ᠡᠨᠡ ᠵᠢᠯ ᠠᠴᠠ ᠨᠠᠰᠢ᠂ ᠪᠥᠬᠦ ᠣᠷᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠵᠤ᠂ ᠦᠢᠯᠡᠳᠬᠦ ᠦᠢᠯᠡᠰ ᠢ ᠳᠡᠭᠡᠳᠦ ᠳᠡᠰᠵᠢᠬᠦᠯᠬᠦ᠂ | ᠤᠶᠤᠨᠴᠢᠯᠠᠬᠤ᠂ ᠪᠣᠬᠢᠷᠲᠤᠯ ᠥᠬᠡᠶ ᠪᠣᠯᠭᠠᠬᠤ ᠬᠥᠭᠵᠢᠯᠲᠡ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠣᠯᠵᠤ᠂ | ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠥᠭᠡᠳ ᠰᠠᠶᠢᠵᠢᠷᠠᠬᠤ ᠬᠠᠨᠳᠤᠰᠢ ᠲᠠᠢ | ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠪᠥᠬᠦ ᠤᠯᠤᠰ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 1.5 ᠵᠠᠭᠤᠨ ᠤ | ᠬᠤᠪᠢ ᠶᠢᠨ ᠴᠡᠭ ᠥᠨᠳᠥᠷ ᠪᠣᠯᠪᠠ᠃ | ᠨᠢᠭᠡ᠂ ᠭᠤᠷᠪᠠᠨ ᠶᠡᠭᠡ ᠲᠦᠷᠦᠯ ᠵᠣᠬᠢᠴᠠᠯᠳᠤᠨ ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠳᠡᠭᠡᠷ᠎ᠡ | ᠬᠠᠭᠠᠰ ᠵᠢᠯ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠦ᠂ ᠦᠢᠯᠡᠳᠬᠦ ᠦᠢᠯᠡᠰ 11.0% ᠨᠡᠮᠡᠭᠳᠡᠵᠦ᠂ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 11.5% ᠨᠡᠮᠡᠭᠳᠡᠵᠦ᠂ ᠲᠣᠰ ᠲᠣᠰ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠭᠤᠷᠪᠠᠨ ᠶᠡᠭᠡ ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠠᠴᠠ 1.7᠂ 4.5 ᠪᠠ | 5.5 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ 37 ᠠᠵᠢᠯ ᠲᠥᠷᠥᠯ ᠤᠨ ᠶᠡᠭᠡ ᠲᠥᠷᠥᠯ ᠳᠣᠲᠣᠷ᠎ᠠ᠂ 25 ᠠᠵᠢᠯ ᠲᠥᠷᠥᠯ ᠤᠨ ᠨᠡᠮᠡᠭᠳᠡᠯ | ᠥᠷᠲᠡᠭ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 67.6% ᠪᠣᠯᠪᠠ᠃ | ᠬᠤᠶᠠᠷ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠤᠨ ᠬᠤᠷᠳᠤᠴᠠ ᠲᠦᠷᠭᠡᠳᠪᠡ᠃ ᠳᠡᠭᠡᠷ᠎ᠡ ᠬᠠᠭᠠᠰ | ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ 2023 ᠣᠨ ᠤ 5 ᠰᠠᠷ᠎ᠠ ᠠᠴᠠ ᠨᠠᠰᠢᠬᠢ ᠬᠠᠮᠤᠭ ᠤᠨ ᠥᠨᠳᠥᠷ | ᠲᠦᠪᠰᠢᠨ ᠳᠤ ᠬᠥᠷᠪᠡ᠃ ᠭᠤᠤᠯ ᠪᠣᠯᠬᠤ ᠠᠵᠢᠯ ᠲᠥᠷᠥᠯ ᠤᠨ ᠳᠣᠲᠣᠷ᠎ᠠ᠂ ᠨᠡᠭᠦᠷᠡᠰᠦ ᠮᠠᠯᠲᠠᠬᠤ ᠪᠠ ᠤᠬᠢᠶᠠᠵᠤ | ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠦ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 1.9 ᠵᠠᠭᠤᠨ ᠤ ᠬᠤᠪᠢ ᠶᠢᠨ | ᠴᠡᠭ ᠢᠶᠠᠷ ᠳᠠᠶᠢᠴᠢᠯᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 25.2% ᠪᠠᠶᠢᠵᠤ᠂ ᠠᠵᠤ ᠦᠢᠯᠡᠳᠪᠦᠷᠢ ᠶᠢᠨ ᠨᠡᠮᠡᠭᠳᠡᠯ ᠢ | ᠳᠠᠶᠢᠴᠢᠯᠠᠬᠤ ᠴᠢᠬᠤᠯᠠ ᠬᠦᠴᠦᠨ ᠪᠣᠯᠵᠠᠶ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠨᠡᠭᠦᠷᠡᠰᠦᠨ ᠤ | ᠭᠠᠷᠤᠯᠲᠠ 6.3 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠃ | | ᠭᠤᠷᠪᠠ᠂ ᠦᠢᠯᠡᠳᠬᠦ ᠦᠢᠯᠡᠰ ᠴᠢᠨᠠᠷᠯᠢᠭ ᠬᠥᠭᠵᠢᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ 2023 ᠣᠨ ᠤ 4 ᠰᠠᠷ᠎ᠠ ᠠᠴᠠ | ᠨᠠᠭᠠᠰᠢᠬᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠪᠡ᠃ ᠨᠢᠭᠡ ᠳᠤ᠂ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠲᠦᠷᠭᠡᠨ ᠪᠣᠯᠵᠣ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 41.3% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ | ᠬᠢᠷᠢ ᠲᠦᠪᠰᠢᠨ ᠠᠴᠠ 33.8 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠺᠣᠮᠫᠢᠦ᠋ᠲ᠋ᠧᠷ᠂ | ᠴᠢᠮᠡᠭᠡ ᠬᠤᠯᠪᠣᠭ᠎ᠠ ᠪᠣᠯᠤᠨ ᠪᠤᠰᠤᠳ ᠡᠯᠧᠺᠳ᠋ᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 58. 8% ᠪᠠᠷ ᠨᠡᠮᠡᠭᠳᠡᠵᠦ᠂ ᠴᠠᠬᠢᠯᠭᠠᠨ ᠮᠧᠬᠠᠨᠢᠭ ᠪᠣᠯᠤᠨ ᠪᠠᠭᠠᠵᠢ ᠬᠡᠷᠡᠭᠰᠡᠯ | ᠦᠢᠯᠡᠳᠬᠦ ᠦᠢᠯᠡᠰ 44.2% ᠢᠶᠠᠷ ᠨᠡᠮᠡᠭᠳᠡᠪᠡ᠃ ᠬᠤᠶᠠᠷ ᠲᠤ᠂ ᠳᠡᠭᠡᠳᠦ ᠲᠠᠰ ᠤᠨ ᠦᠢᠯᠡᠳᠬᠦ ᠠᠯᠬᠤᠴᠠ | ᠲᠦᠷᠭᠡᠳᠴᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 32.4% ᠨᠡᠮᠡᠭᠳᠡᠵᠦ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 24.9 ᠵᠠᠭᠤᠨ ᠤ | ᠬᠤᠪᠢ ᠶᠢᠨ ᠴᠡᠭ ᠥᠨᠳᠥᠷ ᠪᠣᠯᠪᠠ᠃ ᠭᠤᠷᠪᠠ ᠳᠤ᠂ ᠬᠡᠷᠡᠯ ᠴᠡᠨᠡᠭ ᠤᠨ ᠦᠢᠯᠡᠳᠬᠦᠨ ᠤ ᠨᠡᠮᠡᠭᠳᠡᠯ ᠤᠨ ᠬᠠᠨᠳᠤᠰᠢ | ᠰᠠᠶᠢᠨ ᠪᠠᠶᠢᠵᠤ᠂ ᠭᠤᠤᠯ ᠪᠣᠯᠬᠤ ᠲᠦᠭᠦᠬᠡᠶ ᠮᠠᠲ᠋ᠧᠷᠢᠶᠠᠯ ᠤᠨ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ | ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 62.3% ᠪᠠ 1.1 ᠳᠠᠬᠢᠨ ᠨᠡᠮᠡᠭᠳᠡᠵᠦ | ᠂ ᠦᠵᠦᠭᠦᠷ ᠤᠨ ᠦᠢᠯᠡᠳᠬᠦᠨ ᠤ ᠨᠡᠷᠡᠨ ᠡᠨᠧᠷᠭᠢ ᠶᠢᠨ ᠳ᠋ᠢᠶᠠᠨ ᡂᠢ ᠶᠢᠨ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 11.4 ᠳᠠᠬᠢᠨ ᠨᠡᠮᠡᠭᠳᠡᠪᠡ᠃ |