ᠸᠠᠩ ᠰᠢᠶᠤᠤ ᠶᠠᠨ᠄ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ
ᠨᠡᠶᠢᠲᠡᠯᠡᠭᠰᠡᠨ ᠴᠠᠭ᠄
2024/7/22
     ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠣᠯᠵᠣ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠦᠨᠳᠦᠰᠦᠯᠡᠨ᠂ ᠳᠡᠭᠡᠷ᠎ᠡ ᠬᠠᠭᠠᠰ ᠵᠢᠯ ᠳᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 11683 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠭᠤᠷᠪᠠᠨ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠨᠢ ᠴᠥᠮ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠠᠶ     ᠨᠢᠭᠡ᠂ ᠨᠢᠭᠡᠳᠦᠭᠡᠷ ᠠᠵᠤ ᠦᠢᠯᠡᠰ ᠤᠨ ᠬᠥᠭᠵᠢᠯᠲᠡ ᠲᠣᠭᠲᠠᠭᠤᠨ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠢᠭᠡᠳᠦᠭᠡᠷ ᠠᠵᠤ ᠦᠢᠯᠡᠰ 387 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.1% ᠨᠡᠮᠡᠭᠳᠡᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.6 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ GDP ᠳᠤ ᠡᠵᠡᠯᠡᠬᠦ ᠬᠤᠪᠢ ᠶᠢᠨ ᠵᠢᠩ ᠨᠢ 3.3% ᠪᠣᠯᠵᠣ᠂ ᠠᠵᠤ ᠠᠬᠤᠶ ᠶᠢᠨ ᠨᠡᠮᠡᠭᠳᠡᠯ ᠢ 0.2 ᠵᠠᠭᠤᠨ ᠤ ᠬᠤᠪᠢ ᠶᠢᠨ ᠴᠡᠭ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 3.7% ᠪᠣᠯᠵᠠᠶ᠃     ᠬᠤᠶᠠᠷ᠂ ᠬᠤᠶᠠᠳᠤᠭᠠᠷ ᠠᠵᠤ ᠦᠢᠯᠡᠰ ᠲᠣᠭᠲᠠᠭᠤᠨ ᠤ ᠳᠤᠮᠳᠠ ᠰᠠᠶᠢᠵᠢᠷᠠᠵᠤ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠤᠶᠠᠳᠤᠭᠠᠷ ᠠᠵᠤ ᠦᠢᠯᠡᠰ 5992 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.4 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠨᠢᠭᠡᠳᠦᠭᠡᠷ ᠤᠯᠠᠷᠢᠯ ᠤᠨ ᠬᠢ ᠠᠴᠠ 0.1 ᠵᠠᠭᠤᠨ ᠤ ᠬᠤᠪᠢ ᠶᠢᠨ ᠴᠡᠭ ᠲᠦᠷᠭᠡᠳᠴᠦ᠂ GDP ᠳᠤ ᠡᠵᠡᠯᠡᠬᠦ ᠬᠤᠪᠢ ᠶᠢᠨ ᠵᠢᠩ 51.3% ᠪᠣᠯᠵᠣ᠂ ᠠᠵᠤ ᠠᠬᠤᠶ ᠶᠢᠨ ᠨᠡᠮᠡᠭᠳᠡᠯ ᠢ 3.6 ᠵᠠᠭᠤᠨ ᠤ ᠬᠤᠪᠢ ᠶᠢᠨ ᠴᠡᠭ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 57.1% ᠪᠣᠯᠵᠠᠶ᠃ ᠡᠭᠦᠨ ᠳᠤ᠂ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠵᠦ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 43.2% ᠪᠣᠯᠵᠠᠶ︔ ᠪᠠᠷᠢᠯᠭ᠎ᠠ ᠶᠢᠨ ᠦᠢᠯᠡᠰ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 13.9% ᠪᠣᠯᠪᠠ᠃      ᠭᠤᠷᠪᠠ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠲᠦᠷᠭᠡᠳᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ 5304 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.1 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠨᠢᠭᠡᠳᠦᠭᠡᠷ ᠤᠯᠠᠷᠢᠯ ᠤᠨ ᠬᠢ ᠠᠴᠠ 0.6 ᠵᠠᠭᠤᠨ ᠤ ᠬᠤᠪᠢ ᠶᠢᠨ ᠴᠡᠭ ᠲᠦᠷᠭᠡᠳᠴᠦ᠂ ᠨᠡᠮᠡᠭᠳᠡᠯ ᠤᠨ ᠬᠤᠷᠳᠤᠴᠠ ᠨᠢ ᠭᠤᠷᠪᠠᠨ ᠠᠵᠤ ᠦᠢᠯᠡᠰ ᠤᠨ ᠳᠣᠲᠣᠷ᠎ᠠ ᠬᠠᠮᠤᠭ ᠤᠨ ᠶᠡᠭᠡ ᠪᠣᠯᠵᠠᠶ︔ GDP ᠳᠤ ᠡᠵᠡᠯᠡᠬᠦ ᠬᠤᠪᠢ ᠶᠢᠨ ᠵᠢᠩ ᠨᠢ 45.4% ᠪᠠᠶᠢᠵᠤ᠂ ᠠᠵᠤ ᠠᠬᠤᠶ ᠶᠢᠨ ᠨᠡᠮᠡᠭᠳᠡᠯ ᠢ 2.4 ᠵᠠᠭᠤᠨ ᠤ ᠬᠤᠪᠢ ᠶᠢᠨ ᠴᠡᠭ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 39.2% ᠪᠣᠯᠵᠠᠶ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠠᠵᠢᠯ ᠲᠦᠷᠦᠯ ᠲᠦᠷᠭᠡᠨ ᠨᠡᠮᠡᠭᠳᠡᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 19.6% ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 6.6 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号