ᠤᠷᠠᠯᠢᠭ ᠤᠨ ᠰᠤᠳᠤᠯᠭᠠᠨ ᠢ ᠥᠷᠨᠢᠭᠦᠯᠵᠦ ᠤᠷᠠᠯᠢᠭ ᠤᠨ ᠷᠢᠳᠢ ᠰᠢᠳᠢ ᠶᠢ ᠮᠡᠳᠡᠷᠡᠭᠦᠯᠦᠨ᠎ᠡ
ᠨᠡᠶᠢᠲᠡᠯᠡᠭᠰᠡᠨ ᠴᠠᠭ᠄
2024/7/17
    ᠰᠤᠷᠤᠭᠴᠢᠳ ᠤᠨ ᠭᠤᠸ᠎ᠠ ᠰᠠᠶᠢᠬᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠷᠠᠯᠢᠭ ᠤᠨ ᠮᠡᠳᠡᠯᠭᠡ ᠶᠢ ᠪᠠᠶᠠᠯᠢᠭᠵᠢᠭᠤᠯᠬᠤ ᠶᠢᠨ ᠲᠥᠯᠥᠭᠡ᠂ 7 ᠰᠠᠷ᠎ᠠ ᠶᠢᠨ 14 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 500 ᠭᠠᠷᠤᠢ ᠰᠣᠷᠣᠭᠴᠢ ᠪᠣᠯᠣᠨ ᠭᠡᠷ ᠤᠨ ᠠᠬᠠᠮᠠᠳ ︽2024 ᠳᠤᠮᠳᠠᠳᠤ ᠤᠯᠤᠰ · ᠪᠤᠭᠤᠲᠤ ᠶᠢᠨ ᠤᠷᠠᠯᠢᠭ ᠤᠨ ᠦᠵᠡᠭᠦᠯᠭᠡ ᠤᠨ ᠴᠤᠭᠯᠠᠭᠠᠨ︾ ᠳᠤ ᠬᠦᠷᠴᠦ ᠤᠷᠠᠯᠢᠭ ᠤᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠤᠷᠠᠯᠢᠭ ᠤᠨ ᠦᠵᠡᠭᠦᠯᠭᠡ ᠪᠣᠯ ᠪᠣᠭᠤᠳᠣ ᠬᠤᠳᠠ ᠶᠢᠨ ᠣᠶᠢᠷ᠎ᠠ ᠶᠢᠨ ᠵᠢᠯ ᠤᠨ ᠲᠤᠷᠰᠢᠬᠢ ᠬᠠᠮᠤᠭ ᠤᠨ ᠳᠡᠭᠡᠳᠦ ᠬᠡᠮᠵᠢᠶᠡᠨ ᠤ ᠤᠷᠠᠯᠢᠭ ᠤᠨ ᠦᠪᠡᠳᠡᠭᠰᠢ ᠴᠤᠭᠯᠠᠭᠠᠨ ᠪᠣᠯᠣᠨ᠎ᠠ᠃ ᠦᠵᠡᠭᠦᠯᠭᠡ ᠳᠤ ᠲᠣᠰ ᠲᠣᠰ ᠨᠠᠷᠠᠲᠤ ᠬᠥᠮᠥᠰ ᠤᠨ ᠥᠰᠥᠭ ᠵᠢᠷᠤᠭ᠂ ᠵᠢᠷᠤᠭ ᠤᠨ ᠬᠤᠩᠭᠢᠯ ᠤᠨ ᠨᠡᠶᠢᠭᠡᠮᠯᠢᠭ᠂ ᠪᠣᠳᠠᠰ ᠤᠨ ᠪᠤᠰᠤ ᠰᠣᠶᠣᠯ ᠤᠨ ᠥᠪ ᠤᠨ ᠬᠡᠪᠯᠡᠯ ᠤᠨ ᠵᠢᠷᠤᠭ᠂ ᠬᠡᠷᠡᠯ ᠵᠢᠷᠤᠭ ᠤᠨ ᠪᠦᠲᠦᠭᠡᠯ᠂ ᠰᠣᠶᠣᠯ ᠤᠨ ᠡᠭᠦᠳᠦᠨ ᠪᠦᠲᠦᠭᠡᠯᠲᠡ ᠶᠢᠨ ᠪᠦᠲᠦᠭᠡᠯ᠂ ᠠᠷᠠᠳ ᠤᠨ ᠬᠠᠳᠠᠭᠠᠯᠠᠮᠵᠢ ᠵᠡᠷᠭᠡ 7 ᠶᠡᠭᠡ ᠲᠥᠷᠥᠯ ᠵᠦᠢᠯ  ᠲᠣᠬᠢᠷᠠᠭᠤᠯᠣᠨ 2000 ᠭᠠᠷᠤᠢ ᠪᠦᠲᠦᠭᠡᠯ ᠳᠡᠯᠭᠡᠨ ᠦᠵᠡᠭᠦᠯᠵᠦ᠂ ᠪᠥᠬᠦ ᠤᠯᠤᠰ ᠤᠨ ᠡᠯ᠎ᠡ ᠭᠠᠵᠠᠷ ᠤᠨ 145 ᠨᠠᠷᠠᠲᠤ ᠤᠷᠠᠯᠢᠭᠴᠢᠨ᠂ 46 ᠪᠠᠶᠢᠭᠤᠯᠤᠮᠵᠢ ᠨᠢ ᠷᠦᠩ ᠪᠦᠦ ᠵᠠᠢ᠂ ᠬᠠᠭᠠᠨ ᠤ ᠣᠷᠳᠣᠨ ᠤ ᠰᠣᠶᠣᠯ ᠤᠨ ᠡᠭᠦᠳᠦᠨ ᠪᠦᠲᠦᠭᠡᠯᠲᠡ᠂ ᠰᠢᠯᠢᠩ ᠲᠠᠮᠠᠭ᠎ᠠ ᠶᠢᠨ ᠬᠤᠷᠢᠶ᠎ᠠ ᠵᠡᠷᠭᠡ ᠶᠢ ᠪᠠᠭᠲᠠᠭᠠᠭᠰᠠᠨ ᠪᠤᠭᠤᠲᠤ ᠶᠢᠨ ᠣᠯᠠᠨ ᠤᠯᠤᠰ ᠤᠨ ᠬᠤᠷᠠᠯ ᠦᠵᠡᠭᠦᠯᠭᠡ ᠤᠨ ᠲᠥᠪ ᠤᠨ C ᠣᠷᠳᠣᠨ ᠳᠤ ᠴᠤᠭᠯᠠᠷᠠᠨ᠂ ᠦᠵᠡᠭᠦᠯᠭᠡ ᠶᠢᠨ ᠲᠠᠯᠠᠪᠠᠶ ᠨᠢ 5000 ᠲᠡᠭᠰᠢ ᠳᠥᠷᠪᠡᠯᠵᠢᠨ ᠮᠧᠲᠷ ᠲᠤ ᠭᠦᠷᠦᠭᠰᠡᠨ ᠪᠠᠶᠢᠨ᠎ᠠ᠃    ᠦᠵᠡᠭᠦᠯᠭᠡ ᠶᠢᠨ ᠴᠤᠭᠯᠠᠭᠠᠨ ᠤ ᠲᠤᠬᠠᠢ ᠶᠢᠨ ᠲᠠᠯᠠᠪᠠᠢ ᠳᠤ᠂ ᠰᠤᠷᠤᠭᠴᠢᠳ ᠠᠭᠠᠵᠢᠭᠤ ᠲᠠᠶᠢᠪᠣᠭᠤᠨ ᠢᠶᠠᠷ ᠤᠯᠠᠨ ᠤ ᠪᠦᠲᠦᠭᠡᠯ ᠢ ᠰᠣᠨᠢᠷᠬᠠᠵᠤ᠂ ᠤᠷᠠᠯᠢᠭ ᠤᠨ ᠶᠢᠷᠲᠢᠨᠴᠦ ᠳᠤ ᠰᠣᠭᠲᠣᠭᠤᠷᠠᠵᠤ᠂ ᠵᠢᠷᠤᠭ ᠰᠡᠭᠦᠳᠡᠷ ᠠᠪᠬᠤᠭᠤᠯᠣᠨ ᠲᠡᠮᠳᠡᠭᠯᠡᠯ ᠬᠢᠵᠡᠭᠡᠨ ᠨᠡᠩ ᠤᠯᠠᠨ ᠠᠪᠢᠶᠠᠰ ᠪᠢᠯᠢᠭ ᠪᠠ ᠰᠤᠷᠭᠠᠮᠵᠢ ᠣᠯᠬᠤ ᠶᠢ ᠬᠦᠰᠡᠨ ᠡᠷᠡᠮᠡᠯᠵᠡᠵᠦ ᠪᠠᠶᠢᠭᠰᠠᠨ ᠨᠢ ᠢᠯᠡᠷᠭᠡᠢ ᠪᠠᠶᠢᠯ᠎ᠠ᠃
   ᠤᠷᠠᠯᠢᠭ ᠤᠨ ᠦᠵᠡᠭᠦᠯᠭᠡ ᠳᠤ ᠣᠷᠣᠯᠴᠠᠭᠰᠠᠨ ᠰᠤᠷᠤᠭᠴᠢᠳ ᠤᠨ ᠬᠡᠯᠡᠬᠦ ᠪᠠᠷ᠂ ᠪᠢᠳᠡ ᠭᠡᠷ ᠤᠨ ᠡᠭᠦᠳᠡᠨ ᠳᠤ  ᠪᠠᠨ ᠡᠶᠢᠮᠦ ᠣᠯᠠᠨ ᠨᠠᠷᠠᠲᠤ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ   ᠢ ᠣᠯᠵᠣ ᠰᠣᠨᠢᠷᠬᠠᠭᠰᠠᠨ ᠮᠦᠷᠳᠡᠭᠡᠨ ᠪᠦᠲᠦᠭᠡᠯ ᠨᠢᠭᠡᠪᠦᠷᠢ ᠨᠢ ᠴᠥᠮ ᠤᠷᠠᠯᠢᠭᠴᠢᠳ ᠤᠨ ᠭᠦᠨ ᠵᠤᠵᠠᠭᠠᠨ ᠰᠠᠭᠤᠷᠢ ᠪᠠ ᠬᠢᠵᠠᠭᠠᠯᠠᠰᠢ ᠦᠭᠡᠢ ᠪᠦᠲᠦᠭᠡᠯᠴᠢ ᠰᠡᠳᠬᠢᠮᠵᠢ   ᠶᠢ ᠢᠯᠡᠷᠡᠭᠦᠯᠵᠦ᠂ ᠤᠷᠠᠯᠢᠭ ᠤᠨ ᠷᠢᠳᠢ ᠰᠢᠳᠢ ᠪᠠ ᠤᠯᠠᠮᠵᠢᠯᠠᠯᠲᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠᠶᠢᠬᠤ   ᠶᠢ ᠪᠢᠳᠡᠨ ᠳᠤ ᠮᠡᠳᠡᠷᠡᠭᠦᠯᠣᠯ᠎ᠡ ᠭᠡᠵᠡᠭᠡᠪᠡ᠃    ᠲᠣᠰ ᠤᠳᠠᠭᠠᠨ ᠤ ᠤᠷᠠᠯᠢᠭ ᠤᠨ ᠦᠵᠡᠭᠦᠯᠭᠡ ᠤᠨ ᠰᠤᠳᠤᠯᠤᠨ ᠰᠤᠷᠤᠯᠴᠠᠬᠤ ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠳ ᠢ ᠬᠢᠴᠢᠶᠡᠯ ᠤᠨ ᠲᠠᠩᠬᠢᠮ ᠠᠴᠠ ᠭᠠᠷᠭᠠᠵᠤ᠂ ᠵᠤᠭᠠᠴᠠᠨ ᠨᠠᠭᠠᠳᠬᠤ ᠳᠤᠮᠳᠠ ᠪᠠᠶᠠᠷᠳᠠᠢ ᠪᠠᠷ ᠣᠶᠢᠯᠠᠭᠠᠵᠤ᠂ ᠰᠣᠷᠣᠯᠴᠠᠭᠤᠯᠣᠨ᠂ ᠬᠠᠮᠲᠤ ᠶᠢᠨ ᠠᠵᠢᠯᠯᠠᠭᠠᠨ ᠤ ᠳᠤᠮᠳᠠ ᠰᠣᠯᠢᠯᠴᠠᠭᠤᠯᠵᠤ᠂ ᠥᠰᠬᠡᠨ ᠪᠣᠶᠢᠵᠢᠭᠤᠯᠬᠤ ᠨᠢ ᠰᠤᠷᠤᠭᠴᠢᠳ ᠤᠨ ᠤᠷᠠᠯᠢᠭ ᠤᠨ ᠬᠠᠷᠠᠭ᠎ᠠ ᠶᠢ ᠥᠷᠭᠡᠳᠬᠡᠭᠰᠡᠨ ᠢᠶᠠᠷ ᠪᠠᠷᠠᠬᠤ ᠦᠭᠡᠢ᠂ ᠰᠤᠷᠤᠭᠴᠢᠳ ᠤᠨ ᠰᠣᠶᠣᠯ ᠤᠨ ᠢᠲᠡᠭᠡᠯ ᠪᠠ ᠦᠨᠳᠦᠰᠦᠲᠡᠨ ᠤ ᠣᠮᠣᠭᠰᠢᠯ ᠢ ᠴᠤ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号