ᠰᠢᠤᠢ ᠰᠢᠩ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/7/25
     7 ᠰᠠᠷ᠎ᠠ ᠶᠢᠨ 24 ᠤ ᠡᠳᠦᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠤᠷᠤᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠤᠢ ᠰᠢᠩ ᠠᠩᠭᠢ ᠳᠠᠭᠠᠭᠤᠯᠵᠤ᠂ ︽ᠳᠥᠷᠪᠡᠨ ᠦᠭᠡᠢ ᠬᠤᠶᠠᠷ ᠱᠢᠭᠤᠳ︾ ᠬᠡᠯᠪᠡᠷᠢ ᠪᠠᠷ ᠤᠷᠢᠳ ᠬᠤᠵᠢᠳ ᠶᠠᠨ ᠵᠣᠣ ᠶᠢᠨ ᠾᠧ ᠸᠠᠨ᠂ ᠬᠤᠪᠣᠷ‌‍ᠰᠢᠷᠣᠶ  ᠶᠢᠨ ᠯᠠᠢᠰᠧᠷ  ᠺᠢᠨᠤ᠋ ᠶᠢᠨ ᠬᠤᠲᠠ᠂ ᠶᠤᠸᠠᠢ ᠴᠧᠩ ᠨᠡᠢᠲᠡ ᠶᠢᠨ ᠪᠠᠢᠷᠢ ᠶᠢᠨ A ᠰᠠᠭᠤᠳᠠᠯ᠂ ᠵᠦᠩ ᠷᠠᠨ ᠨᠡᠭᠡᠭᠡᠯᠲᠡ ᠶᠢᠨ ᠲᠣᠭᠤᠷᠢᠭ ᠤᠨ ᠡᠬᠡ ᠥᠷᠲᠡᠭᠡ᠂ ᠳ᠋ᠦᠩ ᠪᠤᠤ ᠠᠮᠢᠳᠤ ᠪᠣᠳᠠᠰ ᠪᠣᠯᠤᠨ ᠳ᠋ᠢᠩ ᠶᠢᠨ ᠢᠳᠡᠭᠡᠨ ᠳᠤ ᠠᠶᠤᠯᠭᠦᠢ ᠦᠢᠯᠡᠳᠪᠦᠷᠢᠯᠡᠯ ᠤᠨ ᠪᠠᠢᠴᠠᠭᠠᠯᠲᠠ ᠬᠢᠪᠡ᠃     ᠶᠠᠨ ᠵᠤᠤ ᠶᠢᠨ ᠾᠧ ᠸᠠᠨ ᠪᠠᠭ᠎ᠠ ᠲᠣᠭᠤᠷᠢᠭ ᠲᠤ᠂ ᠰᠢᠤᠢ ᠰᠢᠩ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠴᠠᠬᠢᠯᠭᠠᠨ ᠬᠥᠳᠡᠯᠭᠡᠭᠦᠷᠲᠦ ᠲᠡᠷᠭᠡ ᠬᠥᠰᠬᠡ ᠤᠭᠰᠠᠷᠠᠬᠤ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠵᠢᠭᠠᠵᠤ ᠭᠠᠷᠭᠠᠭᠰᠠᠨ ᠨᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠴᠠᠬᠢᠯᠭᠠᠨ ᠴᠡᠨᠡᠭᠯᠡᠬᠦ ᠳᠡᠯᠪᠡᠷᠡᠯᠲᠡ ᠶᠢ ᠰᠡᠷᠭᠡᠶᠢᠯᠡᠵᠦ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠠᠬᠢᠭᠤᠯᠵᠤ᠂ ᠠᠷᠠᠳ ᠣᠯᠠᠨ ᠳᠤ ᠲᠥᠬᠦᠮ ᠦᠵᠡᠭᠦᠯᠬᠦ ᠳᠤᠷᠠᠲᠠᠶ ᠬᠡᠷᠡᠭᠯᠡᠬᠦ ᠳᠤᠷᠠᠲᠠᠶ ᠪᠠᠶᠢᠬᠤ ᠶᠢ ᠪᠡᠶ᠎ᠡ ᠪᠠᠷ ᠢᠶᠠᠨ ᠮᠡᠳᠡᠷᠡᠭᠦᠯᠦᠨ᠎ᠡ᠃ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠰᠠᠶᠢᠲᠤᠷ ᠬᠠᠮᠢᠶᠠᠷᠤᠨ ᠡᠵᠡᠮᠳᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠵᠠᠮ᠂ ᠠᠰᠠᠷ ᠤᠨ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠭᠠᠯ ᠤᠨ ᠠᠶᠤᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃     ᠬᠤᠪᠣᠷ ᠰᠢᠷᠣᠶ ᠶᠢᠨ ᠯᠠᠢᠰᠧᠷ ᠺᠢᠨᠣ᠋ ᠶᠢᠨ ᠬᠤᠲᠠ ᠳᠤ᠂ ᠰᠢᠤᠢ ᠰᠢᠩ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠣᠷᠣᠭᠰᠢ ᠪᠠᠭᠤᠵᠤ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠤᠨ ᠵᠦᠶ᠋ᠯ ᠳᠠᠷᠠᠭᠠᠯᠠᠨ ᠪᠠᠶᠢᠴᠠᠭᠠᠭᠰᠠᠨ ᠪᠥᠭᠡᠳ ᠶᠤᠸᠠᠢ ᠴᠧᠩ ᠨᠡᠶᠢᠲᠡ ᠶᠢᠨ ᠪᠠᠶᠢᠷᠢ ᠶᠢᠨ A ᠠᠰᠠᠷ ᠢ ᠡᠵᠡᠯᠡᠨ ᠬᠡᠷᠡᠭᠯᠡᠭᠰᠡᠨ ᠪᠠᠶᠢᠳᠠᠯ ᠢ ᠲᠠᠰᠢᠷᠠᠮ ᠢᠶᠠᠷ ᠪᠠᠶᠢᠴᠠᠭᠠᠪᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠳᠠᠯ ᠠᠬᠤᠶ ᠶᠢᠨ ᠺᠣᠮᠫᠠᠨᠢ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠠᠰᠠᠭᠤᠳᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠠᠰᠠᠷ ᠤᠨ ᠵᠠᠮ ᠢ ᠡᠵᠡᠯᠡᠨ ᠬᠡᠷᠡᠭᠯᠡᠬᠦ ᠠᠰᠠᠭᠤᠳᠠᠯ ᠢ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠠᠮᠢ ᠨᠠᠰᠤᠨ ᠤ ᠵᠠᠮ ᠤᠨ ᠬᠠᠷᠢᠴᠠᠯᠠᠰᠢᠭᠦᠢ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃      ᠳᠤᠮᠳᠠᠳᠤ ᠤᠯᠤᠰ ᠤᠨ ᠰᠢᠲᠠᠮᠠᠬᠠᠶ ᠬᠡᠶ ᠶᠢᠨ ᠨᠡᠭᠡᠭᠡᠯᠲᠡ ᠶᠢᠨ ᠲᠣᠭᠤᠷᠢᠭ ᠤᠨ ᠡᠬᠡ ᠥᠷᠲᠡᠭᠡ᠂ ᠳ᠋ᠦᠩ ᠪᠦᠦ ᠠᠮᠢᠳᠤ ᠪᠣᠳᠠᠰ ᠪᠠ ᠳ᠋ᠢᠩ ᠶᠢᠨ ᠢᠳᠡᠭᠡᠨ ᠳᠤ᠂ ᠰᠢᠤᠢ ᠰᠢᠩ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠤᠨ᠂ ᠨᠠᠷᠢᠨ ᠨᠢᠮᠪᠠᠶ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠲᠦᠷᠦᠭᠦᠯᠡᠨ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠤᠨ ᠠᠰᠠᠭᠤᠳᠠᠯ ᠢ ᠴᠠᠭ ᠲᠤᠬᠠᠢ ᠳᠤᠨᠢ ᠠᠷᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠳᠡᠭᠡᠳᠦ ᠱᠠᠲᠤᠨ ᠤ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠲᠤᠰ ᠠᠵᠤ ᠠᠬᠤᠶᠢᠯᠠᠯ ᠤᠨ ᠦᠢᠯᠡᠳᠪᠦᠷᠢᠯᠡᠯ ᠤᠨ ᠣᠨᠴᠠᠯᠢᠭ ᠲᠠᠢ ᠬᠠᠷᠢᠴᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠠᠮᠤᠷ ᠲᠦᠪᠰᠢᠨ ᠤ ᠭᠡᠮ ᠰᠣᠭᠤᠭ ᠪᠣᠯᠤᠨ ᠠᠰᠠᠭᠤᠳᠠᠯ ᠢ ᠪᠠᠶᠢᠴᠠᠭᠠᠨ ᠳᠡᠯᠭᠡᠵᠦ᠂ ᠠᠳᠠᠯᠢ ᠲᠦᠷᠦᠯ ᠤᠨ ᠠᠰᠠᠭᠤᠳᠠᠯ ᠪᠣᠯᠤᠨ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠬᠤ ᠬᠡᠷᠡᠭᠲᠡᠢ᠃ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠣᠨᠴᠠᠭᠠᠶᠢᠯᠠᠨ ᠠᠵᠢᠯᠯᠠᠬᠤ ᠳᠦᠷᠢᠮ ᠤᠨ ᠰᠤᠷᠤᠯᠴᠠᠯᠭ᠎ᠠ ᠪᠣᠯᠪᠠᠰᠤᠷᠠᠯ ᠢ ᠳᠣᠪᠤᠶᠢᠯᠭᠠᠵᠤ᠂ ︽ᠭᠤᠷᠪᠠ ᠶᠢ ᠵᠥᠷᠢᠴᠡᠬᠦ︾ ᠠᠰᠠᠭᠤᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃  ᠤᠷᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠦᠨᠳᠦ ᠶᠡᠭᠡ ᠠᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠬᠦᠨᠳᠦ ᠶᠡᠭᠡ ᠠᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠡᠳᠦᠷ ᠲᠤᠲᠤᠮ ᠤᠨ ᠪᠠᠶᠢᠴᠠᠭᠠᠯᠲᠠ ᠶᠢᠨ ᠴᠢᠬᠤᠯᠠ ᠵᠦᠢᠯᠡᠰ ᠪᠣᠯᠭᠠᠨ ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ ᠬᠦᠨᠳᠦ ᠶᠡᠭᠡ ᠠᠳᠡᠯ ᠤᠨ ᠬᠡᠮ ᠰᠣᠭᠤᠭ ᠢ ᠬᠥᠳᠡᠯᠦᠩᠭᠦᠶ ᠪᠠᠷ ᠦᠭᠡᠶᠢᠰᠬᠡᠬᠦ ᠶᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号