ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 2533.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 5 ᠳ᠋ᠤᠭᠠᠷ | ᠰᠠᠷ᠎ᠠ ᠶᠢᠨ ᠬᠢ ᠠᠴᠠ 0.3 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠨᠢᠭᠡ᠂ ᠵᠠᠪᠠᠯ ᠬᠡᠷᠡᠭᠰᠡᠬᠦ ᠬᠡᠷᠡᠭᠯᠡᠭᠡ ᠪᠣᠯ ᠴᠢᠬᠤᠯᠠ ᠲᠤᠯᠭᠠᠭᠤᠷᠢᠯᠠᠯ ᠮᠥᠨ᠃ ᠳᠡᠭᠡᠷ᠎ᠡ ᠬᠠᠭᠠᠰ ᠵᠢᠯ ᠳᠤ᠂ | ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠢᠳᠡᠭᠡᠨ ᠤ ᠲᠥᠷᠥᠯ ᠤᠨ ᠲᠠᠸᠠᠷ ᠤᠨ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 18. 0% ᠪᠠᠷ ᠨᠡᠮᠡᠭᠳᠡᠵᠦ᠂ 1 — 5 | ᠳ᠋ᠤᠭᠠᠷ ᠰᠠᠷ᠎ᠠ ᠶᠢᠨ ᠬᠢ ᠠᠴᠠ 1.3 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠠᠮᠤ ᠲᠣᠰᠣ᠂ ᠢᠳᠡᠭᠡᠨ ᠤ ᠲᠥᠷᠥᠯ᠂ ᠤᠮᠳᠠᠭᠠᠨ ᠤ ᠲᠥᠷᠥᠯ ᠪᠠ ᠠᠷᠢᠬᠢ ᠲᠠᠮᠠᠬᠢᠨ ᠤ | ᠲᠥᠷᠥᠯ ᠲᠣᠰ ᠲᠣᠰ ᠠᠳᠠᠯᠢ ᠬᠤᠭᠤᠴᠠᠭᠠᠨ ᠤ ᠬᠢ ᠠᠴᠠ 20.5%᠂ 27. 9% ᠪᠠ 3.3% ᠪᠠᠷ ᠨᠡᠮᠡᠭᠳᠡᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ ᠨᠡᠶᠢᠲᠡ 2.4 ᠵᠠᠭᠤᠨ ᠤ | ᠬᠤᠪᠢ ᠶᠢᠨ ᠴᠡᠭ ᠳᠠᠶᠢᠴᠢᠯᠠᠵᠤ᠂ ᠳᠠᠶᠢᠴᠢᠯᠠᠬᠤ ᠦᠢᠯᠡᠳᠦᠯ ᠨᠢ 1 — 5 ᠳ᠋ᠤᠭᠠᠷ ᠰᠠᠷ᠎ᠠ ᠶᠢᠨ ᠬᠢ ᠠᠴᠠ 0.2 | ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠬᠤᠶᠠᠷ᠂ ᠳᠡᠰ ᠳᠡᠪᠰᠢᠭᠰᠡᠨ ᠬᠡᠰᠡᠭ ᠲᠥᠷᠥᠯ ᠤᠨ ᠲᠠᠸᠠᠷ ᠤᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ | ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠴᠢᠬᠤᠯᠠᠴᠢᠯᠠᠬᠤ᠂ ᠪᠣᠬᠢᠷᠲᠤᠯ ᠥᠬᠡᠶ ᠣᠷᠴᠢᠨ | ᠲᠣᠭᠤᠷᠢᠨ ᠢ ᠬᠠᠮᠠᠭᠠᠯᠠᠬᠤ ᠤᠬᠠᠮᠰᠠᠷ ᠴᠢᠩᠭᠠᠷᠠᠬᠤ ᠶᠢ ᠳᠠᠭᠠᠯᠳᠤᠨ᠂ ᠲᠠᠮᠢᠷ ᠤᠨ ᠬᠥᠳᠡᠯᠭᠡᠭᠡᠨ ᠤ ᠪᠡᠶ᠎ᠡ | ᠴᠢᠭᠢᠷᠠᠭᠵᠢᠭᠤᠯᠬᠤ ᠦᠢᠯᠡᠳᠬᠦᠨ᠂ ᠪᠣᠬᠢᠷᠲᠤᠯ ᠥᠬᠡᠶ ᠣᠶᠤᠨᠴᠢ ᠬᠡᠷ ᠤᠨ ᠴᠠᠬᠢᠯᠭᠠᠨ ᠬᠡᠷᠡᠭᠰᠡᠯ᠂ ᠰᠢᠨ᠎ᠡ | ᠡᠨᠧᠷᠭᠢ ᠶᠢᠨ ᠮᠠᠰᠢᠨ ᠲᠡᠷᠭᠡ ᠵᠡᠷᠭᠡ ᠪᠠᠷ ᠲᠥᠯᠥᠭᠡᠯᠡᠭᠦᠯᠦᠭᠰᠡᠨ ᠲᠠᠰ ᠳᠡᠪᠰᠢᠬᠦ ᠲᠥᠷᠥᠯ ᠤᠨ ᠲᠠᠸᠠᠷ ᠨᠢ | ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠪᠣᠯᠵᠠᠶ᠃ ᠳᠡᠭᠡᠷ᠎ᠡ ᠬᠠᠭᠠᠰ ᠵᠢᠯ ᠳᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ᠂ ᠴᠢᠮᠡᠭᠡ ᠬᠤᠯᠪᠣᠭᠠᠨ ᠤ ᠪᠠᠭᠠᠵᠢ | ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 93.6%᠂ 110.1% ᠪᠠᠷ | ᠨᠡᠮᠡᠭᠳᠡᠵᠦ᠂ ᠥᠨᠳᠥᠷ ᠡᠨᠧᠷᠭᠢᠲᠦ ᠲᠠᠰ ᠤᠨ ᠬᠡᠷ ᠤᠨ ᠴᠠᠬᠢᠯᠭᠠᠨ ᠬᠡᠷᠡᠭᠰᠡᠯ᠂ ᠤᠶᠤᠨᠲᠤ ᠬᠡᠷ ᠤᠨ ᠴᠠᠬᠢᠯᠭᠠᠨ | ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠲᠤᠭ᠎ᠠ 21.2% ᠢᠶᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ | ᠲᠡᠷᠭᠡ 65.1% ᠪᠠᠷ ᠨᠡᠮᠡᠭᠳᠡᠪᠡ᠃ | ᠭᠤᠷᠪᠠ᠂ ᠰᠦᠯᠵᠢᠶᠡᠨ ᠤ ᠵᠢᠵᠢᠭᠯᠡᠨ ᠪᠣᠷᠣᠯᠠᠭᠤᠯᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠪᠡ᠃ | ᠳᠡᠭᠡᠷ᠎ᠡ ᠬᠠᠭᠠᠰ ᠵᠢᠯ ᠳᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ | ᠲᠤᠬᠠᠶᠢᠯᠠᠭᠰᠠᠨ ᠠᠵᠢᠯ ᠥᠷᠨᠢᠭᠦᠯᠬᠦ ᠶᠢ ᠳᠠᠭᠠᠯᠳᠤᠨ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠴᠤ | ᠪᠣᠷᠣᠯᠠᠭᠤᠯᠭ᠎ᠠ ᠪᠠᠨ ᠠᠬᠢᠭᠤᠯᠬᠤ ᠡᠷᠴᠢᠮ ᠴᠢᠩᠭᠠᠷᠠᠵᠤ᠂ ᠪᠥᠬᠦ ᠣᠷᠣᠨ ᠤ ᠪᠣᠳᠠᠲᠤ ᠲᠠᠸᠠᠷ ᠤᠨ ᠰᠦᠯᠵᠢᠶᠡᠨ | ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 228.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 9.0% ᠪᠣᠯᠵᠣ᠂ ᠨᠢᠭᠡᠳᠦᠭᠡᠷ | ᠤᠯᠠᠷᠢᠯ ᠤᠨ ᠬᠢ ᠠᠴᠠ 0.6 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 35.1% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠡᠵᠡᠯᠡᠬᠦ ᠬᠤᠪᠢ ᠶᠢᠨ ᠵᠢᠩ ᠨᠢᠭᠡᠳᠦᠭᠡᠷ | ᠤᠯᠠᠷᠢᠯ ᠤᠨ ᠬᠢ ᠠᠴᠠ 1.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠳᠥᠷᠪᠡ᠂ ᠢᠳᠡᠭᠡᠨ ᠤᠮᠳᠠᠭᠠᠨ ᠤ ᠬᠡᠷᠡᠭᠯᠡᠭᠡ ᠲᠣᠭᠲᠠᠭᠤᠨ ᠢᠶᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ | ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠵᠦ᠂ | ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.8 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ | ᠬᠤᠷᠳᠤᠴᠠ ᠶᠢ 1.0 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠵᠦ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠶ ᠲᠤᠭ᠎ᠠ ᠠᠴᠠ 3.1 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ | ᠬᠤᠷᠳᠤᠴᠠ ᠶᠢ 0.2 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠪᠠ᠃ |