠨ ᠪᠥᠬᠦ ᠠᠵᠤ ᠦᠢᠯᠡᠰ ᠤᠨ  ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ᠂ ᠠᠵᠤ ᠦᠢᠯᠡᠰ ᠤᠨ  ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠ ᠳᠤ ᠳᠦᠷᠢᠮ ᠢ  ᠪᠦᠲᠦᠮᠵᠢᠲᠡᠶ ᠵᠣᠯᠭᠠᠭᠤᠯᠬᠤ ᠶᠢ ᠪᠠᠷᠢᠮᠲᠠᠯᠠᠵᠤ᠂ ︽ᠳᠦᠷᠢᠮ︾ ᠢ ᠬᠤᠪᠣᠷ ᠰᠢᠷᠣᠢ ᠶᠢᠨ ᠬᠠᠮᠢᠶᠠᠷᠤᠯᠲᠠ ᠶᠢᠨ  ᠲᠤᠰᠬᠠᠢ ᠬᠠᠷᠢᠶᠠᠯᠠᠭᠳᠠᠬᠤ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠪᠠᠶᠢᠷᠢ ᠲᠣᠭᠲᠠᠭᠠᠯᠲᠠ ᠪᠣᠯᠭᠠᠬᠤ ᠶᠢᠨ  ᠬᠠᠮᠲᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠤᠯᠢ  ᠴᠠᠭᠠᠵᠠ ᠬᠠᠤᠯᠢ ᠲᠣᠭᠲᠠᠭᠠᠯ ᠲᠠᠢ ᠰᠠᠶᠢᠲᠤᠷ ᠵᠣᠯᠭᠠᠭᠤᠯᠬᠤ ᠬᠡᠷᠡᠭᠲᠡᠢ᠃           ᠠᠰᠠᠭᠤᠯᠳᠠ᠄ ︽ᠳᠦᠷᠢᠮ︾ ᠳᠤ ᠬᠤᠪᠣᠷ ᠰᠢᠷᠣᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ  ᠲᠤᠬᠠᠢ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖       ᠬᠠᠷᠢᠭᠤᠯᠲᠠ᠄ ᠨᠢᠭᠡ ᠳᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠲᠥᠷᠥ   ᠶᠢᠨ ᠶᠠᠪᠤᠳᠠᠯ ᠤᠨ ᠬᠤᠷᠢᠶᠠᠨ ᠤ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠶᠢᠨ  ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠬᠦ ᠤᠯᠤᠰ ᠤᠨ ᠬᠤᠪᠣᠷ ᠰᠢᠷᠣᠢ ᠶᠢᠨ ᠠᠵᠢᠯ ᠲᠦᠷᠦᠯ ᠤᠨ  ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠪᠣᠷ ᠰᠢᠷᠣᠢ ᠶᠢᠨ ᠠᠵᠢᠯ ᠲᠦᠷᠦᠯ ᠤᠨ ᠬᠠᠮᠢᠶᠠᠷᠤᠯᠲᠠ ᠶᠢᠨ  ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ  ᠬᠠᠮᠢᠶᠠᠷᠬᠤ ᠰᠠᠯᠠᠭ᠎ᠠ ᠮᠥᠴᠢᠷ ᠵᠡᠷᠭᠡ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ  ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠤᠪᠣᠷ ᠰᠢᠷᠣᠢ ᠶᠢᠨ ᠬᠠᠮᠢᠶᠠᠷᠤᠯᠲᠠ ᠶᠢᠨ ᠬᠠᠮᠢᠶ᠎ᠠ  ᠪᠦᠬᠦᠢ ᠠᠵᠢᠯ ᠢ ᠰᠠᠶᠢᠳᠣᠷ ᠬᠢᠭᠦ ᠬᠡᠷᠡᠭᠳᠡᠢ︔ ᠬᠤᠶᠠᠷ ᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ  ᠬᠠᠷᠢᠭᠤᠴᠠᠯᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ  ᠲᠤᠰ ᠭᠠᠵᠠᠷ ᠣᠷᠣᠨ ᠤ ᠪᠠᠨ ᠬᠤᠪᠣᠷ ᠰᠢᠷᠣᠢ ᠶᠢᠨ ᠰᠢᠶᠠᠨ ᠤ ᠱᠠᠲᠤᠨ   ᠠᠴᠠ ᠳᠡᠭᠡᠭᠰᠢᠬᠢ ᠣᠷᠣᠨ ᠨᠤᠲᠤᠭ ᠤᠨ  ᠠᠷᠠᠳ ᠤᠨ ᠵᠠᠰᠠᠭ ᠤᠨ ᠣᠷᠳᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ  ᠵᠡᠷᠭᠡ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ  ᠠᠵᠢᠯ ᠤᠨ ᠬᠤᠪᠢᠶᠠᠷᠢᠯᠠᠯ ᠶᠣᠰᠣᠭᠠᠷ ᠬᠤᠪᠣᠷ ᠰᠢᠷᠣᠢ ᠶᠢᠨ ᠬᠠᠮᠢᠶᠠᠷᠣᠯᠳᠠ ᠶᠢᠨ ᠬᠠᠮᠢᠶ᠎ᠠ ᠪᠦᠭᠦᠢ ᠠᠵᠢᠯ ᠢ ᠬᠢᠭᠦ  ᠰᠠᠶᠢᠳᠦᠷ ᠬᠢᠭᠦ ᠬᠡᠷᠡᠭᠳᠡᠢ᠃          ᠠᠰᠠᠭᠤᠯᠳᠠ᠄ ︽ᠳᠦᠷᠢᠮ︾ ᠳᠤ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠶᠢᠨ ᠲᠣᠭᠤᠷᠢᠨ ᠳᠤ ᠶᠠᠮᠠᠷ ᠶᠠᠮᠠᠷ ᠭᠤᠣᠯ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠣᠶ︖          ᠬᠠᠷᠢᠭᠤᠯᠲᠠ᠄ ᠨᠢᠭᠡ ᠳᠤ᠂ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃  ᠤᠯᠤᠰ ᠠᠴᠠ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠨᠢᠭᠡᠳᠦᠯᠲᠡᠢ ᠲᠥᠯᠦᠪᠵᠢᠭᠦᠯᠭᠡ ᠶᠢ  ᠬᠡᠷᠡᠭᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠪᠣᠷ  ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ  ᠰᠢᠨ᠎ᠡ ᠡᠭᠦᠳᠦᠯᠲᠡ ᠶᠢ ᠲᠤᠪᠤᠶᠢᠯᠭᠠᠨ᠎ᠠ᠃ ᠤᠯᠤᠰ ᠠᠴᠠ ᠬᠤᠪᠣᠷ ᠰᠢᠷᠣᠢ ᠶᠢᠨ ᠠᠵᠤ ᠦᠢᠯᠡᠰ ᠤᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ᠂ ᠰᠢᠨ᠎ᠡ ᠲᠣᠨᠣᠭᠯᠠᠯ ᠢ ᠰᠤᠳᠤᠯᠤᠨ ᠨᠡᠭᠡᠭᠡᠬᠦ ᠪᠠ  ᠬᠡᠷᠡᠭᠯᠡᠬᠦ ᠶᠢ ᠵᠣᠷᠢᠭᠵᠢᠭᠤᠯᠤᠨ ᠲᠡᠮᠵᠢᠨ᠎ᠡ᠃ ᠠᠵᠤ ᠠᠬᠤᠶᠢᠯᠠᠯ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ᠂ ᠤᠷᠠᠨ  ᠳᠠᠷᠬ᠎ᠠ ᠶᠢ ᠠᠰᠢᠭᠯᠠᠨ ᠬᠤᠪᠣᠷ ᠰᠢᠷᠣᠢ ᠶᠢᠨ ᠬᠤᠶᠠᠳᠠᠭᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ  ᠵᠣᠷᠢᠭᠵᠢᠭᠤᠯᠤᠨ ᠲᠡᠮᠵᠢᠨ᠎ᠡ︔ ᠭᠤᠷᠪᠠ ᠳᠤ᠂ ᠪᠣᠬᠢᠷᠲᠤᠯ ᠦᠭᠡᠢ ᠬᠥᠭᠵᠢᠯᠲᠡ᠂ ᠠᠶᠤᠯᠭᠦᠢ ᠦᠢᠯᠡᠳᠪᠦᠷᠢᠯᠡᠯ ᠢ  ᠪᠡᠶᠡᠯᠡᠭᠦᠯᠦᠨ᠎ᠡ᠃ ᠬᠤᠪᠣᠷ ᠰᠢᠷᠣᠢ ᠮᠠᠯᠲᠠᠬᠤ᠂ ᠲᠡᠮᠦᠷᠯᠢᠭ ᠬᠠᠶᠢᠯᠤᠭᠤᠯᠬᠤ ᠶᠢ ᠰᠠᠯᠭᠠᠬᠤ᠂ ᠲᠡᠮᠦᠷᠯᠢᠭ  ᠬᠠᠶᠢᠯᠤᠭᠤᠯᠬᠤ᠂ ᠶᠡᠷᠦᠩᠬᠡᠶᠢᠯᠡᠨ ᠠᠰᠢᠭᠯᠠᠬᠤ ᠠᠵᠢᠯ ᠢ ᠡᠷᠬᠢᠯᠡᠵᠤ ᠪᠠᠶᠢᠭ᠎ᠠ ᠠᠵᠤ ᠠᠬᠤᠶᠢᠯᠠᠯ ᠤᠳ ᠠᠭᠤᠷᠬᠠᠢ ᠶᠢᠨ  ᠭᠠᠷᠤᠯᠲᠠ ᠶᠢᠨ ᠡᠬᠢ ᠪᠠᠶᠠᠯᠢᠭ᠂ ᠡᠨᠧᠷᠬ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠠᠷᠢᠭᠤᠨ ᠴᠡᠪᠡᠷ  ᠦᠢᠯᠡᠳᠪᠦᠷᠢᠯᠡᠬᠦ᠂ ᠠᠶᠤᠯ ᠦᠭᠡᠢ ᠦᠢᠯᠡᠳᠪᠦᠷᠢᠯᠡᠬᠦ ᠪᠠ ᠭᠠᠯ ᠤᠨᠲᠠᠷᠠᠭᠠᠬᠤ ᠶᠢᠨ ᠬᠤᠯᠪᠣᠭᠳᠠᠯ ᠪᠦᠬᠦᠢ ᠬᠠᠤᠯᠢ  ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ᠃           ᠠᠰᠠᠭᠤᠯᠳᠠ᠄ ᠬᠤᠪᠣᠷ ᠰᠢᠷᠣᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢᠨ  ᠰᠢᠰᠲ᠋ᠧᠮ ᠤᠨ ᠲᠤᠬᠠᠢ ︽ᠳᠦᠷᠢᠮ︾ ᠳᠤ ᠶᠠᠮᠠᠷ ᠶᠠᠮᠠᠷ ᠲᠠᠯ᠎ᠠ ᠪᠠᠷ ᠲᠣᠭᠲᠠᠭᠠᠯ ᠭᠠᠷᠭᠠᠭᠰᠠᠨ ᠪᠣᠶ︖          ᠬᠠᠷᠢᠭᠤᠯᠲᠠ᠄ ᠨᠢᠭᠡ ᠳᠤ᠂ ᠬᠤᠪᠣᠷ ᠰᠢᠷᠣᠢ ᠮᠠᠯᠲᠠᠬᠤ᠂ ᠲᠡᠮᠦᠷᠯᠢᠭ ᠬᠠᠶᠢᠯᠤᠭᠤᠯᠬᠤ ᠶᠢ ᠰᠠᠯᠭᠠᠬᠤ  ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ  ᠰᠠᠯᠠᠭ᠎ᠠ ᠮᠥᠴᠢᠷ ᠲᠠᠢ ᠬᠠᠮᠲᠤᠷᠠᠨ ᠬᠤᠪᠣᠷ ᠰᠢᠷᠣᠢ ᠨᠡᠭᠡᠭᠡᠨ ᠮᠠᠯᠲᠠᠬᠤ ᠠᠵᠤ ᠠᠬᠤᠶᠢᠯᠠᠯ ᠪᠠ ᠬᠤᠪᠣᠷ ᠰᠢᠷᠣᠢ  ᠬᠠᠶᠢᠯᠤᠭᠤᠯᠤᠨ ᠰᠠᠯᠭᠠᠬᠤ ᠠᠵᠤ ᠠᠬᠤᠶᠢᠯᠠᠯ ᠢ ᠲᠣᠭᠲᠠᠭᠠᠨ᠎ᠠ᠃ ᠪᠤᠰᠤᠳ ᠵᠣᠬᠢᠶᠠᠨ ᠪᠠᠶᠢᠭᠤᠯᠤᠯᠲᠠ ᠪᠣᠯᠣᠨ ᠬᠤᠪᠢ  ᠬᠥᠮᠥᠨ ᠬᠤᠪᠣᠷ ᠰᠢᠷᠣᠢ ᠮᠠᠯᠲᠠᠬᠤ ᠪᠠ ᠬᠤᠪᠣᠷ ᠰᠢᠷᠣᠢ ᠬᠠᠶᠢᠯᠤᠭᠤᠯᠬᠤ ᠶᠢ ᠰᠠᠯᠭᠠᠬᠤ ᠠᠵᠢᠯ ᠢ ᠡᠷᠭᠢᠯᠡᠵᠦ ᠪᠣᠯᠬᠤ  ᠦᠭᠡᠢ᠃ ᠬᠤᠶᠠᠷ ᠲᠤ᠂ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠳᠦᠷᠢᠮ ᠢ ᠪᠠᠶᠢᠭᠤᠯᠤᠨ᠎ᠠ᠃  ᠤᠯᠤᠰ ᠠᠴᠠ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠪᠠ ᠲᠥᠷᠥᠯ ᠵᠦᠢᠯ ᠤᠨ ᠵᠥᠷᠢᠶ᠎ᠡ᠂  ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠷᠡᠭᠴᠡᠭᠡ  ᠱᠠᠭᠠᠷᠳᠠᠯᠭ᠎ᠠ ᠵᠡᠷᠭᠡ ᠬᠦᠴᠦᠨ ᠵᠦᠢᠯ ᠢ ᠦᠨᠳᠦᠰᠦᠯᠡᠨ᠂ ᠬᠤᠪᠣᠷ ᠰᠢᠷᠣᠢ ᠶᠢ ᠨᠡᠭᠡᠭᠡᠨ ᠮᠠᠯᠲᠠᠬᠤ ᠪᠠ ᠲᠡᠮᠦᠷᠯᠢᠭ  ᠬᠠᠶᠢᠯᠤᠭᠤᠯᠬᠤ ᠶᠢ ᠰᠠᠯᠭᠠᠬᠤ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠶᠢ ᠬᠡᠷᠡᠭᠵᠢᠭᠦᠯᠬᠦ ᠶᠢᠨ ᠬᠠᠮᠲᠤ  ᠬᠥᠳᠡᠯᠦᠩᠭᠦᠢ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠭᠤᠷᠪᠠ ᠳᠤ᠂ ᠬᠤᠪᠣᠷ ᠰᠢᠷᠣᠢ ᠶᠢ ᠶᠡᠷᠦᠩᠬᠡᠶᠢᠯᠡᠨ  ᠠᠰᠢᠭᠯᠠᠬᠤ ᠶᠢ ᠵᠢᠷᠤᠮᠵᠢᠭᠤᠯᠤᠨ᠎ᠠ᠃ ᠬᠤᠪᠣᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠤᠳ  ᠬᠤᠪᠣᠷ ᠰᠢᠷᠣᠢ ᠶᠢᠨ ᠠᠭᠤᠷᠬᠠᠢ ᠶᠢᠨ ᠦᠢᠯᠡᠳᠬᠦᠨ ᠢᠶᠠᠷ ᠲᠦᠭᠦᠬᠡᠢ ᠮᠠᠲ᠋ᠧᠷᠢᠶᠠᠯ ᠪᠣᠯᠭᠠᠨ ᠦᠢᠯᠡᠳᠪᠦᠷᠢᠯᠡᠬᠦ  ᠠᠵᠢᠯᠯᠠᠭ᠎ᠠ ᠬᠢᠵᠦ ᠪᠣᠯᠬᠤ ᠦᠭᠡᠢ᠃ ᠳᠥᠷᠪᠡ ᠳᠤ᠂ ᠦᠢᠯᠡᠳᠬᠦᠨ ᠢ ᠨᠡᠬᠡᠮᠵᠢᠯᠡᠬᠦ ᠳᠦᠷᠢᠮ ᠢ ᠪᠠᠶᠢᠭᠤᠯᠤᠨ᠎ᠠ᠃  ᠬᠤᠪᠣᠷ ᠰᠢᠷᠣᠢ ᠨᠡᠭᠡᠭᠡᠨ ᠮᠠᠯᠲᠠᠬᠤ᠂ ᠲᠡᠮᠦᠷᠯᠢᠭ ᠬᠠᠶᠢᠯᠤᠭᠤᠯᠬᠤ ᠶᠢ ᠰᠠᠯᠭᠠᠬᠤ᠂ ᠲᠡᠮᠦᠷᠯᠢᠭ ᠬᠠᠶᠢᠯᠤᠭᠤᠯᠬᠤ᠂  ᠶᠡᠷᠦᠩᠬᠡᠶᠢᠯᠡᠨ ᠠᠰᠢᠭᠯᠠᠬᠤ ᠪᠠ ᠬᠤᠪᠣᠷ ᠰᠢᠷᠣᠢ ᠶᠢᠨ ᠦᠢᠯᠡᠳᠬᠦᠨ ᠢ ᠭᠠᠳᠠᠭᠠᠳᠤ ᠳᠤ ᠭᠠᠷᠭᠠᠬᠤ ᠠᠵᠤ  ᠠᠬᠤᠶᠢᠯᠠᠯ ᠤᠳ ᠬᠤᠪᠣᠷ ᠰᠢᠷᠣᠢ ᠶᠢᠨ ᠦᠢᠯᠡᠳᠬᠦᠨ ᠤ ᠭᠦᠢᠯᠭᠡᠭᠡᠨ ᠤ ᠴᠢᠭᠯᠡᠯ ᠤᠨ ᠮᠡᠳᠡᠭᠡ ᠵᠠᠩᠭᠢ ᠶᠢ ᠦᠨᠡᠨ  ᠮᠥᠨ ᠢᠶᠠᠷ ᠨᠢ ᠲᠡᠮᠳᠡᠭᠯᠡᠬᠦ ᠶᠢᠨ ᠬᠠᠮᠲᠤ ᠬᠤᠪᠣᠷ ᠰᠢᠷᠣᠢ ᠶᠢᠨ ᠦᠢᠯᠡᠳᠬᠦᠨ ᠤ ᠮᠥᠷᠳᠡᠨ ᠤᠬᠤᠴᠢᠯᠠᠬᠤ ᠮᠡᠳᠡᠭᠡ  ᠵᠠᠩᠭᠢ ᠶᠢᠨ ᠰᠢᠰᠲ᠋ᠧᠮ ᠳᠤ ᠣᠷᠣᠭᠤᠯᠬᠤ ᠬᠡᠷᠡᠭᠲᠡᠢ᠃ ᠲᠠᠪᠤ ᠳᠤ᠂ ᠭᠦᠢᠯᠭᠡᠭᠡᠨ ᠤ ᠬᠠᠮᠢᠶᠠᠷᠤᠯᠲᠠ ᠶᠢ ᠴᠢᠩᠳᠠᠯᠠᠨ᠎ᠠ᠃  ᠶᠠᠮᠠᠷᠪᠠ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠭᠡᠳ ᠬᠠᠤᠯᠢ ᠪᠤᠰᠤ ᠪᠠᠷ ᠨᠡᠭᠡᠭᠡᠨ ᠮᠠᠯᠲᠠᠭᠰᠠᠨ ᠪᠤᠶᠤ  ᠬᠠᠤᠯᠢ ᠪᠤᠰᠤ ᠪᠠᠷ ᠪᠣᠯᠪᠠᠰᠤᠷᠠᠭᠤᠯᠵᠤ ᠰᠠᠯᠭᠠᠭᠰᠠᠨ ᠬᠤᠪᠣᠷ ᠰᠢᠷᠣᠢ ᠶᠢᠨ ᠦᠢᠯᠡᠳᠬᠦᠨ ᠢ ᠬᠤᠳᠠᠯᠳᠤᠨ ᠠᠪᠬᠤ᠂  ᠪᠣᠯᠪᠠᠰᠣᠷᠠᠭᠤᠯᠬᠤ᠂ ᠪᠣᠷᠣᠯᠠᠭᠤᠯᠵᠤ᠂ ᠭᠠᠳᠠᠭᠠᠳᠤ ᠳᠤ ᠭᠠᠷᠭᠠᠵᠤ ᠪᠣᠯᠬᠤ ᠦᠭᠡᠢ᠃ ᠬᠤᠪᠣᠷ ᠰᠢᠷᠣᠢ ᠶᠢᠨ  ᠦᠢᠯᠡᠳᠬᠦᠨ ᠵᠢᠴᠢ ᠬᠤᠯᠪᠣᠭᠳᠠᠯ ᠪᠦᠬᠦᠢ ᠮᠡᠷᠭᠡᠵᠢᠯ᠂ ᠤᠷᠠᠯᠠᠯ᠂ ᠲᠣᠨᠣᠭᠯᠠᠯ ᠢ ᠭᠠᠳᠠᠭᠠᠳᠤ ᠠᠴᠠ ᠣᠷᠣᠭᠤᠯᠵᠤ  ᠭᠠᠳᠠᠭᠠᠳᠤ ᠳᠤ ᠭᠠᠷᠭᠠᠬᠤ ᠳᠤ ᠬᠤᠯᠪᠣᠭᠳᠠᠯ ᠪᠦᠬᠦᠢ ᠭᠠᠳᠠᠭᠠᠳᠤ ᠠᠷᠠᠯᠵᠢᠶ᠎ᠠ᠂ ᠭᠠᠳᠠᠭᠠᠳᠤ ᠠᠴᠠ ᠣᠷᠣᠭᠤᠯᠵᠤ  ᠭᠠᠳᠠᠭᠠᠳᠤ ᠳᠤ ᠭᠠᠷᠭᠠᠬᠤ ᠬᠠᠮᠢᠶᠠᠷᠤᠯᠲᠠ ᠶᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ  ᠲᠣᠭᠲᠠᠭᠠᠯ ᠢ ᠵᠢᠷᠤᠮᠯᠠᠬᠤ ᠬᠡᠷᠡᠭᠲᠡᠢ᠃           ᠠᠰᠠᠭᠤᠯᠳᠠ᠄ ︽ᠳᠦᠷᠢᠮ︾ ᠳᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠬᠠᠤᠯᠢ ᠶᠢᠨ  ᠬᠠᠷᠢᠭᠤᠴᠠᠯᠭ᠎ᠠ ᠶᠢᠨ ᠲᠠᠯ᠎ᠠ ᠪᠠᠷ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠤᠢ︖      ᠬᠠᠷᠢᠭᠤᠯᠲᠠ᠄ ᠨᠢᠭᠡ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠠᠵᠤ ᠦᠢᠯᠡᠳᠪᠦᠷᠢ  ᠪᠣᠯᠣᠨ ᠮᠡᠳᠡᠭᠡ ᠵᠠᠩᠭᠢᠵᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ  ᠬᠤᠯᠪᠣᠭᠳᠠᠯ ᠪᠦᠬᠦᠢ ᠰᠠᠯᠠᠭ᠎ᠠ ᠮᠥᠴᠢᠷ   ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ  ᠬᠤᠪᠣᠷ ᠰᠢᠷᠣᠢ ᠮᠠᠯᠲᠠᠬᠤ᠂ ᠲᠡᠮᠦᠷᠯᠢᠭ ᠬᠠᠶᠢᠯᠤᠭᠤᠯᠬᠤ ᠶᠢ ᠰᠠᠯᠭᠠᠬᠤ᠂ ᠲᠡᠮᠦᠷᠯᠢᠭ ᠬᠠᠶᠢᠯᠤᠭᠤᠯᠬᠤ᠂ ᠶᠡᠷᠦᠩᠬᠡᠶᠢᠯᠡᠨ  ᠠᠰᠢᠭᠯᠠᠬᠤ᠂ ᠦᠢᠯᠡᠳᠬᠦᠨ ᠭᠦᠢᠯᠭᠡᠭᠡᠬᠦ  ᠭᠠᠳᠠᠭᠠᠳᠤ ᠠᠴᠠ ᠣᠷᠣᠭᠤᠯᠵᠤ ᠭᠠᠳᠠᠭᠠᠳᠤ᢭ ᠲᠤ ᠭᠠᠷᠭᠠᠬᠤ ᠵᠡᠷᠭᠡ  ᠠᠵᠢᠯᠯᠠᠭ᠎ᠠ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ  ᠴᠠᠭ ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠳᠠᠭᠠᠨ  ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠪᠠᠶᠢᠴᠠᠭᠠᠨ  ᠦᠵᠡᠬᠦ᠂ ᠪᠠᠶᠢᠴᠠᠭᠠᠭᠳᠠᠵᠤ ᠪᠠᠶᠢᠭ᠎ᠠ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠥᠮᠥᠰ ᠠᠴᠠ ᠯᠠᠪᠯᠠᠨ  ᠠᠰᠠᠭᠤᠬᠤ᠂ ᠬᠠᠤᠯᠢ ᠶᠢ ᠵᠥᠷᠢᠴᠡᠭᠰᠡᠨ ᠰᠡᠵᠢᠭᠯᠡᠯᠲᠡᠢ ᠠᠵᠢᠯᠯᠠᠭ᠎ᠠ ᠶᠢᠨ ᠲᠠᠯᠠᠪᠤᠷ ᠲᠤ ᠣᠷᠣᠵᠤ ᠪᠠᠶᠢᠴᠠᠭᠠᠯᠲᠠ ᠬᠢᠬᠦ  ᠪᠠ ᠭᠡᠷᠡᠴᠢ ᠠᠪᠬᠤ ᠵᠡᠷᠭᠡ ᠠᠷᠭ᠎ᠠ ᠬᠡᠮᠵᠢᠶ᠎ᠡ ᠠᠪᠬᠤ ᠡᠷᠬᠡ ᠲᠠᠢ᠃ ᠬᠤᠶᠠᠷ ᠲᠤ᠂ ᠬᠠᠤᠯᠢ ᠶᠢᠨ ᠬᠠᠷᠢᠭᠤᠴᠠᠯᠭ᠎ᠠ ᠶᠢ  ᠲᠣᠳᠣᠷᠬᠠᠢ ᠪᠣᠯᠭᠠᠨ᠎ᠠ᠃ ᠬᠤᠪᠣᠷ ᠰᠢᠷᠣᠢ ᠮᠠᠯᠲᠠᠬᠤ᠂ ᠲᠡᠮᠦᠷᠯᠢᠭ ᠬᠠᠶᠢᠯᠤᠭᠤᠯᠬᠤ ᠶᠢ ᠰᠠᠯᠭᠠᠬᠤ ᠠᠵᠢᠯ ᠢ ᠬᠠᠤᠯᠢ  ᠪᠤᠰᠤ ᠪᠠᠷ ᠬᠢᠭᠰᠡᠨ᠂ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠬᠠᠮᠢᠶᠠᠷᠤᠯᠲᠠ ᠶᠢᠨ ᠲᠣᠭᠲᠠᠭᠠᠯ᠂  ᠦᠢᠯᠡᠳᠬᠦᠨ ᠢ ᠨᠡᠬᠡᠮᠵᠢᠯᠡᠬᠦ ᠳᠦᠷᠢᠮ ᠢ ᠵᠥᠷᠢᠴᠡᠭᠰᠡᠨ᠂ ᠬᠠᠤᠯᠢ ᠪᠤᠰᠤ ᠪᠠᠷ ᠮᠠᠯᠲᠠᠭᠰᠠᠨ ᠪᠤᠶᠤ ᠬᠠᠤᠯᠢ ᠪᠤᠰᠤ ᠪᠠᠷ  ᠲᠡᠮᠦᠷᠯᠢᠭ ᠬᠠᠶᠢᠯᠤᠭᠤᠯᠵᠤ ᠰᠠᠯᠭᠠᠭᠰᠠᠨ ᠬᠤᠪᠣᠷ ᠰᠢᠷᠣᠢ ᠶᠢᠨ ᠦᠢᠯᠡᠳᠬᠦᠨ ᠢ ᠬᠤᠳᠠᠯᠳᠤᠨ ᠠᠪᠤᠭᠰᠠᠨ᠂  ᠪᠣᠯᠪᠠᠰᠤᠷᠠᠭᠤᠯᠤᠭᠰᠠᠨ᠂ ᠪᠣᠷᠣᠯᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ  ᠵᠣᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠭᠲᠠᠭᠠᠪᠠ᠃ ᠡᠭᠦᠨ ᠤ ᠬᠠᠮᠲᠤ᠂ ᠬᠤᠪᠣᠷ ᠰᠢᠷᠣᠢ  ᠮᠠᠯᠲᠠᠬᠤ᠂ ᠲᠡᠮᠦᠷᠯᠢᠭ ᠬᠠᠶᠢᠯᠤᠭᠤᠯᠬᠤ ᠶᠢ ᠰᠠᠯᠭᠠᠬᠤ᠂ ᠲᠡᠮᠦᠷᠯᠢᠭ ᠬᠠᠶᠢᠯᠤᠭᠤᠯᠬᠤ᠂ ᠶᠡᠷᠦᠩᠬᠡᠶᠢᠯᠡᠨ ᠠᠰᠢᠭᠯᠠᠬᠤ  ᠠᠵᠢᠯ ᠢ ᠡᠷᠭᠢᠯᠡᠨ ᠬᠢᠵᠦ ᠪᠠᠶᠢᠭ᠎ᠠ ᠠᠵᠤ ᠠᠬᠤᠶᠢᠯᠠᠯ ᠤᠳ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ  ᠂ ᠠᠷᠢᠭᠤᠨ ᠴᠡᠪᠡᠷ ᠦᠢᠯᠡᠳᠪᠦᠷᠢᠯᠡᠬᠦ᠂ ᠠᠶᠤᠯ ᠦᠭᠡᠢ ᠦᠢᠯᠡᠳᠪᠦᠷᠢᠯᠡᠬᠦ ᠪᠠ ᠭᠠᠯ ᠤᠨᠲᠠᠷᠠᠭᠠᠬᠤ ᠬᠤᠯᠪᠣᠭᠳᠠᠯ  ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ  ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠤᠯᠢ ᠶᠣᠰᠣᠭᠠᠷ ᠰᠢᠳᠬᠡᠨ ᠲᠣᠷᠭᠠᠨ᠎ᠠ ᠭᠡᠵᠦ ᠲᠣᠭᠲᠠᠭᠠᠵᠠᠢ᠃           ᠠᠰᠠᠭᠤᠯᠳᠠ᠄ ︽ᠳᠦᠷᠢᠮ︾ ᠢ ᠬᠡᠷᠡᠭᠵᠢᠭᠦᠯᠦᠭᠰᠡᠨ ᠤ ᠳᠠᠷᠠᠭ᠎ᠠ᠂ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ  ᠰᠠᠶᠢᠲᠤᠷ ᠬᠢᠬᠦ ᠪᠣᠶ︖          ᠬᠠᠷᠢᠭᠤᠯᠲᠠ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠤᠯᠪᠣᠭᠳᠠᠯ ᠪᠦᠬᠦᠢ ᠰᠠᠯᠠᠭ᠎ᠠ  ᠮᠥᠴᠢᠷ ᠲᠠᠢ ᠬᠠᠮᠲᠤ ᠪᠠᠷ ︽ᠳᠦᠷᠢᠮ︾ ᠢ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠡ᠃ ᠨᠢᠭᠡ ᠳᠤ  ᠂ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠤᠨ᠎ᠠ᠃ ︽ᠳᠦᠷᠢᠮ︾ ᠤᠨ ᠲᠤᠰᠬᠠᠢ ᠮᠡᠷᠭᠡᠵᠢᠯ ᠤᠨ  ᠴᠢᠨᠠᠷ ᠢᠶᠠᠷ ᠨᠡᠯᠢᠶᠡᠳ ᠴᠢᠩᠭ᠎ᠠ ᠪᠠᠶᠢᠳᠠᠭ ᠣᠨᠴᠠᠯᠢᠭ ᠲᠤ ᠴᠢᠭᠯᠡᠭᠦᠯᠦᠨ᠂ ᠣᠯᠠᠨ ᠵᠦᠢᠯ ᠤᠨ ᠠᠷᠭ᠎ᠠ ᠮᠠᠶ᠋ᠢᠭ ᠢ  ᠠᠪᠴᠤ ᠪᠠᠶᠢᠭᠠᠳ ︽ᠳᠦᠷᠢᠮ︾ ᠳᠤ ᠤᠬᠠᠭᠤᠯᠭ᠎ᠠ ᠬᠢᠵᠦ᠂ ᠬᠤᠪᠣᠷ ᠰᠢᠷᠣᠢ ᠶᠢᠨ ᠬᠠᠮᠢᠶᠠᠷᠤᠯᠲᠠ ᠶᠢᠨ ᠲᠤᠰᠬᠠᠢ  ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠲᠠᠨ᠂ ᠠᠵᠤ  ᠠᠬᠤᠶᠢᠯᠠᠯ ᠵᠡᠷᠭᠡ ᠶᠢ ᠬᠠᠪᠰᠤᠷᠴᠤ ᠪᠠᠶᠢᠭᠠᠳ ︽ᠳᠦᠷᠢᠮ︾ ᠤᠨ ᠠᠭᠤᠯᠭ᠎ᠠ ᠶᠢ ᠨᠠᠩ ᠰᠠᠶᠢᠲᠤᠷ ᠡᠵᠡᠮᠰᠢᠭᠦᠯᠬᠦ  ᠬᠡᠷᠡᠭᠲᠡᠢ᠃ ᠬᠤᠶᠠᠷ ᠲᠤ᠂ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠠᠳᠬᠤᠪᠠ᠃ ︽ᠳᠦᠷᠢᠮ︾ ᠳᠤ  ᠲᠣᠭᠲᠠᠭᠠᠭᠰᠠᠨ ᠬᠤᠪᠣᠷ ᠰᠢᠷᠣᠢ ᠶᠢᠨ ᠪᠥᠬᠦ ᠬᠡᠯᠬᠢᠶᠡᠰᠦ ᠶᠢᠨ ᠬᠠᠮᠢᠶᠠᠷᠤᠯᠲᠠ ᠶᠢᠨ ᠳᠦᠷᠢᠮ ᠤᠨ ᠪᠣᠷᠣ ᠲᠥᠯᠥᠪ ᠢ  ᠦᠨᠳᠦᠰᠦᠯᠡᠨ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ  ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ  ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠳᠦᠷᠢᠮ︾ ᠢ ᠲᠤᠤᠱᠯᠠᠭᠤᠯᠤᠨ ᠬᠡᠷᠡᠭᠵᠢᠭᠦᠯᠬᠦ ᠶᠢ ᠦᠨᠡᠨᠬᠦ  ᠰᠠᠶᠢᠲᠤᠷ ᠬᠢᠬᠦ ᠬᠡᠷᠡᠭᠲᠡᠢ᠃ ᠭᠤᠷᠪᠠ ᠳᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠬᠦ ᠶᠢ  ᠠᠬᠢᠭᠤᠯᠤᠨ᠎ᠠ᠃ ︽ᠳᠦᠷᠢᠮ︾ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ ᠰᠢᠨᠵᠢᠯᠡᠬᠦ  ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠯᠭ᠎ᠠ ᠪᠣᠯᠭᠠᠵᠤ᠂ ᠠᠵᠤ ᠠᠬᠤᠶᠢᠯᠠᠯ ᠤᠨ ᠰᠢᠨ᠎ᠡ  ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ᠂ ᠰᠢᠨ᠎ᠡ ᠲᠣᠨᠤᠭ ᠲᠥᠬᠦᠭᠡᠷᠦᠮᠵᠢ ᠶᠢ  ᠰᠤᠳᠤᠯᠤᠨ ᠨᠡᠭᠡᠭᠡᠬᠦ ᠪᠠ ᠠᠵᠤ ᠦᠶᠢᠯᠡᠰᠵᠢᠭᠦᠯᠬᠦ ᠶᠢ ᠳᠡᠮᠵᠢᠵᠦ᠂ ᠠᠵᠤ ᠦᠢᠯᠡᠰ ᠤᠨ ᠳᠡᠭᠡᠳᠦ ᠦᠵᠦᠭᠦᠷᠵᠢᠬᠦ᠂  ᠣᠶᠤᠨᠴᠢᠯᠠᠬᠤ᠂ ᠪᠣᠬᠢᠷᠲᠤᠯ ᠦᠭᠡᠢ ᠪᠠᠷ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠬᠤᠪᠣᠷ  ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃  
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号