ᠦᠰᠦᠭ ᠪᠢᠴᠢᠭ ᠢᠶᠠᠷ ᠲᠠᠶᠢᠯᠬᠤᠢ᠄ 1% ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠭᠡᠯ ᠤᠨ ᠨᠣᠷᠮ᠎ᠠ ᠶᠢ 2025 ᠣᠨ ᠤ ᠰᠡᠭᠦᠯᠴᠢ ᠪᠣᠯᠲᠠᠯ᠎ᠠ ᠤᠷᠲᠤᠳᠬᠠᠪᠠ
ᠨᠡᠶᠢᠲᠡᠯᠡᠭᠰᠡᠨ ᠴᠠᠭ᠄
2024/7/2
    ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 6 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠢᠶᠠᠩ ᠯᠢᠨ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 6 ᠤ ᠡᠳᠦᠷ ᠮᠡᠳᠡᠭᠡ ᠨᠡᠶᠢᠲᠡᠯᠡᠵᠦ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠱᠠᠲᠤ ᠦᠶᠡᠴᠢ ᠴᠢᠨᠠᠷᠲᠠᠶ᠂ ᠬᠠᠮ ᠬᠡᠯᠪᠡᠷᠢ ᠶᠢᠨ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠭᠡᠯ ᠤᠨ ᠨᠣᠷᠮ᠎ᠠ ᠶᠢ 1% ᠪᠣᠯᠲᠠᠯ᠎ᠠ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ 2025 ᠣᠨ ᠤ ᠡᠴᠦᠰ ᠪᠣᠯᠲᠠᠯ᠎ᠠ ᠦᠷᠭᠦᠯᠵᠢᠯᠡᠭᠦᠯᠵᠦ᠂ ᠠᠵᠢᠯᠲᠠᠨ ᠬᠠᠰᠤᠬᠤ ᠥᠬᠡᠶ ᠪᠠ ᠠᠵᠢᠯᠲᠠᠨ ᠴᠥᠭᠡᠨ ᠬᠠᠰᠤᠬᠤ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ 2024 ᠣᠨ ᠤ ᠡᠴᠦᠰ ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠠᠯᠳᠠᠯᠲᠠ ᠶᠢᠨ ᠳᠠᠭᠠᠳᠬᠠᠯ ᠤᠨ ᠵᠤᠷᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠡᠲᠡᠭᠡᠷ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠨᠢ ᠭᠤᠤᠯᠳᠠᠭᠤ ᠠᠵᠢᠯ ᠠᠯᠳᠠᠯᠲᠠ ᠶᠢᠨ ᠳᠠᠭᠠᠳᠬᠠᠯ ᠢᠶᠠᠷ ᠠᠮᠢᠳᠤᠷᠠᠯ ᠢ ᠪᠠᠲᠤᠯᠠᠬᠤ᠂ ᠠᠵᠢᠯ ᠠᠯᠳᠠᠬᠤ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ᠂ ᠪᠠᠲᠤᠯᠠᠬᠤ᠂ ᠣᠨᠣᠪᠴᠢᠲᠠᠶ ᠪᠠᠲᠤᠯᠠᠬᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠳᠡᠮᠵᠢᠬᠦ ᠶᠢᠨ ᠲᠥᠯᠥᠭᠡ ᠶᠤᠮ ᠭᠡᠵᠡᠶ᠃      ᠲᠣᠰ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠢᠨ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠪᠣᠳᠠᠲᠠᠶ ᠲᠤᠰᠢᠶᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠭᠡᠯ ᠤᠨ 60% ᠠᠴᠠ ᠬᠡᠲᠦᠷᠡᠭᠦᠯᠬᠦ ᠥᠬᠡᠶ ᠪᠠᠷ ᠪᠤᠴᠠᠭᠠᠨ ᠥᠭᠴᠦ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠤᠴᠠᠭᠠᠨ ᠥᠭᠬᠦ ᠬᠠᠷᠢᠴᠠᠯ ᠢ 30% ᠠᠴᠠ ᠬᠡᠲᠦᠷᠡᠭᠦᠯᠬᠦ ᠥᠬᠡᠶ︔ ᠪᠠᠯᠠ ᠮᠥᠩᠭᠦ ᠶᠢᠨ ᠬᠡᠷᠡᠭᠴᠡᠭᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠳᠥᠷᠪᠡᠨ ᠵᠦᠢᠯ ᠤᠨ ᠲᠣᠭᠲᠠᠪᠤᠷᠢᠲᠠᠶ ᠠᠵᠢᠯ ᠤᠨ ᠪᠠᠶᠢᠷᠢ ᠶᠢᠨ ᠵᠠᠷᠤᠯᠭ᠎ᠠ ᠠᠴᠠ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠤᠨ ᠵᠠᠷᠤᠯᠭ᠎ᠠ ᠶᠢ ᠪᠠᠭᠤᠷᠠᠭᠤᠯᠬᠤ ᠬᠦᠷᠲᠡᠯ᠎ᠡ ᠥᠷᠭᠡᠳᠬᠡᠨ᠎ᠡ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠨᠢᠭᠡᠴᠡ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ ᠭᠡᠵᠡᠢ᠃      ᠡᠭᠦᠨ ᠠᠴᠠ ᠭᠠᠳᠠᠨ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ 2024 ᠣᠨ ᠤ ᠡᠴᠦᠰ ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠪᠣᠯᠤᠭᠰᠠᠨ ᠠᠵᠤ ᠠᠬᠤᠶᠢᠯᠠᠯ ᠤᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠪᠤᠶᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠤᠭᠰᠠᠨ ᠪᠠᠶᠢᠪᠠᠯ᠂ ᠠᠩᠬ᠎ᠠ ᠵᠡᠷᠭᠡ ︵ᠲᠠᠪᠤᠳᠤᠭᠠᠷ ᠳᠡᠰ︶ ᠪᠠᠷ 1000 ᠲᠥᠭᠦᠷᠢᠭ ᠢ ᠳᠠᠪᠠᠭᠤᠯᠬᠤ ᠥᠬᠡᠶ᠂ ᠳᠤᠮᠳᠠ ᠵᠡᠷᠭᠡ ︵ᠳᠥᠷᠪᠡᠳᠦᠭᠡᠷ ᠳᠡᠰ︶ ᠪᠠᠷ 1500 ᠲᠥᠭᠦᠷᠢᠭ ᠢ ᠳᠠᠪᠠᠭᠤᠯᠬᠤ ᠥᠬᠡᠶ᠂ ᠳᠡᠭᠡᠳᠦ ᠵᠡᠷᠭᠡ ︵ᠭᠤᠷᠪᠠᠳᠤᠭᠠᠷ ᠳᠡᠰ︶ ᠪᠠᠷ 2000 ᠲᠥᠭᠦᠷᠢᠭ ᠤᠨ ᠪᠠᠷᠢᠮᠵᠢᠶ᠎ᠠ ᠪᠠᠷ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠭᠤᠶᠤᠴᠢᠯᠠᠵᠤ ᠪᠣᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号