ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 2024 ᠣᠨ ᠤ ᠬᠤᠶᠠᠳᠤᠭᠠᠷ ᠤᠯᠠᠷᠢᠯ ᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
    ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠠᠬᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠡᠮᠦᠨ᠎ᠡ ᠦᠵᠦᠭᠦᠷ ᠤᠨ ᠲᠥᠬᠦᠭᠡᠷᠦᠮᠵᠢ ᠶᠢ ᠲᠠᠯᠪᠢᠬᠤ᠂ ᠴᠤᠭᠯᠠᠭᠤᠯᠬᠤ᠂ ᠰᠢᠢᠳᠪᠦᠷᠢᠯᠡᠬᠦ ᠵᠡᠷᠭᠡ ᠲᠠᠯ᠎ᠠ ᠶᠢᠨ ᠠᠵᠢᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠶᠢᠨ ᠲᠥᠯᠥᠭᠡ᠂ ᠣᠶᠢᠷ᠎ᠠ ᠳᠤ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠹᠧᠩ ᠯᠦ ᠸᠧᠨ 2024 ᠣᠨ ᠤ ᠬᠤᠶᠠᠳᠤᠭᠠᠷ ᠤᠯᠠᠷᠢᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠸᠠᠩ ᠵᠠᠨ ᠰᠢᠦᠢ ᠵᠢᠴᠢ ᠡᠯ᠎ᠡ ᠰᠠᠯᠠᠭ᠎ᠠ ᠮᠥᠴᠢᠷ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠠᠬᠢᠨᠲᠠ ᠰᠤᠷᠤᠯᠴᠠᠵᠤ᠂ ︽ᠪᠤᠭᠤᠲᠤ ᠬᠤᠳᠠ ᠶᠢᠨ 2024 ᠣᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠲᠥᠯᠥᠪᠯᠡᠭᠡ ᠶᠢᠨ ᠮᠡᠳᠡᠭᠳᠡᠯ︾᠂ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ  2024 ᠣᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠠᠵᠢᠯ ᠤᠨ ᠲᠥᠰᠥᠯ ︾ ᠵᠡᠷᠭᠡ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠰᠤᠷᠤᠯᠴᠠᠵᠠᠢ᠃     ᠬᠤᠷᠠᠯ ᠠᠴᠠ᠂ ᠨᠢᠭᠡ ᠳᠤ᠂ ᠬᠠᠷᠢᠶ᠎ᠠ ᠣᠷᠣᠨ ᠳᠠᠭᠠᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠤᠯᠠᠨ ᠨᠡᠶᠢᠲᠡ ᠶᠢᠨ ᠤᠬᠠᠭᠤᠯᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠵᠡᠭᠡᠯᠢ ᠭᠤᠳᠤᠮᠵᠢ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠪᠦᠯᠦᠭ᠂ ᠡᠯᠧᠺᠲᠷᠣᠨ ᠳᠡᠯᠭᠡᠴᠡ᠂ ᠳ᠋ᠸᠦ ᠶᠢᠨ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠠᠭᠤᠯᠭ᠎ᠠ ᠶᠢ ᠥᠷᠭᠡᠨ ᠢᠶᠠᠷ ᠬᠦᠷᠭᠡᠬᠦ ᠬᠡᠷᠡᠭᠲᠡᠢ  ᠃ ᠡᠯ᠎ᠡ ᠲᠦᠷᠦᠯ ᠤᠨ ᠤᠬᠠᠭᠤᠯᠤᠨ ᠲᠠᠶᠢᠯᠪᠤᠷᠢᠯᠠᠬᠤ ᠵᠢᠴᠢ ᠤᠬᠠᠭᠤᠯᠬᠤ ᠠᠵᠢᠯᠯᠠᠭ᠎ᠠ ᠶᠢ ᠰᠦᠯᠵᠢᠶᠡᠨ ᠳᠡᠭᠡᠷ᠎ᠡ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠬᠢᠨ ᠴᠢᠬᠤᠯᠠ ᠶᠡᠭᠡ ᠠᠵᠢᠯᠯᠠᠭ᠎ᠠ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠠᠢ ᠤᠶᠠᠯᠳᠤᠭᠤᠯᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠲᠠᠶᠢᠯᠤᠮᠵᠢ ᠥᠷᠨᠢᠭᠦᠯᠬᠦ ᠶᠢᠨ ᠬᠠᠮᠲᠤ ᠬᠠᠷᠢᠶ᠎ᠠ ᠣᠷᠣᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠬᠤ ᠶᠢᠨ ᠬᠠᠮᠲᠤ ᠳᠠᠶᠢᠴᠢᠯᠠᠵᠤ ᠪᠠᠶᠢᠭᠠᠳ ᠰᠠᠷ᠎ᠠ ᠳᠤ ᠭᠠᠷᠭᠠᠭᠰᠠᠨ ᠡᠯ᠎ᠡ ᠲᠥᠷᠥᠯ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠬᠠᠭᠤᠯᠭ᠎ᠠ ᠶᠢ ᠯᠠᠪᠳᠠᠭᠤᠨ ᠪᠠᠲᠤᠲᠠᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ ᠨᠡᠶᠢᠭᠡᠮ ᠲᠣᠭᠤᠷᠢᠭ ᠨᠢ ᠵᠢᠵᠢᠭ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠭᠰᠠᠨ ᠡᠯᠪᠡᠭ ᠪᠠᠶᠠᠯᠢᠭ ᠰᠠᠶᠢᠨ ᠳᠤᠷ᠎ᠠ ᠶᠢᠨ ᠦᠢᠯᠡᠴᠢᠯᠡᠭᠡᠨ ᠪᠠ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠭᠤᠷᠪᠠ ᠳᠤ᠂ ᠠᠳᠠᠯ ᠠᠬᠤᠢ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ︽ᠰᠠᠭᠤᠯᠠᠭ᠎ᠠ ᠶᠢ ᠬᠠᠰᠤᠵᠤ ᠵᠡᠷᠭᠡᠪᠡᠷ ᠠᠵᠢᠯᠯᠠᠭᠤᠯᠬᠤ︾ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠭ ᠨᠣᠪᠰᠢ ᠶᠢᠨ ᠰᠠᠭᠤᠯᠠᠭ᠎ᠠ ᠶᠢᠨ ︽ᠪᠤᠵᠠᠷ ᠪᠤᠷᠲᠠᠭ ᠡᠪᠳᠡᠷᠡᠵᠦ ᠰᠦᠢᠳᠦᠭᠰᠡᠨ︾ ︽ᠢᠯᠭᠠᠬᠤ ᠲᠡᠮᠳᠡᠭ︾ ᠵᠡᠷᠭᠡ ᠵᠢᠷᠤᠮᠵᠢᠯ ᠦᠭᠡᠢ ᠦᠶᠯᠡ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠵᠤ᠂ ᠰᠠᠭᠤᠯᠠᠭ᠎ᠠ ᠶᠢᠨ ᠴᠢᠭ᠋ ᠤᠨ ᠪᠡᠯᠡᠳᠬᠡᠮᠵᠢ ᠶᠢᠨ ᠭᠠᠳᠠᠷ ᠪᠠᠶᠢᠳᠠᠯ ︵ᠢᠯᠭᠠᠬᠤ ᠲᠡᠮᠳᠡᠭ︶ ᠬᠢᠭᠡᠳ ᠴᠢᠳᠠᠮᠵᠢ ᠨᠢ ᠪᠦᠷᠢᠨ ᠪᠦᠲᠦᠨ᠂ ᠲᠡᠷᠢ ᠲᠡᠭᠰᠢ᠂ ᠠᠷᠢᠭᠤᠨ ᠴᠡᠪᠡᠷ᠂ ᠴᠡᠪᠡᠷᠯᠡᠨ ᠲᠡᠭᠡᠭᠡᠪᠦᠷᠢᠯᠡᠬᠦ ᠶᠢ ᠴᠠᠭ ᠲᠤᠬᠠᠢ ᠳᠤᠨᠢ ᠪᠠᠲᠤᠯᠠᠨ᠎ᠠ᠃    ᠬᠤᠭ ᠨᠣᠪᠰᠢ ᠶᠢ ᠲᠥᠷᠥᠯ ᠬᠤᠪᠢᠶᠠᠬᠤ ᠨᠢ ᠤᠷᠢᠶ᠎ᠠ ᠲᠡᠳᠦᠢ ᠪᠢᠰᠢ᠂ ᠨᠠᠩ ᠴᠤ ᠨᠢᠭᠡ ᠵᠦᠢᠯ ᠤᠨ ᠦᠵᠡᠯ ᠰᠠᠨᠠᠭ᠎ᠠ ᠪᠠ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠠᠪᠤᠳᠠᠯ ᠮᠥᠨ᠂ ᠭᠠᠭᠴᠠ ᠬᠦ ᠲᠠᠰᠤᠷᠠᠯᠲᠠ ᠦᠭᠡᠢ ᠦᠢᠯᠡᠳᠦᠯᠭᠡ ᠪᠠ ᠳᠡᠯᠭᠡᠷᠡᠭᠦᠯᠦᠯᠲᠡ ᠶᠢᠨ ᠳᠤᠮᠳᠠ ᠰᠠᠶ᠋ᠢ ᠬᠤᠪᠢᠷᠠᠯᠲᠠ ᠲᠠᠢ ᠪᠣᠯᠵᠤ᠂ ᠪᠣᠳᠠᠲᠤ ᠦᠷ᠎ᠡ ᠪᠦᠲᠦᠮᠵᠢ ᠲᠠᠢ ᠪᠣᠯᠵᠤ ᠴᠢᠳᠠᠨ᠎ᠠ᠃ ᠵᠠᠯᠭᠠᠭᠠᠳ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠤᠯᠪᠤᠭᠠᠯᠠᠨ ᠪᠠᠶᠢᠭᠤᠯᠵᠤ ᠬᠠᠮᠲᠤᠪᠠᠷ ᠵᠠᠰᠠᠬᠤ᠂ ᠦᠳᠭᠡᠨ ᠠᠭᠤᠷ ᠠᠮᠢᠰᠬᠤᠯ ᠢ ᠪᠤᠢ ᠪᠣᠯᠭᠠᠬᠤ ᠪᠠᠷ ᠳᠠᠮᠵᠢᠭᠤᠯᠵᠤ᠂ ᠬᠢᠨᠠᠯᠳᠠ ᠲᠠᠯᠪᠢᠨ ᠵᠢᠯᠤᠭᠤᠳᠬᠤ ᠪᠠᠨ ᠴᠢᠩᠭᠠᠳᠬᠠᠵᠤ᠂ ︽ᠤᠬᠠᠭᠤᠯᠭ᠎ᠠ ᠪᠠᠷ ᠰᠠᠯᠬᠤ ᠶᠢ ᠠᠬᠢᠭᠤᠯᠬᠤ︾ ᠶᠢ ᠴᠢᠷᠮᠠᠶᠢᠨ ᠨᠠᠶᠢᠳᠠᠪᠤᠷᠢᠵᠢᠭᠤᠯᠵᠤ᠂ ︽ᠨᠢᠭᠡ ᠰᠠᠭᠤᠭᠠᠯᠢ ᠠᠷᠠᠳ ᠢ ᠤᠬᠠᠭᠤᠯᠵᠤ᠂ ᠨᠢᠭᠡ ᠭᠡᠷ ᠪᠦᠯᠢ ᠶᠢ ᠨᠦᠯᠦᠭᠡᠯᠡᠨ ᠪᠦᠬᠦ ᠨᠡᠶᠢᠭᠡᠮ ᠲᠣᠭᠤᠷᠢᠭ ᠢ ᠳᠠᠶᠢᠴᠢᠯᠠᠬᠤ︾ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠪᠠᠶᠢᠳᠠᠯ ᠢ ᠪᠦᠷᠢᠯᠳᠦᠭᠦᠯᠵᠦ᠂ ᠨᠡᠩ ᠤᠯᠠᠨ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠶᠢ ᠰᠠᠶᠢᠲᠤᠷ ᠣᠶᠢᠯᠠᠭᠠᠭᠤᠯᠵᠤ᠂ ᠪᠣᠬᠢᠷᠲᠤᠯ ᠦᠭᠡᠢ ᠪᠣᠯᠪᠠᠰᠤᠨ ᠠᠷᠠᠳ ᠤᠨ ᠰᠢᠨ᠎ᠡ ᠰᠣᠷᠭᠤᠭ ᠪᠠᠶᠢᠳᠠᠯ ᠢ ᠬᠠᠮᠲᠤᠪᠠᠷ ᠪᠠᠶᠢᠭᠤᠯᠵᠤ᠂ ᠪᠦᠬᠦ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号