ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠡᠶᠢᠭᠡᠮ ᠳᠤ ᠬᠠᠨᠳᠤᠭᠤᠯᠤᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠤᠶᠢᠯᠭᠠᠬᠤ ᠬᠦᠮᠦᠨ︾ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2024/7/24
    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠢᠨᠠᠯᠲᠠ ᠲᠠᠯᠪᠢᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ︽ᠬᠡᠷᠡᠭᠯᠡᠭᠴᠢ ᠶᠢᠨ ᠬᠠᠷᠠᠭᠠᠰᠤ︾ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠲᠤᠬᠠᠶ ᠶᠢᠨ ᠭᠠᠵᠠᠷ ᠲᠤᠨᠢ ᠪᠡᠶᠡᠴᠢᠯᠡᠨ ᠣᠶᠢᠯᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠰᠠᠶᠢᠵᠢᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ‌‍ᠪᠥ᠋ᠬᠦ ᠣᠷᠣᠨ ᠠᠴᠠ ᠢᠯᠡ ᠪᠠᠷ 5 ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠤᠶᠢᠯᠭᠠᠬᠤ ᠬᠦᠮᠦᠨ︾ ᠢ ᠡᠯᠰᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠃     ᠨᠢᠭᠡ᠂ ᠡᠯᠰᠡᠬᠦ ᠵᠣᠷᠢᠯᠭ᠎ᠠ     ᠠᠵᠢᠯ ᠶᠠᠪᠤᠳᠠᠯ ᠭᠦᠢᠴᠡᠳᠭᠡᠬᠦ ᠶᠠᠪᠤᠴᠠ᠂ ᠠᠵᠢᠯ ᠤᠨ ᠦᠷ᠎ᠡ ᠪᠦᠲᠦᠮᠵᠢ ᠵᠢᠴᠢ ᠦᠢᠯᠡᠴᠢᠯᠡᠭᠡᠨ ᠤ ᠣᠷᠴᠢᠨ ᠲᠣᠭᠤᠷᠢᠨ ᠢ ᠪᠥᠬᠦ ᠶᠠᠪᠤᠴᠠ ᠪᠠᠷ ᠪᠡᠶᠡᠴᠢᠯᠡᠨ ᠣᠶᠢᠯᠠᠭᠠᠵᠤ᠂ ᠠᠰᠠᠭᠤᠳᠠᠯ ᠢ ᠪᠠᠶᠢᠴᠠᠭᠠᠬᠤ᠂ ᠬᠦᠷᠦᠯᠴᠡᠬᠦ ᠥᠬᠡᠶ ᠲᠠᠯ᠎ᠠ ᠶᠢ ᠡᠷᠢᠬᠦ᠂ ᠰᠠᠨᠠᠭᠤᠯᠭ᠎ᠠ ᠳᠤᠷᠠᠳᠬᠤ ᠪᠠᠷ ᠳᠠᠮᠵᠢᠭᠤᠯᠤᠨ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠡᠯ᠎ᠡ ᠭᠤᠭᠴᠤᠭ᠎ᠠ ᠳᠤ ᠣᠷᠣᠰᠢᠵᠤ ᠮᠡᠳᠡᠬᠦ ᠲᠦᠭᠵᠢᠷᠡᠯ᠂ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃     ᠬᠤᠶᠠᠷ᠂ ᠡᠯᠰᠡᠬᠦ ᠬᠡᠪᠴᠢᠶ᠎ᠡ     ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠠᠵᠢᠯᠯᠠᠵᠤ ᠠᠮᠢᠳᠤᠷᠠᠵᠤ ᠪᠠᠶᠢᠭ᠎ᠠ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠵᠢᠴᠢ ᠪᠤᠰᠤᠳ ᠡᠯ᠎ᠡ ᠠᠵᠢᠯ ᠲᠥᠷᠥᠯ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠬᠤ ᠠᠵᠢᠯ ᠳᠤ ᠰᠠᠶᠢᠨ ᠳᠤᠷ᠎ᠠ ᠠᠴᠠ ᠪᠠᠨ ᠣᠷᠣᠯᠴᠠᠭᠰᠠᠨ ᠠᠵᠤ ᠠᠬᠤᠶᠢᠯᠠᠯ ᠤᠨ ᠣᠯᠠᠨ ᠲᠦᠮᠡᠨ ᠤ ᠲᠥᠯᠥᠭᠡᠯᠡᠭᠴᠢ᠃     ᠭᠤᠷᠪᠠ᠂ ᠡᠯᠰᠡᠬᠦ ᠨᠥᠬᠦᠴᠡᠯ     ︵ᠨᠢᠭᠡ︶ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠪᠤᠶᠤ ᠮᠠᠨ ᠤ ᠣᠷᠣᠨ ᠳᠤ ᠠᠵᠢᠯᠯᠠᠵᠤ ᠠᠮᠢᠳᠤᠷᠠᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ 20 ᠠᠴᠠ 60 ᠨᠠᠰᠤ ᠬᠦᠷᠲᠡᠯᠡᠬᠢ᠂ ᠪᠡᠶ᠎ᠡ ᠰᠡᠳᠬᠢᠯ ᠡᠷᠡᠭᠦᠯ ᠴᠢᠭᠢᠷᠠᠭ᠂ ᠠᠰᠠᠭᠤᠳᠠᠯ ᠢ ᠪᠤᠰᠤᠳᠴᠢ ᠪᠥᠭᠡᠳ ᠦᠨᠡᠨ ᠪᠣᠳᠠᠲᠠᠶ ᠪᠠᠷ ᠲᠤᠰᠬᠠᠬᠤ ᠶᠢᠨ ᠬᠠᠮᠲᠤ ᠪᠦᠲᠦᠭᠡᠯᠴᠢ ᠴᠢᠨᠠᠷᠲᠠᠶ ᠰᠠᠨᠠᠯ ᠢᠶᠠᠨ ᠳᠤᠷᠠᠳᠴᠤ ᠪᠣᠯᠤᠨ᠎ᠠ᠃     ︵ᠬᠤᠶᠠᠷ︶ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠴᠢᠩᠭ᠎ᠠ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠩᠬᠠᠷᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠡᠶᠡᠴᠢᠯᠡᠨ ᠣᠶᠢᠯᠠᠭᠠᠬᠤ ᠳᠤ ᠣᠷᠣᠯᠴᠠᠬᠤ ᠬᠦᠰᠡᠯ ᠲᠠᠢ᠃     ᠳᠥᠷᠪᠡ᠂ ᠡᠯᠰᠡᠬᠦ ᠵᠢᠷᠤᠮ     ︵ᠨᠢᠭᠡ︶ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠤᠶᠢᠯᠭᠠᠬᠤ ᠬᠦᠮᠦᠨ︾  ᠤ ᠠᠵᠢᠯ ᠤᠨ ᠰᠢᠨᠵᠢ ᠴᠢᠨᠠᠷ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠶᠢᠵᠤ᠂ ᠬᠥᠳᠡᠯᠮᠦᠷᠢ ᠶᠢᠨ ᠬᠥᠯᠥᠰᠥ ᠣᠯᠭᠤᠮᠵᠢ ᠥᠬᠡᠶ᠂ ᠡᠯᠰᠡᠬᠦ ᠳᠡᠭᠡᠨ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠠᠪᠴᠤ᠂ ᠤᠷᠢᠬᠤ ᠬᠤᠭᠤᠴᠠᠭ᠎ᠠ ᠶᠢ 2 ᠵᠢᠯ ᠪᠠᠶᠢᠯᠭᠠᠵᠤ᠂  ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ᠂ ᠦᠷᠭᠦᠯᠵᠢᠯᠡᠨ ᠤᠷᠢᠬᠤ ᠪᠤᠶᠤ ᠤᠷᠢᠬᠤ ᠪᠠᠨ ᠪᠤᠯᠢᠨ᠎ᠠ᠃     ︵ᠬᠤᠶᠠᠷ︶ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠠᠵᠢᠯ ᠤᠨ ᠬᠡᠷᠡᠭᠴᠡᠭᠡ ᠪᠠ ᠪᠣᠳᠠᠲᠠᠶ ᠪᠠᠶᠢᠳᠠᠯ ᠢᠶᠠᠨ ᠦᠨᠳᠦᠰᠦᠯᠡᠨ ᠠᠵᠢᠯᠲᠠᠨ ᠤ ᠨᠡᠷᠡᠰ ᠢ ᠲᠣᠭᠲᠠᠭᠠᠨ᠎ᠠ᠃     ︵ᠭᠤᠷᠪᠠ︶ ᠤᠷᠢᠨ ᠲᠣᠮᠢᠯᠠᠭᠰᠠᠨ ᠬᠤᠭᠤᠴᠠᠭᠠᠨ ᠳᠤ᠂ ᠬᠢᠨᠠᠯᠲᠠ ᠲᠠᠯᠪᠢᠬᠤ ᠠᠵᠢᠯ ᠢ ᠭᠦᠢᠴᠡᠳᠬᠡᠬᠦ ᠶᠢᠨ ᠠᠷᠭ᠎ᠠ ᠦᠭᠡᠢ᠂ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ ᠳᠡᠶᠢᠯᠬᠦ ᠦᠭᠡᠢ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠲᠤᠰᠢᠶᠠᠯᠲᠠᠨ︾ ᠢ ᠤᠷᠢᠵᠤ ᠪᠣᠯᠬᠤ ᠪᠥᠭᠡᠳ ᠤᠷᠢᠬᠤ ᠪᠠᠨ ᠪᠤᠯᠢᠭᠰᠠᠨ ᠤ ᠳᠠᠷᠠᠭ᠎ᠠ ᠢᠯᠡᠷᠡᠭᠰᠡᠨ ᠬᠤᠭᠤᠰᠣᠨ ᠣᠷᠣ ᠪᠠᠶᠢᠪᠠᠯ᠂ ᠲᠠᠰ ᠳᠠᠷᠠᠭᠠᠯᠠᠯ ᠤᠨ ᠶᠣᠰᠣᠭᠠᠷ ᠨᠡᠮᠡᠨ ᠤᠷᠢᠵᠤ᠂ ᠬᠢᠨᠠᠯᠲᠠ ᠲᠠᠯᠪᠢᠬᠤ ᠬᠦᠴᠦᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃      ᠲᠠᠪᠤ᠂ ᠪᠡᠶᠡᠴᠢᠯᠡᠨ ᠣᠶᠢᠯᠠᠭᠠᠬᠤ ᠠᠷᠭ᠎ᠠ ᠮᠠᠶ᠋ᠢᠭ ᠵᠢᠴᠢ ᠡᠭᠦᠷᠭᠡ ᠬᠠᠷᠢᠭᠤᠴᠠᠯᠭ᠎ᠠ     ︵ᠨᠢᠭᠡ︶ ᠰᠦᠯᠵᠢᠶᠡᠨ ᠳᠡᠭᠡᠷ᠎ᠡ  ᠲᠤᠷᠰᠢᠨ ᠣᠢᠯᠠᠭᠠᠬᠤ᠃ ︽ᠮᠥᠩᠬᠡ ᠰᠤᠪᠠᠭ︾ APP᠂ ︽ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾᠂ ︽ᠳᠡᠭᠡᠳᠦ ᠰᠢᠨ᠎ᠡ ᠬᠡᠷᠡᠭ ᠶᠠᠪᠤᠳᠠᠯ ᠢ ᠳᠡᠭᠡᠳᠦ ᠪᠠᠷ ᠡᠷᠭᠢᠯᠡᠬᠦ︾ ᠵᠢᠵᠢᠭ ᠫᠷᠤᠭ᠍ᠷᠠᠮ ᠠᠴᠠ ᠰᠦᠯᠵᠢᠶᠡᠨ ᠳᠡᠭᠡᠷ᠎ᠡ ᠠᠵᠢᠯ ᠶᠠᠪᠤᠳᠠᠯ  ᠭᠦᠢᠴᠡᠳᠭᠡᠬᠦ ᠴᠤᠪᠤᠷᠠᠯ ᠢ ᠪᠡᠶᠡᠴᠢᠯᠡᠨ ᠣᠶᠢᠯᠠᠭᠠᠵᠤ᠂ ᠨᠢᠭᠤᠷ ᠤᠨ ᠵᠢᠭᠰᠠᠭᠠᠯᠲᠠ ᠨᠢ ᠬᠡᠷᠡᠭᠯᠡᠬᠦ ᠳᠤ ᠰᠠᠶᠢᠨ ᠡᠰᠡᠬᠦ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠨᠢ ᠣᠨᠣᠪᠴᠢᠲᠠᠶ ᠡᠰᠡᠬᠦ᠂ ᠭᠦᠢᠴᠡᠳᠭᠡᠬᠦ ᠠᠷᠭ᠎ᠠ ᠵᠠᠮ ᠨᠢ ᠰᠠᠭᠠᠳ ᠥᠬᠡᠶ ᠨᠡᠪᠲᠡᠷᠡᠬᠦ ᠡᠰᠡᠬᠦ ᠶᠢ ᠪᠠᠶᠢᠴᠠᠭᠠᠨ ᠦᠵᠡᠪᠡ᠃     ︵ᠬᠤᠶᠠᠷ︶ ᠰᠦᠯᠵᠢᠶᠡᠨ ᠭᠠᠳᠠᠨ᠎ᠠ ᠪᠡᠶᠡᠴᠢᠯᠡᠨ ᠣᠶᠢᠯᠠᠭᠠᠬᠤ᠃ ᠪᠥᠬᠦ ᠶᠠᠪᠤᠴᠠ ᠪᠠᠷ ᠠᠰᠠᠭᠤᠨ ᠯᠠᠪᠯᠠᠬᠤ᠂ ᠳ᠋ᠤᠭᠠᠷᠯᠠᠬᠤ᠂ ᠮᠥᠷᠯᠡᠬᠦ᠂ ᠬᠦᠰᠦᠨᠦᠭᠲᠦ ᠲᠠᠭᠯᠠᠬᠤ᠂ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ᠂ ᠦᠨᠡᠮᠯᠡᠯ ᠠᠪᠬᠤ᠂ ᠦᠨᠡᠯᠡᠬᠦ ᠵᠡᠷᠭᠡ ᠶᠢ ᠪᠡᠶᠡᠴᠢᠯᠡᠨ ᠣᠶᠢᠯᠠᠭᠠᠵᠤ᠂ ᠴᠣᠩᠬᠤᠪᠴᠢ ᠶᠢᠨ ᠦᠢᠯᠡᠴᠢᠯᠡᠭᠡ ᠨᠢ ᠴᠢᠨᠠᠷ ᠰᠠᠶᠢᠲᠠᠶ ᠪᠠᠶᠢᠬᠤ ᠡᠰᠡᠬᠦ᠂ ᠠᠵᠢᠯ ᠤᠨ ᠦᠷ᠎ᠡ ᠪᠦᠲᠦᠮᠵᠢ ᠨᠢ ᠥᠨᠳᠥᠷ ᠪᠠᠶᠢᠬᠤ ᠡᠰᠡᠬᠦ᠂ ᠭᠦᠢᠴᠡᠳᠬᠡᠭᠰᠡᠨ ᠦᠷ᠎ᠡ ᠳ᠋ᠦᠩ ᠨᠢ ᠬᠠᠨᠤᠮᠵᠢᠲᠠᠶ ᠪᠠᠶᠢᠬᠤ ᠡᠰᠡᠬᠦ ᠶᠢ ᠲᠤᠬᠠᠶ ᠶᠢᠨ ᠭᠠᠵᠠᠷ ᠲᠤᠨᠢ ᠮᠡᠳᠡᠷᠡᠨ᠎ᠡ︔ ᠥᠪᠡᠰᠦᠪᠡᠨ ᠦᠢᠯᠡᠴᠢᠯᠡᠬᠦ ᠦᠵᠦᠭᠦᠷᠯᠢᠭ ᠢᠶᠠᠷ ᠳᠠᠮᠵᠢᠭᠤᠯᠤᠨ ᠪᠠᠶᠢᠴᠠᠭᠠᠨ ᠯᠠᠪᠯᠠᠬᠤ᠂ ᠳᠠᠷᠤᠮᠠᠯᠯᠠᠬᠤ᠂ ᠭᠤᠶᠤᠴᠢᠯᠠᠨ ᠮᠡᠳᠡᠭᠦᠯᠬᠦ ᠵᠦᠢᠯᠡᠰ ᠢ ᠪᠠᠶᠢᠴᠠᠭᠠᠨ ᠭᠦᠢᠴᠡᠳᠬᠡᠬᠦ ᠳᠤ ᠪᠣᠯᠪᠠᠰᠤᠷᠠᠩᠭᠤᠶ ᠪᠣᠯᠤᠭᠰᠠᠨ ᠬᠡᠮᠵᠢᠶ᠎ᠡ ᠶᠢ ᠰᠢᠯᠭᠠᠨ ᠪᠠᠶᠢᠴᠠᠭᠠᠨ᠎ᠠ᠃     ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦ ᠶᠠᠪᠤᠴᠠ ᠶᠢ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠ ᠵᠡᠭᠡᠯᠢ ᠭᠤᠳᠤᠮᠵᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ᠠᠵᠢᠯ ᠤᠨ ᠪᠠᠶᠢᠳᠠᠯ ᠢ ᠲᠣᠬᠢᠶᠠᠯᠳᠤᠯ ᠢᠶᠠᠷ ᠲᠣᠭᠤᠷᠢᠨ ᠪᠠᠶᠢᠴᠠᠭᠠᠵᠤ᠂ ᠠᠵᠢᠯᠲᠠᠨ ᠤ ᠠᠵᠢᠯ ᠤᠨ ᠦᠷ᠎ᠡ ᠪᠦᠲᠦᠮᠵᠢ᠂ ᠠᠵᠢᠯ ᠤᠨ ᠶᠠᠰᠤ ᠴᠢᠨᠠᠷ᠂ ᠠᠵᠢᠯ ᠤᠨ ᠰᠤᠷᠲᠠᠯ ᠳᠤ ᠪᠠᠶᠢᠴᠠᠭᠠᠯᠲᠠ ᠬᠢᠵᠦ᠂ ︽ᠢᠳᠡᠬᠦ᠂ ᠠᠪᠬᠤ᠂ ᠺᠠᠷᠲ᠂ ᠠᠪᠬᠤ︾ ᠵᠡᠷᠭᠡ ᠠᠷᠢᠭᠤᠨ ᠴᠢᠬᠡᠴᠢ ᠪᠤᠰᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠰᠢᠯᠭᠠᠵᠤ᠂ ᠪᠡᠶᠡᠴᠢᠯᠡᠨ ᠣᠶᠢᠯᠠᠭᠠᠬᠤ ᠲᠦᠷᠦᠭᠳᠡᠯ ᠵᠢᠴᠢ ᠰᠠᠨᠠᠭᠤᠯᠭ᠎ᠠ ᠪᠠᠨ ᠳ᠋ᠢᠶᠠᠩᠬᠤᠸᠠ᠂ ᠴᠠᠭᠠᠰᠤᠨ ᠵᠦᠢᠯ᠂  ᠡᠯᠧᠺᠲᠷᠤᠨ‌ᠵᠦ᠋ᠢᠯ᠂ ᠨᠢᠭᠤᠷᠳᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤ ᠲᠤᠰᠬᠠᠪᠠ᠃     ︵ᠲᠦᠷᠪᠡ︶ ᠠᠵᠤ ᠠᠬᠤᠶᠢᠯᠠᠯ ᠪᠠ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠵᠢᠯ ᠲᠥᠷᠥᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠠᠵᠢᠯ ᠣᠯᠵᠤ ᠠᠳᠠᠯ  ᠦᠢᠯᠡᠰ ᠴᠣᠭᠴᠠᠯᠠᠬᠤ᠂ ᠡᠮ ᠡᠮᠨᠡᠯᠭᠡ ᠶᠢᠨ ᠳᠠᠭᠠᠳᠬᠠᠯ ᠤᠨ  ᠦᠢᠯᠡᠴᠢᠯᠡᠭᠡ᠂ ᠤᠷᠤᠭᠯᠠᠵᠤ ᠬᠥᠩᠭᠡᠵᠢᠬᠦ ᠦᠢᠯᠡᠴᠢᠯᠡᠭᠡ᠂ ᠶᠠᠪᠤᠵᠤ ᠰᠠᠭᠤᠬᠤ‌ᠦᠢᠯᠡᠴᠢᠯᠡᠭᠡ᠂ ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡ᠂ ︽ᠨᠢᠭᠡ ᠶᠠᠪᠤᠳᠠᠯ︾ ᠤᠨ ᠬᠠᠮᠵᠢᠯᠴᠠᠨ‌ᠦᠢᠯᠡᠴᠢᠯᠡᠭᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠰᠠᠨᠠᠯ ᠰᠠᠨᠠᠭᠤᠯᠭ᠎ᠠ ᠵᠢᠴᠢ ᠠᠵᠢᠯ ᠶᠠᠪᠤᠳᠠᠯ  ᠭᠦᠢᠴᠡᠳᠭᠡᠬᠦ ᠶᠠᠪᠤᠴᠠ ᠳᠠᠬᠢ ᠡᠪᠡᠷᠰᠢᠶᠡᠯ᠂ ᠲᠦᠭᠵᠢᠷᠡᠯ ᠤᠨ ᠠᠰᠠᠭᠤᠳᠠᠯ ᠵᠡᠷᠭᠡ ᠶᠢ ᠴᠤᠭᠯᠠᠭᠤᠯᠪᠠ᠃     ︵ᠲᠠᠪᠤ︶ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠯᠪᠣᠭᠳᠠᠯ ᠪᠥᠬᠦᠶ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠥᠭᠵᠢᠯᠲᠡ ᠶᠢᠨ ᠨᠡᠶᠢᠲᠡᠯᠢᠭ ᠴᠢᠨᠠᠷᠲᠠᠶ ᠠᠰᠠᠭᠤᠳᠠᠯ ᠢ ᠦᠷᠭᠦᠯᠵᠢᠯᠡᠨ ᠮᠥᠷᠳᠡᠵᠦ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃      ︵ᠵᠢᠷᠭᠤᠭ᠎ᠠ︶  ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠲᠠᠢ ᠬᠠᠮᠵᠢᠯᠴᠠᠨ ᠬᠢᠨᠠᠨ ᠪᠠᠶᠢᠴᠠᠭᠠᠵᠤ ᠰᠢᠮᠳᠠᠭᠤᠯᠤᠨ ᠪᠠᠶᠢᠴᠠᠭᠠᠬᠤ᠂ ᠬᠠᠷᠢᠭᠤ ᠰᠤᠷᠪᠤᠯᠵᠢᠯᠠᠬᠤ ᠵᠡᠷᠭᠡ ᠠᠵᠢᠯ ᠢ ᠥᠷᠨᠢᠭᠦᠯᠦᠨ᠎ᠡ᠃      ᠵᠢᠷᠭᠤᠭ᠎ᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ      ︵ᠨᠢᠭᠡ︶ ᠨᠡᠷ᠎ᠡ ᠮᠡᠳᠡᠭᠦᠯᠬᠦ ᠴᠠᠭ      ᠡᠨᠡ ᠡᠳᠦᠷ ᠠᠴᠠ 2024 ᠣᠨ ᠤ 8 ᠰᠠᠷ᠎ᠠ ᠶᠢᠨ 8 ᠤ ᠡᠳᠦᠷ ᠪᠣᠯᠲᠠᠯ᠎ᠠ᠃      ︵ᠬᠤᠶᠠᠷ︶ ᠨᠡᠷ᠎ᠡ ᠮᠡᠳᠡᠭᠦᠯᠬᠦ ᠬᠡᠯᠪᠡᠷᠢ      ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︿ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠭᠤᠯᠤᠭᠴᠢ﹀ ᠶᠢᠨ ᠨᠡᠷ᠎ᠡ ᠮᠡᠳᠡᠭᠦᠯᠬᠦ ᠬᠦᠰᠦᠨᠦᠭᠲᠦ︾ ᠶᠢ ᠲᠠᠭᠯᠠᠵᠤ᠂ ᠡᠯᠧᠺᠳ᠋ᠷᠣᠨ ᠰᠢᠤᠳᠠᠨ ᠤ ᠬᠠᠶᠢᠷᠴᠠᠭ᠄ xugxqzw@163.com᠂ ᠠᠰᠠᠭᠤᠨ ᠯᠠᠪᠯᠠᠬᠤ ᠤᠲᠠᠰᠤ᠄ 533066᠂ ᠬᠠᠷᠢᠯᠴᠠᠬᠤ ᠬᠥᠮᠦᠨ᠄ ᠸᠠᠩ ᡁᠢ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号