ᠴᠦᠨ ᠬᠤᠸᠠ ᠨᠡᠶᠢᠭᠡᠮ ᠲᠣᠭᠤᠷᠢᠭ ᠤᠨ ᠬᠢᠨ ᠺᠠᠩ ᠯᠢᠩ ᠡᠮ ᠤᠨ ᠳᠡᠯᠭᠡᠭᠦᠷ ᠲᠠᠢ ᠬᠠᠮᠲᠤᠷᠠᠨ ︽ᠰᠡᠳᠬᠢᠯ ᠢᠶᠠᠷ ᠢᠶᠠᠨ ᠨᠠᠰᠤᠲᠠᠨ ᠢ ᠲᠤᠰᠠᠯᠠᠬᠤ᠂ ᠪᠠᠭᠤᠷᠠᠶ ᠶᠢ ᠲᠤᠰᠠᠯᠠᠬᠤ᠂ ᠬᠠᠶᠢᠷ᠎ᠠ ᠬᠠᠯᠠᠮᠵᠢ ᠪᠠᠨ ᠬᠠᠨᠳᠢᠪᠯᠡᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/24
‍ᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠪᠠᠭᠤᠷᠠᠶ ᠶᠢ ᠲᠡᠳᠬᠦᠨ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢᠨ ᠲᠤᠰᠠᠳᠠ᠃ ᠣᠶᠢᠷ᠎ᠠ ᠳᠤ᠂ ᠸᠠᠨ ᠱᠦᠶ ᠴᠢᠤᠸᠠᠨ ᠪᠠᠯᠭᠠᠰᠤᠨ ᠤ ᠴᠦᠨ ᠬᠤᠸᠠ ᠨᠡᠶᠢᠭᠡᠮ ᠲᠣᠭᠤᠷᠢᠭ ᠺᠠᠩ ᠯᠢᠩ ᠡᠮ ᠤᠨ ᠳᠡᠯᠭᠡᠭᠦᠷ ᠲᠠᠢ ᠬᠠᠮᠲᠤᠷᠠᠨ ︽ᠨᠠᠰᠤᠲᠠᠨ ᠢ ᠬᠠᠪᠰᠤᠷᠤᠨ ᠪᠠᠭᠤᠷᠠᠶ ᠶᠢ ᠲᠤᠰᠠᠯᠠᠵᠤ᠂ ᠬᠠᠶᠢᠷ᠎ᠠ ᠬᠠᠯᠠᠮᠵᠢ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ᠂ ᠬᠦᠴᠢᠷᠳᠡᠯᠲᠡᠶ ᠣᠯᠠᠨ ᠲᠦᠮᠡᠨ ᠵᠢᠴᠢ ᠬᠦᠴᠢᠷᠳᠡᠯᠲᠡᠶ ᠨᠠᠮ ᠤᠨ ᠭᠡᠰᠢᠭᠦᠨ ᠨᠡᠶᠢᠲᠡ 15 ᠬᠥᠮᠦᠨ ᠳᠤ ᠬᠠᠶᠢᠷ᠎ᠠ ᠬᠠᠯᠠᠮᠵᠢ ᠪᠠ ᠲᠣᠬᠤᠨᠢᠭᠤᠯᠤᠯ ᠬᠦᠷᠭᠡᠪᠡ᠃     ᠠᠵᠢᠯᠯᠠᠭ᠎ᠠ ᠳᠤ᠂ ᠺᠠᠩ ᠯᠢᠩ ᠡᠮ ᠤᠨ ᠳᠡᠯᠭᠡᠭᠦᠷ ᠬᠦᠴᠢᠷᠳᠡᠯᠲᠡᠶ ᠣᠯᠠᠨ ᠲᠦᠮᠡᠨ ᠳᠤ ᠴᠠᠭᠠᠨ ᠭᠤᠯᠢᠷ ᠨᠢᠭᠡ ᠤᠭᠤᠲᠠ᠂ 30 ᠲᠥᠭᠦᠷᠢᠭ ᠤᠨ ᠺᠠᠩ ᠯᠢᠩ ᠡᠮ ᠤᠨ ᠳᠡᠯᠭᠡᠭᠦᠷ ᠤᠨ ᠣᠷᠣᠯᠠᠨ ᠥᠭᠬᠦ ᠮᠥᠩᠭᠦ‍ ᠨᠢᠭᠡ᠂ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠺᠠᠩ ᠯᠢᠩ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠵᠠᠩ ᠶᠦᠩ ᠬᠦᠴᠢᠷᠳᠡᠯᠲᠡᠶ ᠡᠷᠦᠬᠡ᠂ 80 ᠨᠠᠰᠤᠲᠠᠶ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ᠂ ᠭᠡᠷ ᠪᠦᠯᠢ ᠶᠢᠨ ᠣᠳᠣᠬᠢ ᠪᠠᠶᠢᠳᠠᠯ ᠵᠢᠴᠢ ᠪᠣᠳᠠᠲᠠᠶ ᠲᠤᠯᠭᠠᠷᠠᠭᠰᠠᠨ ᠬᠦᠴᠢᠷᠳᠡᠯ ᠢ ᠨᠠᠷᠢᠨ ᠠᠰᠠᠭᠤᠨ ᠯᠠᠪᠯᠠᠵᠤ ᠲᠣᠬᠤᠨᠢᠭᠤᠯᠬᠤ ᠳᠤᠮᠳᠠ ᠪᠠᠨ ᠲᠡᠳᠡᠨ ᠢ ᠪᠡᠶ᠎ᠡ ᠪᠠᠨ ᠭᠠᠮᠨᠠᠵᠤ᠂ ᠶᠠᠮᠠᠷ ᠬᠦᠴᠢᠷᠳᠡᠯ ᠪᠠᠶᠢᠪᠠᠯ ᠰᠢᠢᠳᠪᠦᠷᠢᠯᠡᠵᠦ ᠳᠡᠶᠢᠯᠬᠦ ᠦᠭᠡᠢ ᠪᠣᠯ ᠴᠠᠭ ᠲᠤᠬᠠᠶ ᠳᠤᠨᠢ ᠨᠡᠶᠢᠭᠡᠮ ᠲᠣᠭᠤᠷᠢᠭ ᠤᠨ ᠲᠤᠰᠬᠠᠯ ᠭᠠᠷᠭᠠᠬᠤ ᠬᠡᠷᠡᠭᠲᠡᠶ ᠭᠡᠵᠦ ᠵᠠᠬᠢᠪᠠ᠃ ᠣᠯᠠᠨ ᠢᠶᠠᠷ ᠢᠶᠠᠨ ᠨᠡᠶᠢᠭᠡᠮ ᠲᠣᠭᠤᠷᠢᠭ ᠤᠨ ᠬᠠᠯᠠᠮᠵᠢᠯᠠᠯ ᠳᠤ ᠮᠠᠰᠢ ᠲᠠᠯᠠᠷᠬᠠᠵᠤ ᠪᠠᠶᠢᠬᠤ ᠪᠠᠨ ᠢᠯᠡᠳᠬᠡᠵᠦ᠂ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠤᠷᠢᠬᠠᠨ ᠰᠠᠯᠬᠢ ᠰᠢᠭ᠋ ᠴᠢᠮᠡᠭᠡ ᠠᠨᠢᠷ ᠦᠭᠡᠢ ᠪᠠᠶᠢᠯ᠎ᠠ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠠᠷᠢᠶᠠᠲᠤ ᠣᠷᠣᠨ ᠤ ᠬᠦᠴᠢᠷᠳᠡᠯᠲᠡᠶ ᠣᠯᠠᠨ ᠲᠦᠮᠡᠨ ᠳᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠭᠰᠡᠨ ᠤ ᠬᠠᠮᠲᠤ ᠪᠠᠰᠠ ᠠᠷᠠᠳ ᠣᠯᠠᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠲᠡᠳᠡᠭᠡᠷ ᠬᠠᠯᠠᠮᠵᠢᠯᠠᠨ ᠬᠠᠶᠢᠷᠠᠯᠠᠬᠤ ᠴᠢᠬᠤᠯᠠᠲᠠᠶ ᠬᠥᠮᠦᠰ ᠲᠤ ᠨᠡᠶᠢᠭᠡᠮ᠂ ᠨᠡᠶᠢᠭᠡᠮ ᠲᠣᠭᠤᠷᠢᠭ ᠤᠨ ᠶᠡᠭᠡ ᠬᠡᠷ ᠪᠦᠯᠢ ᠶᠢᠨ ᠲᠡᠳᠡᠨ ᠳᠤ ᠳᠡᠮᠵᠢᠯᠭᠡ ᠪᠠ ᠵᠣᠷᠢᠭᠵᠢᠭᠤᠯᠤᠯ ᠢ ᠦᠨᠡᠨ ᠬᠦ ᠮᠡᠳᠡᠷᠡᠭᠦᠯᠪᠡ᠃     ᠳᠠᠷᠠᠭᠠᠴᠢ ᠶᠢᠨ ᠠᠯᠬᠤᠮ ᠳᠤ᠂ ᠴᠦᠨ ᠬᠤᠸᠠ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠬᠠᠷᠢᠶ᠎ᠠ ᠣᠷᠣᠨ ᠤ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠢ ᠲᠠᠶᠢᠴᠢᠯᠠᠨ ᠤᠯᠠᠨ ᠵᠦᠢᠯ ᠤᠨ ᠬᠡᠯᠪᠡᠷᠢ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠪᠠᠭᠤᠷᠠᠢ ᠬᠥᠮᠦᠰ ᠤᠨ ᠠᠮᠢᠳᠤᠷᠠᠯ ᠢ ᠦᠷᠭᠦᠯᠵᠢᠯᠡᠨ ᠠᠩᠬᠠᠷᠴᠤ᠂ ᠬᠠᠷᠢᠶ᠎ᠠ ᠣᠷᠣᠨ ᠤ ᠳᠣᠲᠣᠷ᠎ᠠ ᠬᠦᠴᠢᠷᠳᠡᠯ ᠲᠠᠢ ᠪᠣᠯ ᠲᠤᠰᠠᠯᠠᠮᠵᠢ ᠲᠠᠢ᠂ ᠰᠤᠷᠤᠯᠴᠠᠬᠤ ᠳᠤ ᠰᠤᠷᠭᠠᠨ ᠬᠥᠮᠦᠵᠢᠯ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠥᠲᠡᠯᠪᠡᠯ ᠠᠰᠠᠷᠠᠮᠵᠢ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠯᠠᠪᠳᠠᠭᠤᠨ ᠪᠠᠲᠤᠲᠠᠢ ᠪᠠᠷ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠃
 
ᠢᠷᠡᠯᠲᠡ᠄ ᠸᠠᠨ ᠱᠦᠢ ᠴᠢᠤᠸᠠᠨ ᠪᠠᠯᠭᠠᠰᠤᠨ ᠤ ᠴᠦᠨ ᠬᠤᠸᠠ ᠨᠡᠢᠭᠡᠮ ᠲᠣᠭᠤᠷᠢᠭ  ᠤᠨ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号