1-5 ᠳ᠋ᠤᠭᠠᠷ ᠰᠠᠷ᠎ᠠ ᠳᠤ ᠪᠥᠬᠦ ᠣᠷᠣᠨ ᠤ ᠠᠵᠤ ᠠᠬᠤᠶ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/7/2
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ       ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠪᠥᠬᠦ ᠣᠷᠣᠨ ᠤ ᠠᠵᠤ ᠠᠬᠤᠶ ᠶᠢᠨ ᠡᠷᠭᠢᠯᠲᠡ ᠶᠢᠨ ᠲᠣᠭᠲᠠᠭᠤᠨ ᠨᠡᠮᠡᠭᠳᠡᠯ ᠤᠨ ᠪᠠᠶᠢᠳᠠᠯ ᠢ ᠪᠠᠲᠤᠯᠠᠪᠠ᠃       ᠨᠢᠭᠡ᠂ ᠠᠵᠤ ᠦᠢᠯᠡᠳᠪᠦᠷᠢ ᠲᠣᠭᠲᠠᠭᠤᠨ ᠢᠶᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃       1-5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠪᠡ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠵᠦ᠂ ᠦᠢᠯᠡᠳᠬᠦ ᠦᠢᠯᠡᠰ 11.4% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 11.8% ᠪᠠᠷ ᠨᠡᠮᠡᠭᠳᠡᠪᠡ᠃ ᠡᠭᠦᠨ ᠳᠤ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ 51.3% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 35.0% ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 7.3% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 7.5% ᠪᠠᠷ ᠨᠡᠮᠡᠭᠳᠡᠵᠦ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 5.6% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯ ᠪᠦᠲᠦᠭᠡᠭᠳᠡᠬᠦᠨ ᠠᠴᠠ ᠦᠵᠡᠪᠡᠯ᠂ ᠨᠡᠭᠦᠷᠡᠰᠦᠨ ᠤ ᠭᠠᠷᠤᠯᠲᠠ 5.3 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 3221.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 11.7% ᠪᠠᠷ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 665.9 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 15.5% ᠪᠠᠷ ᠨᠡᠮᠡᠭᠳᠡᠪᠡ︔ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠂ ᠬᠤᠪᠣᠷ ᠰᠢᠷᠣᠶ ᠶᠢᠨ ᠨᠢᠭᠡᠳᠪᠦᠷᠢ ᠶᠢᠨ ᠭᠠᠷᠤᠯᠲᠠ ᠲᠣᠰ ᠲᠣᠰ 62.1%᠂ 97.5% ᠪᠠ 164.3% ᠨᠡᠮᠡᠭᠳᠡᠪᠡ᠃      ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠳᠠᠬᠢᠨ ᠢᠶᠠᠷ ᠨᠡᠮᠡᠭᠳᠡᠪᠡ᠃      1-5 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 15.6% ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ 5.4% ᠪᠠᠷ ᠨᠡᠮᠡᠭᠳᠡᠪᠡ︔ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 21.2% ᠢᠶᠠᠷ ᠨᠡᠮᠡᠭᠳᠡᠵᠦ᠂ ᠡᠭᠦᠨ ᠳᠤ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 20% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 2.3% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 111.1% ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 15.5% ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 7.4% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠳᠣᠲᠣᠷ᠎ᠠ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ 15.2% ᠢᠶᠠᠷ ᠨᠡᠮᠡᠭᠳᠡᠪᠡ᠃      ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠶ ᠳᠡᠭᠡᠨ ᠰᠠᠶᠢᠵᠢᠷᠠᠵᠤ᠂ ᠲᠠᠰ ᠳᠡᠪᠰᠢᠭᠰᠡᠨ ᠲᠥᠷᠥᠯ ᠤᠨ ᠬᠡᠰᠡᠭ ᠲᠠᠸᠠᠷ ᠤᠨ ᠪᠣᠷᠣᠯᠠᠭᠤᠯᠤᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃     1-5 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 2104.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 10.5% ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 1.6% ᠨᠡᠮᠡᠭᠳᠡᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 2.4% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.6% ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 19.8% ᠪᠠᠷ ᠨᠡᠮᠡᠭᠳᠡᠵᠦ᠂ ᠤᠮᠳᠠᠭᠠᠨ ᠤ ᠲᠥᠷᠥᠯ 25.3% ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠲᠥᠷᠥᠯ 14.9% ᠪᠠᠷ ᠨᠡᠮᠡᠭᠳᠡᠪᠡ᠃ ᠲᠡᠰ ᠳᠡᠪᠰᠢᠭᠦᠯᠬᠦ ᠲᠦᠷᠦᠯ ᠤᠨ ᠲᠠᠸᠠᠷ ᠤᠨ ᠪᠣᠷᠣᠯᠠᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠲᠦᠷᠦᠯ ᠤᠨ ᠲᠠᠸᠠᠷ 63.8% ᠪᠠᠷ ᠨᠡᠮᠡᠭᠳᠡᠵᠦ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ ᠤᠨ ᠬᠢ 80.4% ᠪᠠᠷ ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠰᠡᠯ ᠤᠨ ᠲᠦᠷᠦᠯ ᠤᠨ ᠬᠢ 67. 8% ᠪᠠᠷ ᠨᠡᠮᠡᠭᠳᠡᠪᠡ᠃      ᠳᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠪᠠ᠃      5 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0.2% ᠢᠶᠠᠷ ᠥᠰᠪᠡ᠂ ᠡᠭᠦᠨ ᠳᠤ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 0.2% ᠢᠶᠠᠷ ᠥᠰᠴᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 0.1% ᠪᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ ᠠᠷᠢᠬᠢ ᠲᠠᠮᠠᠬᠢᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 2.0% ᠢᠶᠠᠷ ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 1.7% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ 0.2% ᠢᠶᠠᠷ ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 2.6% ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠦᠨ᠎ᠡ ᠬᠠᠩᠰᠢ 0.1% ᠪᠠᠷ ᠥᠰᠴᠦ᠂ ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠦᠨ᠎ᠡ ᠬᠠᠩᠰᠢ 1.6% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ ᠬᠠᠩᠰᠢ 0. 3% ᠪᠠᠷ ᠥᠰᠴᠦ᠂ ᠪᠤᠰᠤᠳ ᠬᠡᠷᠡᠭᠰᠡᠯ ᠪᠠ ᠦᠢᠯᠡᠴᠢᠯᠡᠭᠡᠨ ᠤ ᠦᠨ᠎ᠡ ᠬᠠᠩᠰᠢ 5.1% ᠪᠠᠷ ᠥᠰᠴᠡᠶ᠃ 1-5 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠨᠡᠶᠢᠲᠡ 0.6% ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ 1-4 ᠳ᠋ᠤᠭᠡᠷ ᠰᠠᠷ᠎ᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ ᠪᠠᠭᠤᠷᠠᠪᠠ︔ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠨᠡᠶᠢᠲᠡ 6.2% ᠢᠶᠠᠷ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠨᠡᠶᠢᠲᠡ 4.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠣᠰ ᠲᠣᠰ 1-4 ᠳ᠋ᠤᠭᠡᠷ ᠰᠠᠷ᠎ᠠ ᠶᠢᠨ ᠬᠢ ᠠᠴᠠ 0.8 ᠪᠠ 0.9 ᠵᠠᠭᠤᠨ ᠤ ᠬᠤᠪᠢ ᠶᠢᠨ ᠴᠡᠭ ᠪᠠᠭᠠᠰᠴᠠᠶ᠃      ᠶᠡᠷᠦᠩᠬᠡᠶ ᠳᠤᠨᠢ ᠠᠪᠴᠤ ᠦᠵᠡᠪᠡᠯ᠂ 1-5 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠠᠵᠤ ᠦᠢᠯᠡᠳᠪᠦᠷᠢ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠴᠥᠮ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠪᠠ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠤᠷᠢᠳᠴᠢᠯᠠᠨ ᠬᠦᠴᠦᠯᠡᠵᠦ ᠪᠠᠶᠢᠭᠠᠳ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠵᠤ᠂ ᠪᠥᠬᠦ ᠣᠷᠣᠨ ᠤ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠶ ᠨᠡᠮᠡᠭᠳᠡᠯ ᠢ ᠦᠷᠭᠦᠯᠵᠢᠯᠡᠨ ᠠᠬᠢᠭᠤᠯᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号