ᠪᠥᠬᠦ ᠣᠷᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ | ᠡᠭᠦᠷᠭᠡ︾ ᠶᠢ ᠬᠦᠴᠦᠲᠡᠶ ᠠᠬᠢᠭᠤᠯᠤᠨ᠂ ︽ᠵᠢᠷᠭᠤᠭᠠᠨ ᠶᠡᠭᠡ ᠢᠨᠵᠧᠨᠧᠷᠢᠩ︾ ᠢ ᠡᠮᠬᠢ ᠵᠢᠷᠤᠮ ᠲᠠᠢ | ᠬᠡᠷᠡᠭᠵᠢᠭᠦᠯᠵᠦ᠂ ᠲᠥᠷᠥᠯ ᠵᠦᠢᠯ ᠤᠨ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ᠃ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ | ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 12% ᠢᠶᠠᠷ ᠨᠡᠮᠡᠭᠳᠡᠵᠦ᠂ ᠪᠥᠬᠦ ᠤᠯᠤᠰ ᠤᠨ | ᠳᠤᠮᠳᠠᠴᠢ ᠬᠢᠷᠢ ᠲᠦᠪᠰᠢᠨ ᠠᠴᠠ 8.1 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠤᠯᠤᠰ ᠤᠨ | ᠬᠤᠶᠠᠳᠤᠭᠠᠷ ᠲᠤ ᠯᠠᠪᠳᠠᠭᠤᠨ ᠪᠠᠶᠢᠷᠢᠯᠠᠪᠠ᠃ | ᠨᠢᠭᠡ ᠳᠤ᠂ ᠲᠠᠷᠢᠶᠠᠯᠠᠩ ᠤᠨ ᠪᠡᠯᠡ ᠣᠷᠣᠭᠤᠯᠤᠯᠲᠠ ︽ᠲᠣᠭᠲᠠᠭᠤᠨ ᠤ ᠳᠤᠮᠳᠠ ᠶᠠᠰᠤ ᠴᠢᠨᠠᠷ ᠳᠡᠭᠡᠭᠰᠢᠯᠡᠪᠡ︾ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 77% ᠪᠠᠷ ᠨᠡᠮᠡᠭᠳᠡᠵᠦ᠂ ᠪᠥᠬᠦ ᠤᠯᠤᠰ ᠤᠨ ᠨᠢᠭᠡᠳᠦᠭᠡᠷ ᠠᠵᠤ ᠦᠢᠯᠡᠰ ᠤᠨ ᠪᠠᠯᠠ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 73.9 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ᠡᠭᠦᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠲᠦᠷᠭᠡᠨ ᠬᠡᠷᠡᠭᠵᠢᠭᠦᠯᠦᠭᠰᠡᠨ | ᠳᠠᠶᠢᠴᠢᠯᠠᠯᠲᠠ ᠳᠤᠤᠷ᠎ᠠ ᠪᠥᠬᠦ ᠣᠷᠣᠨ ᠤ ᠲᠠᠷᠢᠶᠠᠯᠠᠩ ᠤᠨ ᠪᠠᠯᠠ ᠣᠷᠣᠭᠤᠯᠤᠯᠲᠠ 2.3 ᠳᠠᠬᠢᠨ ᠨᠡᠮᠡᠭᠳᠡᠪᠡ᠃ | ᠬᠤᠶᠠᠷ ᠲᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ︽ᠲᠣᠭᠲᠠᠭᠤᠨ ᠤ ᠳᠤᠮᠳᠠ | ᠰᠢᠯᠢᠳᠡᠭᠵᠢᠪᠡ︾ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠠᠷᠢᠯᠭ᠎ᠠ ᠶᠢᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 15.4% ᠪᠠᠷ ᠪᠠᠯᠠ ᠣᠷᠣᠭᠤᠯᠤᠯᠲᠠ ᠶᠢ | ᠪᠡᠶᠡᠯᠡᠭᠦᠯᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 3.4 ᠵᠠᠭᠤᠨ ᠤ ᠬᠤᠪᠢ ᠶᠢᠨ | ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 11.6 ᠵᠠᠭᠤᠨ ᠤ | ᠬᠤᠪᠢ ᠶᠢᠨ ᠴᠡᠭ ᠳᠠᠶᠢᠴᠢᠯᠠᠵᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ | ᠬᠤᠪᠢ ᠨᠡᠮᠡᠷᠢ ᠶᠢᠨ ᠨᠣᠷᠮ᠎ᠠ 96.9% ᠳᠤ ᠬᠥᠷᠪᠡ᠃ | ᠭᠤᠷᠪᠠ ᠳᠤ᠂ ᠠᠷᠠᠳ ᠤᠨ ᠪᠡᠯᠡ ᠣᠷᠣᠭᠤᠯᠤᠯᠲᠠ ︽ᠲᠣᠭᠲᠠᠭᠤᠨ ᠤ ᠳᠤᠮᠳᠠ ᠰᠠᠶᠢᠵᠢᠷᠠᠪᠠ︾ ᠳᠡᠭᠡᠷ᠎ᠡ | ᠬᠠᠭᠠᠰ ᠵᠢᠯ ᠳᠤ᠂ ᠪᠥᠬᠦ ᠣᠷᠣᠨ ᠤ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9. | 2% ᠢᠶᠠᠷ ᠨᠡᠮᠡᠭᠳᠡᠵᠦ᠂ ᠪᠥᠬᠦ ᠤᠯᠤᠰ ᠤᠨ ᠠᠷᠠᠳ ᠤᠨ ᠪᠠᠯᠠ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠠᠴᠠ 9.1 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠬᠡᠷ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ ᠶᠢᠨ ᠠᠷᠠᠳ ᠤᠨ ᠪᠠᠯᠠ ᠣᠷᠣᠭᠤᠯᠤᠯᠲᠠ 14.7% ᠪᠠᠷ ᠨᠡᠮᠡᠭᠳᠡᠵᠦ᠂ ᠪᠥᠬᠦ ᠣᠷᠣᠨ ᠤ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 2.7 ᠵᠠᠭᠤᠨ ᠤ | ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠠᠷᠠᠳ ᠤᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ | 14.2% ᠢᠶᠠᠷ ᠨᠡᠮᠡᠭᠳᠡᠵᠦ᠂ ᠪᠥᠬᠦ ᠣᠷᠣᠨ ᠤ ᠠᠷᠠᠳ ᠤᠨ ᠪᠠᠯᠠ ᠣᠷᠣᠭᠤᠯᠤᠯᠲᠠ ᠳᠤ ᠦᠵᠡᠭᠦᠯᠦᠭᠰᠡᠨ ᠬᠤᠪᠢ | ᠨᠡᠮᠡᠷᠢ ᠶᠢᠨ ᠨᠣᠷᠮ᠎ᠠ ᠲᠤᠯᠤᠭᠠᠨ ᠬᠤᠪᠢ ᠶᠢ ᠳᠠᠪᠠᠪᠠ᠃ |