ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠲᠡᠭᠡᠭᠡᠪᠦᠷᠢᠯᠡᠬᠦ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠵᠠᠷᠯᠠᠯ
ᠨᠡᠶᠢᠲᠡᠯᠡᠭᠰᠡᠨ ᠴᠠᠭ᠄
2024/7/17
    ᠮᠠᠨ ᠤ ᠣᠷᠣᠨ ᠤ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠲᠡᠭᠡᠭᠡᠪᠦᠷᠢᠯᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠬᠤᠲᠠ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠴᠡᠪᠡᠷ ᠲᠡᠭᠰᠢ᠂ ᠡᠮᠬᠢ ᠵᠢᠷᠤᠮ ᠲᠠᠢ ᠪᠠᠶᠢᠬᠤ ᠶᠢ ᠬᠠᠮᠠᠭᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾ ︽ᠪᠤᠭᠤᠲᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠳᠦᠷᠢᠮ︾ ︽ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠤᠰ ᠵᠠᠷᠯᠠᠯ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠭᠡᠳᠡᠭ ᠪᠣᠯ ᠪᠠᠷᠢᠯᠭ᠎ᠠ ᠪᠠᠷᠢᠬᠤ ᠨᠢᠭᠡᠴᠢ᠂ ᠪᠠᠷᠢᠯᠭ᠎ᠠ ᠪᠠᠷᠢᠬᠤ ᠨᠢᠭᠡᠴᠢ ᠶᠢᠨ ᠡᠯ᠎ᠡ ᠲᠦᠷᠦᠯ ᠤᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠬᠤᠭᠤᠯᠠᠢ ᠶᠢᠨ ᠲᠣᠣᠷ ᠵᠡᠷᠭᠡ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠨᠤᠷᠠᠭᠠᠬᠤ ᠵᠢᠴᠢ ᠰᠠᠭᠤᠭᠠᠯᠢ ᠠᠷᠠᠳ ᠤᠨ ᠭᠡᠷ ᠪᠠᠶᠢᠰᠢᠩ ᠢᠶᠠᠨ ᠵᠠᠰᠠᠵᠤ ᠴᠢᠮᠡᠭᠯᠡᠬᠦ ᠶᠠᠪᠤᠴᠠ ᠳᠤ ᠭᠠᠷᠤᠭᠰᠠᠨ ᠬᠠᠶᠠᠭᠳᠠᠮᠠᠯ ᠰᠢᠷᠣᠢ᠂ ᠬᠠᠶᠠᠭᠳᠠᠮᠠᠯ ᠮᠠᠲ᠋ᠧᠷᠢᠶᠠᠯ ᠵᠢᠴᠢ ᠪᠤᠰᠤᠳ ᠬᠠᠶᠠᠭᠳᠠᠮᠠᠯ ᠪᠣᠳᠠᠰ ᠢ ᠵᠢᠭᠠᠵᠤ ᠪᠠᠶᠢᠨ᠎ᠠ᠃   ᠬᠤᠶᠠᠷ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠨ ᠳᠠᠬᠢ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠳᠤ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ ᠪᠠ ᠬᠡᠨ ᠪᠤᠢ ᠪᠣᠯᠭᠠᠪᠠᠯ᠂ ᠬᠡᠨ ᠰᠢᠢᠳᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠵᠠᠷᠴᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃    ᠭᠤᠷᠪᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠨ ᠳᠠᠬᠢ ᠶᠠᠮᠠᠷᠪᠠ ᠨᠢᠭᠡᠴᠢ ᠪᠠ ᠬᠤᠪᠢ ᠬᠥᠮᠥᠨ ᠪᠠᠷᠢᠯᠭ᠎ᠠ ᠶᠢᠨ ᠬᠤᠭ ᠨᠣᠪᠰᠢ ᠶᠢ ᠠᠮᠢᠳᠤᠷᠠᠯ ᠤᠨ ᠬᠤᠭ ᠨᠣᠪᠰᠢ ᠳᠤ ᠬᠤᠯᠢᠯᠳᠤᠭᠤᠯᠤᠨ ᠣᠷᠣᠭᠤᠯᠵᠤ ᠪᠣᠯᠬᠤ ᠦᠭᠡᠢ ᠂ ᠠᠶᠤᠯᠲᠠᠢ ᠬᠠᠶᠠᠭᠳᠠᠮᠠᠯ ᠪᠣᠳᠠᠰ ᠢ ᠪᠠᠷᠢᠯᠭ᠎ᠠ ᠶᠢᠨ ᠬᠤᠭ ᠨᠣᠪᠰᠢ ᠳᠤ ᠬᠤᠯᠢᠯᠳᠤᠭᠤᠯᠤᠨ ᠣᠷᠣᠭᠤᠯᠵᠤ ᠪᠣᠯᠬᠤ ᠦᠭᠡᠢ᠂ ᠳᠤᠷ᠎ᠠ ᠪᠠᠷ ᠢᠶᠠᠨ ᠬᠠᠶᠠᠬᠤ ᠭᠠᠵᠠᠷ ᠭᠠᠷᠭᠠᠵᠤ ᠪᠠᠷᠢᠯᠭ᠎ᠠ ᠶᠢᠨ ᠬᠤᠭ ᠨᠣᠪᠰᠢ ᠶᠢ ᠬᠦᠯᠢᠶᠡᠨ ᠠᠪᠴᠤ ᠪᠣᠯᠬᠤ ᠦᠭᠡᠢ᠃   ᠳᠥᠷᠪᠡ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠨ ᠳᠠᠬᠢ ᠪᠠᠷᠢᠯᠭ᠎ᠠ ᠶᠢᠨ ᠬᠤᠭ ᠨᠣᠪᠰᠢ ᠶᠢ ᠭᠠᠷᠭᠠᠳᠠᠭ ᠨᠢᠭᠡᠴᠢ ᠪᠠ ᠬᠤᠪᠢ ᠬᠥᠮᠥᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠬᠡᠷᠡᠭᠲᠡᠢ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠬᠤ᠂ ᠬᠠᠶᠠᠬᠤ ᠪᠤᠶᠤ ᠣᠪᠣᠭᠠᠯᠠᠵᠤ ᠲᠠᠯᠪᠢᠵᠤ ᠪᠣᠯᠬᠤ ᠦᠭᠡᠢ᠂ ᠪᠠᠷᠢᠯᠭ᠎ᠠ ᠶᠢᠨ ᠬᠤᠭ ᠨᠣᠪᠰᠢ ᠶᠢ ᠬᠤᠪᠢ ᠬᠥᠮᠥᠨ ᠳᠤ ᠲᠤᠰᠢᠶᠠᠨ ᠥᠭᠬᠦ ᠪᠤᠶᠤ ᠵᠥᠪᠰᠢᠶᠡᠷᠡᠭᠦᠯᠦᠭᠰᠡᠨ ᠦᠭᠡᠢ ᠪᠠᠷ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ ᠨᠢᠭᠡᠴᠢ ᠳᠤ ᠲᠡᠭᠡᠭᠡᠪᠦᠷᠢᠯᠡᠵᠦ ᠪᠣᠯᠬᠤ ᠦᠭᠡᠢ᠃    ᠲᠠᠪᠤ᠂ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ ᠨᠢᠭᠡᠴᠢ ᠨᠦᠭᠦᠳ ᠨᠢᠭᠲᠠ ᠪᠢᠲᠡᠭᠦᠮᠵᠢᠯᠡᠭᠰᠡᠨ ᠲᠤᠰᠬᠠᠢ ᠲᠡᠷᠭᠡ ᠬᠥᠰᠬᠡ ᠶᠢ ᠬᠡᠷᠡᠭᠯᠡᠬᠦ ᠬᠡᠷᠡᠭᠲᠡᠢ᠃ ᠢᠯᠭᠠᠬᠤ ᠲᠡᠮᠳᠡᠭ ᠢ ᠨᠢᠭᠡᠳᠬᠡᠨ᠎ᠡ᠃ ᠵᠠᠮ ᠱᠤᠭᠤᠮ᠂ ᠴᠠᠭ ᠬᠤᠭᠤᠴᠠᠭ᠎ᠠ ᠪᠣᠯᠣᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠭᠠᠵᠠᠷ ᠢ ᠲᠡᠮᠳᠡᠭᠯᠡᠬᠦ ᠡᠯᠧᠺᠲᠷᠤᠨ ᠮᠡᠳᠡᠭᠡ ᠵᠠᠩᠭᠢ ᠶᠢᠨ ᠲᠣᠨᠣᠭᠯᠠᠯ ᠢ ᠨᠢᠭᠡᠳᠦᠯᠲᠡᠢ ᠣᠭᠰᠠᠷᠠᠨ ᠬᠡᠷᠡᠭᠯᠡᠵᠦ᠂ ᠬᠠᠷᠢᠶ᠎ᠠ ᠨᠢᠭᠡᠴᠡ ᠶᠢᠨ ᠢᠶᠠᠨ ︽ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠦᠨᠡᠮᠯᠡᠯ︾ ᠤᠨ  ᠬᠠᠭᠤᠯᠪᠣᠷᠢ ᠪᠣᠯᠣᠨ ︽ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ ᠲᠡᠷᠭᠡ ᠬᠥᠰᠬᠡ ᠶᠢ ᠳᠠᠩᠰᠠᠯᠠᠭᠤᠯᠤᠭᠰᠠᠨ ᠦᠨᠡᠮᠯᠡᠯ︾ ᠢ ᠲᠠᠩᠳᠠ ᠲᠡᠷᠭᠡᠨ ᠳᠤ ᠪᠠᠨ ᠠᠪᠴᠣ ᠶᠠᠪᠣᠬᠤ ᠶᠢᠨ ᠬᠠᠮᠳᠣ ᠲᠣᠭᠲᠠᠭᠠᠭᠰᠠᠨ ᠵᠠᠮ ᠱᠤᠭᠤᠮ᠂ ᠴᠠᠭ ᠬᠤᠭᠤᠴᠠᠭ᠎ᠠ ᠶᠢᠨ ᠶᠣᠰᠣᠭᠠᠷ ᠪᠠᠷᠢᠯᠭ᠎ᠠ ᠶᠢᠨ ᠬᠤᠭ ᠨᠣᠪᠰᠢ ᠶᠢ ᠬᠠᠤᠯᠢ ᠶᠣᠰᠣᠭᠠᠷ ᠪᠠᠶᠢᠭᠤᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠬᠠᠳᠠᠭᠠᠯᠠᠬᠤ ᠴᠢᠭ᠋᠂ ᠰᠢᠩᠭᠡᠭᠡᠬᠦ ᠲᠠᠯᠠᠪᠠᠢ᠂ ᠶᠡᠷᠦᠩᠬᠡᠶᠢᠯᠡᠨ ᠠᠰᠢᠭᠯᠠᠬᠤ ᠲᠠᠯᠠᠪᠠᠢ ᠲᠤ ᠬᠦᠷᠭᠡᠬᠦ ᠬᠡᠷᠡᠭᠲᠡᠢ᠃ ᠲᠡᠭᠡᠭᠡᠪᠦᠷᠢᠯᠡᠬᠦ ᠶᠠᠪᠤᠴᠠ ᠳᠤ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠨᠢᠭᠲᠠ ᠪᠢᠲᠡᠭᠦᠮᠵᠢᠯᠡᠵᠦ ᠴᠡᠪᠡᠷ ᠲᠡᠭᠰᠢ ᠪᠠᠶᠢᠯᠭᠠᠬᠤ ᠶᠢ ᠪᠠᠲᠤᠯᠠᠨ᠂ ᠪᠠᠷᠢᠯᠭ᠎ᠠ ᠶᠢᠨ ᠬᠤᠭ ᠨᠣᠪᠰᠢ ᠠᠰᠬᠠᠬᠤ ᠠᠴᠠ ᠰᠡᠷᠭᠡᠶᠢᠯᠡᠵᠦ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠠᠰᠬᠠᠵᠤ ᠬᠠᠶᠠᠬᠤ ᠶᠢ ᠴᠢᠩᠭ᠎ᠠ ᠴᠠᠭᠠᠵᠠᠯᠠᠨ᠎ᠠ᠃     ᠵᠢᠷᠭᠤᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠬᠢᠨᠠᠨ ᠡᠵᠡᠮᠳᠡᠵᠦ ᠰᠢᠯᠵᠢᠭᠦᠯᠦᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ   ᠠᠴᠠ ᠵᠥᠷᠢᠴᠡᠨ ᠪᠠᠷᠢᠯᠭ᠎ᠠ ᠶᠢᠨ ᠬᠤᠭ ᠨᠣᠪᠰᠢ ᠶᠢ ᠴᠢᠳᠬᠤᠭᠰᠠᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠤᠨᠠᠭᠠᠭᠰᠠᠨ᠂ ᠳᠤᠷ᠎ᠠ ᠪᠠᠷ ᠢᠶᠠᠨ ᠬᠠᠶᠠᠭᠰᠠᠨ ᠵᠡᠷᠭᠡ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠭᠤᠴᠢᠯᠠᠭᠤᠷ ᠢᠶᠠᠷ ᠳᠠᠮᠵᠢᠭᠤᠯᠤᠨ ᠢᠯᠡᠴᠢᠯᠡᠨ᠎ᠡ᠃     ᠳᠣᠯᠤᠭ᠎ᠠ᠂ ᠲᠣᠰ ᠠᠯᠪᠠᠨ ᠵᠠᠷ ᠤᠨ ᠱᠠᠭᠠᠷᠳᠠᠯᠭ᠎ᠠ ᠶᠢ ᠵᠥᠷᠢᠴᠡᠭᠰᠡᠨ ᠨᠢᠭᠡᠴᠡ ᠪᠠ ᠬᠤᠪᠢ ᠬᠥᠮᠥᠨ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠬᠦᠨᠳᠦ ᠪᠠᠷ ᠰᠢᠢᠳᠬᠡᠨ᠎ᠡ  ᠃     ᠨᠠᠢᠮᠠ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠴᠥᠮ ᠲᠤᠰ ᠠᠯᠪᠠᠨ ᠵᠠᠷ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠂ ᠥᠷᠭᠡᠨ ᠤᠯᠠᠨ ᠲᠦᠮᠡᠨ ᠤ ᠢᠳᠡᠪᠬᠢᠲᠡᠢ ᠪᠠᠷ ᠣᠷᠣᠯᠴᠠᠬᠤ ᠪᠠ ᠬᠢᠨᠠᠯᠲᠠ ᠲᠠᠯᠪᠢᠬᠤ ᠶᠢ ᠪᠠᠶᠠᠷᠯᠠᠨ ᠣᠭᠳᠣᠬᠤ ᠶᠢᠨ ᠬᠠᠮᠳᠣ ᠪᠠᠷᠢᠯᠭ᠎ᠠ ᠶᠢᠨ ᠬᠤᠭ ᠨᠣᠪᠰᠢ ᠶᠢᠨ ᠬᠦᠷᠢᠶᠡᠨ ᠤ ᠬᠠᠤᠯᠢ ᠠᠴᠠ ᠵᠥᠷᠢᠴᠡᠨ ᠰᠢᠢᠳᠪᠦᠷᠢᠯᠡᠬᠦ ᠥᠢᠯᠡ ᠠᠵᠢᠯᠯᠠᠭ᠎ᠠ ᠶᠢ ᠬᠠᠮᠲᠤᠪᠠᠷ ᠬᠤᠷᠢᠭᠯᠠᠶ᠎ᠠ᠃ ᠪᠢᠳᠡ ᠢᠯᠡᠴᠢᠯᠡᠨ ᠮᠡᠳᠡᠭᠦᠯᠦᠭᠴᠢ ᠪᠣᠯᠣᠨ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 5110025     ᠡᠭᠦᠨ ᠤ ᠲᠤᠯᠠ ᠣᠨᠴᠠᠭᠠᠶᠢᠯᠠᠨ ᠵᠠᠷᠯᠠᠪᠠ                         ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ                         ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ                         ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                                          2024 ᠳ᠋ᠦ᠋ᠭᠡᠷ ᠰᠠᠷ᠎ᠠ ᠶᠢᠨ 1 ᠤ ᠡᠳᠦᠷ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号