2000 + ᠠᠵᠢᠯ ᠤᠨ ᠪᠠᠶᠢᠷᠢ ᠬᠠᠩᠭᠠᠨ᠎ᠠ︕ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢᠨ ᠲᠤᠰᠬᠠᠢ ᠠᠵᠢᠯᠲᠠᠨ ᠡᠯᠰᠡᠬᠦ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/7/17
   7 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ᠂ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠲᠠᠢ ᠬᠠᠮᠲᠤᠷᠠᠨ ᠪᠤᠭᠤᠲᠤ ᠬᠤᠲᠠ ᠶᠢᠨ ᠪᠠᠷᠠᠭᠤᠨ ᠬᠡᠰᠡᠭ ᠤᠨ ᠴᠢᠳᠠᠪᠤᠷᠢᠲᠠᠨ ᠤ ᠵᠠᠬ᠎ᠠ ᠳᠡᠯᠭᠡᠭᠦᠷ ᠲᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢᠨ ᠲᠤᠰᠬᠠᠢ ᠠᠵᠢᠯᠲᠠᠨ ᠡᠯᠰᠡᠬᠦ ᠬᠤᠷᠠᠯ ᠡᠷᠭᠢᠯᠡᠪᠡ᠃
   ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 68 ᠠᠵᠤ ᠠᠬᠤᠶᠢᠯᠠᠯ ᠴᠢᠳᠠᠪᠤᠷᠢᠲᠠᠨ ᠡᠯᠰᠡᠵᠦ᠂ ᠠᠵᠤ ᠠᠬᠤᠶᠢᠯᠠᠯ ᠤᠨ ᠲᠥᠷᠥᠯ ᠵᠦᠢᠯ ᠨᠢ ᠭᠤᠣᠯᠳᠠᠭᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠰᠤᠳᠤᠯᠤᠨ ᠨᠡᠭᠡᠭᠡᠬᠦ ᠲᠥᠷᠥᠯ ᠵᠦᠢᠯ ᠢ ᠡᠭᠦᠷᠭᠡᠯᠡᠵᠦ ᠪᠠᠶᠢᠭ᠎ᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯᠣᠨ ᠰᠤᠳᠤᠯᠤᠨ ᠨᠡᠭᠡᠭᠡᠬᠦ ᠲᠠᠪᠴᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠠᠵᠤ ᠠᠬᠤᠶᠢᠯᠠᠯ ᠪᠣᠯᠣᠨ᠎ᠠ᠃ ᠤᠷᠢᠵᠤ ᠡᠯᠰᠡᠬᠦ ᠠᠵᠢᠯ ᠤᠨ ᠪᠠᠶᠢᠷᠢ ᠳᠤ ᠭᠤᠣᠯᠳᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠲᠤᠰᠠᠯᠠᠬᠤ ᠰᠤᠳᠤᠯᠭᠠᠨ᠂ ᠲᠤᠷᠰᠢᠯᠲᠠ ︵ᠢᠨᠵᠧᠨᠧᠷᠢᠩ︶ ᠶᠢᠨ ᠪᠡᠯᠡᠳᠬᠡᠮᠵᠢ ᠶᠢᠨ ᠠᠵᠢᠯᠯᠠᠭᠠᠨ ᠤ ᠬᠠᠮᠠᠭᠠᠯᠠᠯᠲᠠ ᠪᠠ ᠲᠤᠷᠰᠢᠯᠲᠠ ᠶᠢᠨ ᠮᠡᠷᠭᠡᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠴᠢ ᠡᠷᠳᠡᠮ ᠰᠢᠨᠵᠢᠯᠡᠭᠡᠨ ᠤ ᠲᠤᠰᠠᠯᠠᠭᠴᠢ ᠪᠠ ᠡᠳ᠋ ᠤᠨ ᠶᠠᠪᠤᠳᠠᠯ ᠤᠨ ᠲᠤᠰᠠᠯᠠᠭᠴᠢ ᠵᠡᠷᠭᠡ ᠠᠵᠢᠯ ᠢ ᠡᠷᠭᠢᠯᠡᠨ ᠬᠢᠵᠦ ᠪᠠᠶᠢᠭ᠎ᠠ ᠠᠵᠢᠯᠲᠠᠨ ᠵᠢᠴᠢ ᠪᠤᠰᠤᠳ ᠡᠯ᠎ᠡ ᠲᠥᠷᠥᠯ ᠤᠨ ᠠᠵᠢᠯ ᠤᠨ ᠪᠠᠶᠢᠷᠢ ᠨᠡᠶᠢᠲᠡ 2000 ᠭᠠᠷᠤᠢ ᠪᠠᠶᠢᠵᠤ᠂ ᠠᠳᠠᠯᠢ ᠪᠤᠰᠤ ᠠᠵᠢᠯ ᠡᠷᠢᠭᠰᠡᠳ ᠤᠨ ᠠᠵᠢᠯ ᠣᠯᠬᠤ ᠬᠡᠷᠡᠭᠴᠡᠭᠡ ᠶᠢ ᠬᠠᠩᠭᠠᠵᠤ ᠲᠡᠶᠢᠯᠪᠠ᠃     ᠪᠦᠷᠢᠳᠬᠡᠯ ᠢ ᠦᠨᠳᠦᠰᠦᠯᠡᠪᠡᠯ᠂ ᠲᠤᠬᠠᠢ ᠶᠢᠨ ᠡᠳᠦᠷ ᠲᠤ ᠲᠠᠯᠠᠪᠠᠶ ᠳᠤ ᠢᠷᠡᠵᠣ ᠠᠵᠢᠯ ᠡᠷᠢᠭᠰᠡᠳ 1314 ᠬᠥᠮᠥᠨ ᠳᠤ ᠬᠦᠷᠴᠦ᠂ ᠡᠭᠦᠨ ᠤ ᠳᠣᠲᠣᠷ᠎ᠠ 166 ᠬᠥᠮᠥᠨ ᠨᠢ ᠠᠵᠢᠯ ᠤᠨ ᠰᠢᠢᠳᠪᠦᠷᠢ ᠲᠠᠢ ᠪᠣᠯᠵᠣ᠂ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠶᠢ ᠦᠵᠡᠭᠰᠡᠨ ᠬᠥᠮᠥᠨ ᠤ ᠲᠤᠭ᠎ᠠ 13000 ᠬᠥᠮᠥᠨ ᠳᠤ ᠬᠦᠷᠴᠡᠢ᠃     ᠵᠠᠯᠭᠠᠭᠠᠳ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠦᠷᠭᠦᠯᠵᠢᠯᠡᠨ ᠬᠦᠴᠦᠯᠡᠵᠦ᠂ ︽ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠬᠦᠷᠭᠡᠬᠦ᠂ ᠴᠢᠳᠠᠪᠤᠷᠢᠲᠠᠨ ᠢ ᠨᠥᠭᠡᠴᠡᠯᠡᠨ ᠴᠢᠳᠠᠪᠤᠷᠢᠲᠠᠨ ᠢ ᠴᠤᠭᠯᠠᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠡᠭᠦᠷᠭᠡ ᠶᠢ ᠪᠡᠶᠡᠯᠡᠭᠦᠯᠬᠦ ᠶᠢ ᠪᠠᠲᠤᠯᠠᠭᠰᠠᠨ ᠤᠷᠢᠲᠠᠯ ᠳᠣᠣᠷ᠎ᠠ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ ᠲᠤ ᠠᠵᠢᠯ ᠣᠯᠭᠤᠬᠤ ᠠᠵᠢᠯ ᠢ ᠴᠢᠨᠠᠭᠰᠢᠳᠠ ᠭᠦᠨᠵᠡᠭᠡᠢ ᠪᠥᠭᠡᠳ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠣᠳᠣᠯᠭ᠎ᠠ ᠶᠢ ᠠᠰᠢᠭᠯᠠᠨ ᠮᠠᠨ ᠤ ᠣᠷᠣᠨ ᠳᠤ ᠴᠢᠳᠠᠪᠤᠷᠢᠲᠠᠨ ᠢ ᠳᠠᠰᠤᠷᠠᠯᠳᠠ ᠦᠭᠡᠢ ᠡᠯᠰᠡᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠨᠡᠶᠢᠭᠡᠮ ᠤᠨ ᠳᠠᠰᠤᠷᠠᠯᠳᠠ ᠦᠭᠡᠢ ᠤᠷᠤᠭᠰᠢ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号