ᠵᠢᠯ ᠳᠤ 12 ᠲᠦᠮᠡᠨ ᠲᠣᠨ ᠯᠠᠨᠲ᠋ᠠᠨ ᠼᠧᠷᠢ ᠶᠢᠨ ᠭᠠᠷᠤᠯᠲᠠ ᠶᠢᠨ ᠬᠡᠷᠡᠭᠯᠡᠭᠡᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠬᠤᠪᠢᠷᠠᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠠᠵᠢᠯ ᠲᠠᠭᠤᠰᠬᠠᠪᠠ
ᠨᠡᠶᠢᠲᠡᠯᠡᠭᠰᠡᠨ ᠴᠠᠭ᠄
2024/7/23
    7 ᠰᠠᠷ᠎ᠠ ᠶᠢᠨ 21 ᠤ ᠦᠳᠡ ᠶᠢᠨ ᠡᠮᠦᠨ᠎ᠡ ᠵᠢᠯ ᠳᠤ 12 ᠲᠦᠮᠡᠨ ᠲᠣᠨ ᠯᠠᠨᠲ᠋ᠠᠨ ᠼᠧᠷᠢ ᠦᠢᠯᠡᠳᠪᠦᠷᠢᠯᠡᠬᠦ ᠬᠡᠷᠡᠭᠯᠡᠭᠡᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠬᠤᠪᠢᠷᠠᠭᠤᠯᠬᠤ ᠰᠠᠭᠤᠷᠢᠨ ᠤ ᠲᠦᠷᠦᠯ ᠵᠦᠢᠯ ᠤᠨ ᠪᠠᠷᠢᠯᠭ᠎ᠠ ᠳᠠᠭᠤᠰᠬᠤ ᠶᠣᠰᠣᠯᠠᠯ ᠪᠤᠭᠤᠲᠤ ᠬᠤᠳᠠ ᠶᠢᠨ ᠠᠨ ᠳ᠋ᠧ ᠰᠢ ᠨᠠᠢ ᠰᠢᠨ᠎ᠡ  ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠶᠠᠪᠤᠭᠳᠠᠪᠠ᠃ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠴᠢᠶᠠᠩ ᠪᠣᠯᠣᠨ ᠠᠨ ᠳ᠋ᠧ ᠰᠢ ᠨᠠᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠢ ᠫᠢᠩ ᠬᠠᠮᠲᠤᠪᠠᠷ ᠪᠤᠭᠤᠲᠤ ᠬᠤᠳᠠ ᠶᠢᠨ  ᠠᠨ ᠳ᠋ᠧ ᠰᠢ ᠨᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 12 ᠲᠦᠮᠡᠨ ᠲᠣᠨ ᠯᠠᠨᠲ᠋ᠠᠨ ᠼᠧᠷᠢ ᠶᠢᠨ ᠬᠡᠷᠡᠭᠯᠡᠭᠡᠨ ᠤ ᠬᠤᠪᠣᠷ ᠰᠢᠷᠣᠢ ᠶᠢᠨ ᠰᠢᠨ᠎ᠡ  ᠮᠠᠲ᠋ᠧᠷᠢᠶᠠᠯ ᠢ ᠬᠤᠪᠢᠷᠠᠭᠤᠯᠬᠤ ᠰᠠᠭᠤᠷᠢᠨ ᠤ ᠲᠦᠷᠦᠯ ᠵᠦᠢᠯ ᠤᠨ ᠫᠠᠶᠢᠰᠠ ᠶᠢ ᠰᠡᠬᠦᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠲᠦᠭᠡᠨ ᠪᠠᠶᠢᠭᠤᠯᠤᠯᠲᠠ ᠪᠠᠰᠠ ᠨᠢᠭᠡ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠣᠭᠰᠠᠨ ᠢ ᠬᠠᠷᠠᠭᠤᠯᠵᠠᠢ᠃
    ᠵᠢᠯ ᠳᠤ 12 ᠲᠦᠮᠡᠨ ᠲᠣᠨ ᠯᠠᠨᠲ᠋ᠠᠨ ᠼᠧᠷᠢ ᠶᠢᠨ ᠭᠠᠷᠤᠯᠲᠠ ᠲᠠᠢ ᠬᠡᠷᠡᠭᠯᠡᠭᠡᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠣᠨᠳᠣᠣᠰᠢᠭᠤᠯᠬᠤ ᠰᠠᠭᠤᠷᠢᠨ ᠭᠠᠵᠠᠷ ᠤᠨ ᠲᠦᠷᠦᠯ ᠵᠦᠢᠯ ᠪᠣᠯ ᠠᠨ ᠳ᠋ᠧ ᠰᠢ ᠨᠠᠢ ᠺᠣᠮᠫᠠᠨᠢ ᠶᠢᠨ ᠲᠤᠰ ᠪᠡᠶ᠎ᠡ ᠶᠢᠨ ᠭᠠᠯ ᠳᠠᠭᠠᠭᠠᠮᠠᠭᠠᠢ ᠮᠠᠲ᠋ᠧᠷᠢᠶᠠᠯ ᠤᠨ ᠲᠤᠰᠬᠠᠢ ᠮᠡᠷᠭᠡᠵᠢᠯ ᠤᠨ ᠭᠤᠣᠯᠯᠠᠭᠴᠢ ᠮᠡᠷᠭᠡᠵᠢᠯ ᠪᠣᠯᠣᠨ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠠᠰᠢᠭᠯᠠᠵᠤ᠂ ᠤᠮᠠᠷᠠᠲᠤ ᠶᠢᠨ ᠬᠤᠪᠣᠷ ᠰᠢᠷᠣᠢ ᠶᠢᠨ ᠯᠠᠨᠲ᠋ᠠᠨ ᠼᠧᠷᠢ ᠶᠢᠨ ᠡᠬᠢ ᠪᠠᠶᠠᠯᠢᠭ ᠪᠣᠯᠣᠨ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠲᠠᠢ ᠤᠶᠠᠯᠳᠤᠭᠤᠯᠵᠤ᠂ ᠬᠤᠪᠣᠷ ᠰᠢᠷᠣᠢ ᠶᠢᠨ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ ᠯᠦᠭᠡ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠤᠭᠰᠠᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠬᠤᠪᠢᠷᠠᠭᠤᠯᠪᠠ᠃ ᠲᠥᠷᠥᠯ ᠵᠦᠢᠯ ᠳᠤ ᠬᠤᠪᠣᠷ ᠰᠢᠷᠣᠢ + ᠪᠥᠬᠡᠯᠢᠭ ᠮᠠᠲ᠋ᠧᠷᠢᠶᠠᠯ ᠤᠨ ᠰᠤᠳᠤᠯᠤᠨ ᠨᠡᠭᠡᠭᠡᠬᠦ ᠲᠥᠪ᠂ ᠦᠢᠯᠡᠳᠪᠦᠷᠢᠯᠡᠯ ᠤᠨ ᠲᠠᠰᠤᠭ᠂ ᠣᠶᠤᠨᠴᠢ ᠬᠥᠮᠥᠷᠭᠡᠯᠡᠯᠲᠡ ᠵᠡᠷᠭᠡ ᠭᠤᠣᠯ ᠴᠣᠭᠴᠠ ᠶᠢᠨ ᠢᠨᠵᠧᠨᠧᠷᠢᠩ ᠵᠢᠴᠢ ᠠᠯᠪᠠᠨ ᠠᠰᠠᠷ ᠪᠠ ᠠᠵᠢᠯᠲᠠᠨ ᠠᠵᠢᠯᠴᠢᠨ ᠤ ᠠᠮᠢᠳᠤᠷᠠᠯ ᠤᠨ ᠦᠢᠯᠡᠴᠢᠯᠡᠭᠡᠨ ᠤ ᠲᠥᠪ ᠵᠡᠷᠭᠡ ᠢᠵᠢ ᠪᠦᠷᠢᠳᠦᠭᠰᠡᠨ ᠬᠠᠪᠰᠤᠷᠤᠮᠵᠢ ᠵᠢᠴᠢ ᠠᠮᠢᠳᠤᠷᠠᠯ ᠤᠨ ᠠᠰᠠᠷᠠᠮᠵᠢ ᠶᠢᠨ ᠪᠡᠯᠡᠳᠬᠡᠮᠵᠢ ᠶᠢ ᠪᠠᠭᠲᠠᠭᠠᠵᠤ᠂ ᠶᠡᠷᠦᠩᠬᠡᠢ ᠲᠠᠯᠠᠪᠠᠶ ᠨᠢ 45620 ᠭᠠᠷᠤᠢ ᠲᠡᠭᠰᠢ ᠳᠥᠷᠪᠡᠯᠵᠢᠨ ᠮᠧᠲᠷ ᠪᠠᠶᠢᠵᠤ᠂ ᠪᠥᠬᠦ ᠱᠤᠭᠤᠮ ᠢᠶᠠᠷ ᠢᠶᠠᠨ ᠦᠢᠯᠡᠳᠪᠦᠷᠢᠯᠡᠯ ᠤᠨ ᠳᠠᠷᠠᠭ᠎ᠠ ᠬᠦᠷᠴᠦ᠂ ᠵᠢᠱᠢᠯᠲᠡ ᠪᠠᠷ ᠵᠢᠯ ᠤᠨ ᠪᠣᠷᠤᠯᠠᠭᠤᠯᠭ᠎ᠠ ᠶᠢᠨ ᠣᠷᠣᠯᠭ᠎ᠠ ᠨᠢ 5 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠨᠢ 8000 ᠲᠦᠮᠡᠨ ᠲᠥᠭᠦᠷᠢᠭ ᠪᠠᠶᠢᠵᠤ᠂ 300 ᠬᠥᠮᠥᠨ ᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠰᠢᠢᠳᠪᠦᠷᠢᠯᠡᠵᠦ ᠪᠣᠯᠣᠨ᠎ᠠ᠃
    ᠪᠠᠷᠢᠯᠭ᠎ᠠ ᠳᠠᠭᠤᠰᠬᠤ ᠶᠣᠰᠣᠯᠠᠯ ᠳᠡᠭᠡᠷ᠎ᠡ᠂ ᠵᠠᠩ ᠴᠢᠶᠠᠩ ᠬᠡᠯᠡᠬᠦ ᠳᠡᠭᠡᠨ᠂ ᠠᠨ ᠳ᠋ᠧ ᠰᠢ ᠨᠠᠢ ᠬᠤᠪᠣᠷ ᠰᠢᠷᠣᠢ ᠶᠢᠨ ᠡᠬᠢ ᠪᠠᠶᠠᠯᠢᠭ ᠢ ᠲᠡᠩᠴᠡᠭᠦᠷᠢᠲᠡᠢ ᠠᠰᠢᠭᠯᠠᠬᠤ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠢ ᠲᠦᠷᠭᠡᠳᠬᠡᠨ ᠠᠬᠢᠭᠤᠯᠵᠤ᠂ ᠪᠦᠷᠢᠨ ᠪᠦᠲᠦᠨ ᠬᠤᠪᠣᠷ ᠰᠢᠷᠣᠢ ᠶᠢᠨ ᠠᠵᠤ ᠦᠢᠯᠡᠰ ᠤᠨ ᠰᠢᠰᠲ᠋ᠧᠮᠵᠢ ᠶᠢ ᠪᠦᠷᠢᠯᠳᠦᠭᠦᠯᠦᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ   ᠠᠴᠠ ᠲᠣᠭᠲᠠᠮᠠᠯ ᠰᠣᠷᠢᠨᠵᠢᠨᠲᠤ ᠬᠥᠳᠡᠯᠭᠡᠬᠦ ᠬᠦᠴᠦᠨ ᠤ ᠤᠭᠰᠠᠷᠠᠭ᠎ᠠ ᠲᠣᠨᠤᠭ᠂ ᠳᠠᠬᠢᠨ ᠬᠡᠷᠡᠭᠯᠡᠭᠡᠨ ᠤ ᠠᠬᠤᠢ ᠲᠠᠯᠠᠪᠠᠶ ᠬᠦᠷᠲᠡᠯᠡᠬᠢ ᠪᠥᠬᠦ ᠶᠠᠪᠤᠴᠠ ᠶᠢᠨ ᠰᠢᠨ᠎ᠡ ᠶᠢ ᠡᠭᠦᠳᠬᠦ ᠠᠮᠢ ᠠᠬᠤᠢ ᠶᠢᠨ ᠬᠡᠯᠬᠢᠶ᠎ᠡ ᠶᠢ ᠬᠦᠴᠦᠯᠡᠨ ᠪᠠᠶᠢᠭᠤᠯᠬᠤ ᠳᠤ ᠲᠤᠶᠢᠯ ᠤᠨ ᠴᠢᠬᠤᠯᠠ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠪᠠᠳᠠᠷᠠᠭᠤᠯᠤᠨ᠎ᠠ᠃ ᠪᠦᠬᠦ ᠣᠷᠣᠨ ᠢᠶᠠᠷ ᠢᠶᠠᠨ ︽ᠲᠠᠨ ᠤ ᠰᠡᠳᠬᠢᠯ ᠬᠠᠨᠤᠮᠵᠢᠲᠠᠢ ᠪᠠᠶᠢᠬᠤ ᠶᠢ ᠳᠠᠭᠠᠭᠠᠬᠤ︾ ︽ᠲᠠᠨ ᠤ ᠰᠠᠨᠠᠭ᠎ᠠ ᠠᠮᠤᠷ ᠪᠠᠶᠢᠬᠤ ᠶᠢ ᠳᠠᠭᠠᠭᠠᠬᠤ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ︽ᠳᠡᠭᠡᠳᠦ ᠰᠢᠨ᠎ᠡ ᠶᠢᠨ ᠶᠠᠪᠤᠳᠠᠯ ᠢ  ᠪᠠᠶᠠᠷᠲᠠᠢ ᠪᠠᠷ ᠭᠦᠢᠴᠡᠳᠬᠡᠬᠦ︾ ᠡᠵᠡᠩᠨᠡᠯᠲᠡ ᠶᠢᠨ ᠲᠠᠸᠠᠷ ᠤᠨ ᠫᠠᠶᠢᠰᠠ ᠶᠢ ᠦᠷᠭᠦᠯᠵᠢᠯᠡᠨ ᠭᠡᠷᠡᠯᠳᠦᠬᠦᠯᠵᠦ᠂ ᠠᠨ ᠳ᠋ᠧ ᠰᠢ ᠨᠠᠢ ᠶᠢ ᠪᠠᠭᠲᠠᠭᠠᠭᠰᠠᠨ ᠥᠷᠭᠡᠨ ᠤᠯᠠᠨ ᠠᠵᠤ ᠠᠬᠤᠶᠢᠯᠠᠯ ᠤᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠡᠯᠡ ᠣᠷᠣᠭᠤᠯᠬᠤ᠂ ᠦᠢᠯᠡᠰ ᠪᠣᠰᠬᠠᠬᠤ ᠳᠤ ᠰᠠᠨᠠᠭ᠎ᠠ ᠠᠮᠤᠷ ᠪᠠᠶᠢᠬᠤ᠂ ᠬᠥᠭᠵᠢᠯᠲᠡ ᠳᠤ ᠲᠠᠭᠠᠯᠠᠮᠵᠢᠲᠠᠢ᠂ ᠠᠮᠢᠳᠤᠷᠠᠯ ᠳᠤ ᠲᠠᠭᠠᠯᠠᠮᠵᠢᠲᠠᠢ ᠪᠠᠶᠢᠬᠤ ᠶᠢ ᠪᠠᠲᠤᠯᠠᠨ᠎ᠠ ᠭᠡᠪᠠ᠃     ᠸᠠᠩ ᠵᠢᠢ ᠫᠢᠩ ᠪᠠᠶᠠᠷ ᠤᠨ ᠦᠭᠡ ᠳᠡᠭᠡᠨ᠂ ᠲᠦᠷᠦᠯ ᠵᠦᠢᠯ ᠤᠨ ᠢᠨᠵᠧᠨᠧᠷᠢᠩ ᠢ ᠪᠠᠶᠢᠭᠤᠯᠬᠤ ᠳᠤ ᠪᠤᠭᠤᠲᠤ ᠬᠤᠳᠠ ᠪᠣᠯᠣᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠯ᠎ᠡ ᠱᠠᠲᠤᠨ ᠤ ᠤᠳᠤᠷᠢᠳᠤᠯᠭ᠎ᠠ ᠵᠢᠴᠢ ᠡᠯ᠎ᠡ ᠰᠠᠯᠠᠭ᠎ᠠ ᠮᠥᠴᠢᠷ ᠪᠣᠯᠣᠨ ᠪᠦᠬᠦ ᠨᠥᠬᠦᠳ ᠤᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠪᠤᠭᠤᠲᠤ ᠬᠤᠲᠠ ᠪᠣᠯᠣᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠪᠣᠯᠤᠭᠰᠠᠨ ᠤ ᠬᠤᠪᠢ ᠳᠤ᠂ ᠺᠣᠮᠫᠠᠨᠢ ᠶᠢᠨ ᠬᠢᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠪᠠ ᠤᠳᠤᠷᠢᠳᠤᠯᠭ᠎ᠠ ᠳᠣᠣᠷ᠎ᠠ᠂ ᠪᠠᠶᠢᠳᠠᠯ ᠢ ᠲᠣᠬᠢᠷᠠᠭᠤᠯᠤᠨ ᠰᠢᠯᠢᠳᠡᠭᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠠᠵᠢᠯᠯᠠᠵᠤ᠂  ᠠᠨ ᠳ᠋ᠧ ᠰᠢ ᠨᠠᠢ ᠺᠣᠮᠫᠠᠨᠢ ᠶᠢᠨ ᠮᠡᠷᠭᠡᠵᠢᠯ ᠤᠨ ᠳᠠᠪᠠᠭᠤᠯᠢᠭ ᠪᠣᠯᠣᠨ ᠲᠦᠷᠦᠯ ᠲᠡᠮᠳᠡᠭ ᠤᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠦᠲᠦᠮᠵᠢᠲᠡᠢ ᠠᠵᠤ ᠠᠬᠤᠶᠢᠯᠠᠯ ᠪᠣᠯᠣᠨ ᠬᠤᠳᠠ ᠶᠢᠨ ᠠᠵᠤ ᠠᠬᠤᠢ ᠶᠢᠨ ᠨᠡᠮᠡᠭᠳᠡᠯ ᠤᠨ ᠴᠡᠭ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠪᠣᠯᠭᠠᠬᠤ᠂ ᠬᠥᠩᠭᠡᠨ ᠬᠡᠮᠵᠢᠶ᠎ᠡ᠂ ᠣᠶᠤᠨᠴᠢᠯᠠᠭᠰᠠᠨ᠂ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠪᠡᠶᠡᠯᠡᠭᠦᠯᠬᠦ ᠳᠤ ᠠᠨ ᠳ᠋ᠧ ᠰᠢ ᠨᠠᠢ ᠶᠢᠨ ᠬᠦᠴᠦᠨ ᠴᠢᠳᠠᠯ ᠢ ᠨᠡᠮᠡᠷᠢᠯᠡᠨ᠎ᠡ ᠭᠡᠪᠡ᠃     ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠣᠰᠣᠯᠠᠯ ᠳᠠᠭᠤᠰᠤᠭᠰᠠᠨ ᠤ ᠲᠠᠷᠠᠭ᠎ᠠ᠂ ᠲᠤᠬᠠᠢ ᠶᠢᠨ ᠲᠠᠯᠠᠪᠠᠢ ᠶᠢᠨ ᠬᠦᠨᠳᠦᠲᠦ ᠵᠣᠴᠢᠳ᠂ ᠤᠳᠤᠷᠢᠳᠤᠯᠭ᠎ᠠ ᠬᠠᠮᠲᠤ ᠪᠠᠷ ᠲᠦᠷᠦᠯ ᠵᠦᠢᠯ ᠤᠨ ᠦᠢᠯᠡᠳᠪᠦᠷᠢᠯᠡᠯ ᠤᠨ ᠦᠢᠯᠡᠳᠪᠦᠷᠢ ᠶᠢᠨ ᠲᠣᠭᠤᠷᠢᠭ ᠢ ᠲᠣᠭᠤᠷᠢᠨ ᠦᠵᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号