ᠣᠢᠷ᠎ᠠ ᠳᠤ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠣᠠ ᠳᠤ ᠬᠤᠲᠠ ᠶᠢᠨ ᠳᠡᠰ ᠤᠨ | ᠠᠺᠠᠳᠧᠮᠢᠴᠢ ᠶᠢᠨ ᠠᠵᠢᠯ ᠤᠨ ᠦᠷᠲᠡᠭᠡ 2 ᠨᠡᠮᠡᠵᠡᠢ᠃ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ | ᠬᠢᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠢᠶᠠᠩ ᠴᠧᠩ ᠪᠦᠦ ᠠᠺᠠᠳᠧᠮᠢᠴᠢ ︽ | ᠤᠮᠠᠷᠠᠲᠤ ᠶᠢᠨ ᠬᠤᠪᠣᠷ ᠰᠢᠷᠣᠶ ᠶᠢᠨ ᠳᠡᠭᠡᠳᠦ ᠲᠠᠰ ᠤᠨ ᠰᠣᠷᠢᠨᠵᠢᠨ ᠮᠠᠲ᠋ᠧᠷᠢᠶᠠᠯ ᠤᠨ ᠠᠺᠠᠳᠧᠮᠢᠴᠢ ᠶᠢᠨ ᠠᠵᠢᠯ ᠤᠨ | ᠥᠷᠲᠡᠭᠡ︾᠂ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠪᠠ ᠰᠢᠩᠭᠠᠫᠤᠷ ᠤᠨ ᠢᠨᠵᠧᠨᠧᠷᠢᠩ ᠤᠨ | ᠬᠦᠷᠢᠶᠡᠯᠡᠩ ᠤᠨ FwaTang ᠠᠺᠠᠳᠧᠮᠢᠴᠢ ︽ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ | ᠪᠦᠯᠦᠭᠯᠡᠯ ᠤᠨ ᠵᠠᠮ ᠬᠥᠭᠦᠷᠭᠡ ᠶᠢᠨ ᠣᠶᠤᠨᠴᠢ ᠪᠠᠶᠢᠭᠤᠯᠤᠯᠲᠠ ᠪᠠ ᠠᠵᠢᠯᠯᠠᠭᠤᠯᠵᠤ ᠬᠠᠮᠠᠭᠠᠯᠠᠬᠤ ᠠᠺᠠᠳᠧᠮᠢᠴᠢ ᠶᠢᠨ | ᠠᠵᠢᠯ ᠤᠨ ᠥᠷᠲᠡᠭᠡ︾ ᠶᠢ ᠬᠠᠮᠲᠤ ᠪᠠᠷ ᠪᠠᠶᠢᠭᠤᠯᠵᠤ᠂ ᠪᠤᠭᠤᠲᠤ ᠬᠤᠲᠠ ᠶᠢᠨ ᠲᠠᠰ ᠤᠨ ᠠᠺᠠᠳᠧᠮᠢᠴᠢ ᠶᠢᠨ | ᠠᠵᠢᠯ ᠤᠨ ᠥᠷᠲᠡᠭᠡ ᠳᠤ ᠠᠮᠵᠢᠯᠲᠠ ᠲᠠᠢ ᠳᠠᠩᠰᠠᠯᠠᠪᠠ᠃ | ︽ᠤᠮᠠᠷᠠᠲᠤ ᠶᠢᠨ ᠬᠤᠪᠣᠷ ᠰᠢᠷᠣᠶ ᠶᠢᠨ ᠳᠡᠭᠡᠳᠦ ᠲᠠᠰ ᠤᠨ ᠰᠣᠷᠢᠨᠵᠢᠨ ᠮᠠᠲ᠋ᠧᠷᠢᠶᠠᠯ ᠤᠨ ᠠᠺᠠᠳᠧᠮᠢᠴᠢ ᠶᠢᠨ | ᠠᠵᠢᠯᠯᠠᠬᠤ ᠥᠷᠲᠡᠭᠡ︾ ᠨᠢ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠬᠠᠮᠢᠶ᠎ᠠ ᠪᠥᠬᠦᠶ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢᠨ ᠲᠣᠭᠤᠷᠢᠨ ᠳᠤ ᠬᠠᠮᠲᠤᠷᠠᠯᠴᠠᠭ᠎ᠠ | ᠥᠷᠨᠢᠭᠦᠯᠵᠦ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮ | ᠬᠡᠯᠪᠡᠷᠢ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠠᠮᠲᠤᠷᠠᠨ ᠬᠥᠮᠦᠵᠢᠭᠦᠯᠵᠦ᠂ ᠬᠤᠪᠣᠷ ᠰᠢᠷᠣᠶ ᠶᠢᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ ︽ᠳᠤᠮᠳᠠᠳᠤ | ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠵᠠᠮ ᠬᠥᠭᠦᠷᠭᠡ ᠶᠢᠨ ᠣᠶᠤᠨᠴᠢ ᠪᠠᠶᠢᠭᠤᠯᠤᠯᠲᠠ | ᠪᠠ ᠠᠵᠢᠯᠯᠠᠭᠤᠯᠵᠤ ᠬᠠᠮᠠᠭᠠᠯᠠᠬᠤ ᠠᠺᠠᠳᠧᠮᠢᠴᠢ ᠶᠢᠨ ᠠᠵᠢᠯ ᠤᠨ ᠥᠷᠲᠡᠭᠡ︾ ᠨᠢ ᠵᠠᠮ ᠤᠨ ᠭᠠᠳᠠᠷᠭᠤ ᠶᠢᠨ ᠠᠮᠤᠷ | ᠲᠦᠪᠰᠢᠨ ᠬᠢᠭᠡᠳ ᠪᠦᠲᠦᠴᠡ ᠶᠢᠨ ᠵᠢᠷᠤᠭ ᠲᠥᠯᠥᠪᠯᠡᠭᠡ ᠶᠢᠨ ᠨᠢᠭᠡ ᠴᠣᠭᠴᠠᠵᠢᠭᠰᠠᠨ ᠰᠤᠳᠤᠯᠤᠯ ᠵᠡᠷᠭᠡ | ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠷᠥᠯ ᠵᠦᠶ᠋ᠯ ᠢ ᠥᠷᠨᠢᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ | ᠪᠠᠭ᠎ᠠ᠂ ᠣᠶᠤᠨᠴᠢ ᠪᠠᠶᠢᠭᠤᠯᠤᠯᠲᠠ ᠪᠠᠷ ᠴᠢᠬᠤᠯᠠ ᠭᠠᠷᠳᠠᠴᠠ ᠪᠣᠯᠭᠠᠵᠤ᠂ ᠣᠷᠣᠨ ᠪᠦᠰᠡ ᠶᠢᠨ ᠭᠤᠤᠯ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠳᠤ ᠬᠦᠴᠦᠨ ᠴᠢᠳᠠᠯ ᠢᠶᠠᠨ ᠡᠷᠭᠦᠬᠦ | ᠪᠣᠯᠤᠨ᠎ᠠ᠃ |