ᠰᠦᠢᠳᠭᠡᠯ ᠬᠤᠷᠢᠶᠠᠬᠤ ᠦᠭᠡᠢ ᠪᠠᠷ ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠳᠤ ᠬᠦᠮᠦᠨ ᠡᠷᠢᠵᠦ ᠪᠣᠢ︕
ᠨᠡᠶᠢᠲᠡᠯᠡᠭᠰᠡᠨ ᠴᠠᠭ᠄
2024/7/25
      ︽ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2018﹈ 45 ᠳ᠋ᠤᠭᠠᠷ ᠲᠣᠭᠠᠲᠤ︶᠂ ︽ᠮᠠᠨ ᠤ ᠬᠤᠲᠠ ᠶᠢᠨ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾ ︵ᠪᠤᠭᠤᠲᠤ ᠵᠡᠮᠳᠡᠭᠴᠦᠳ ᠤᠨ ᠬᠤᠯᠪᠣᠭ᠎ᠠ ﹇2022﹈ 8 ᠳ᠋ᠤᠭᠠᠷ ᠲᠣᠭᠠᠲᠤ︶︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 0 — 10 ᠨᠠᠰᠤᠨ ᠤ ᠵᠡᠮᠳᠡᠭ ᠮᠥᠴᠢᠲᠦ ᠬᠡᠤᠬᠡᠳ᠂ ᠭᠠᠭᠴᠠᠭᠠᠷᠳᠠᠮᠠᠯ ᠭᠡᠮ ᠲᠠᠢ ᠬᠡᠤᠬᠡᠳ ᠨᠢ ᠴᠥᠮ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠡᠲᠡᠭᠡᠳ ᠪᠠᠶᠢᠵᠤ᠂ ᠵᠠᠰᠠᠭ ᠤᠨ ᠣᠷᠳᠣᠨ ᠠᠴᠠ ᠪᠥᠬᠦ ᠵᠢᠯ ᠳᠤ ᠬᠥᠮᠦᠨ ᠪᠦᠷᠢ ᠳᠤ ᠵᠢᠯ ᠳᠤ 2 ᠲᠦᠮᠡᠨ ᠲᠥᠭᠦᠷᠢᠭ ᠤᠨ ᠡᠷᠡᠭᠦᠯᠵᠢᠯ ᠤᠨ ᠪᠣᠯᠪᠠᠰᠤᠷᠠᠯ ᠬᠦᠷᠲᠡᠭᠡᠵᠦ᠂ ᠬᠡᠤᠬᠡᠳ ᠢ ᠡᠷᠡᠭᠦᠯᠵᠢᠯ ᠤᠨ ᠲᠥᠪ ᠲᠤ ᠪᠣᠯᠪᠠᠰᠤᠷᠠᠭᠤᠯᠵᠤ᠂ ᠵᠠᠰᠠᠭ ᠤᠨ ᠣᠷᠳᠣᠨ ᠠᠴᠠ ᠮᠥᠩᠭᠦ ᠭᠠᠷᠭᠠᠳᠠᠭ᠃ ᠭᠡᠪᠡᠴᠦ ᠣᠳᠣᠬᠠᠨ ᠳᠤ ᠬᠡᠰᠡᠭ ᠬᠡᠤᠬᠡᠳ ᠲᠦᠮᠡᠳ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠲᠠᠢ ᠬᠠᠷᠢᠯᠴᠠᠭ᠎ᠠ ᠭᠥᠷᠳᠡᠭᠡᠳᠦᠶ ᠪᠠᠶᠢᠵᠤ᠂ ᠪᠢᠳᠡ ᠡᠯ᠎ᠡ ᠰᠢᠶᠠᠩ ᠪᠠᠯᠭᠠᠰᠤ᠂ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠨ᠂ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢᠲᠤ ᠬᠥᠮᠦᠰ ᠪᠢᠳᠡᠨ ᠳᠤ ᠬᠠᠪᠰᠤᠷᠤᠯᠭ᠎ᠠ ᠬᠡᠷᠡᠭᠲᠡᠢ ᠵᠡᠮᠳᠡᠭ ᠬᠡᠤᠬᠡᠳ ᠤᠨ ᠬᠠᠷᠢᠯᠴᠠᠬᠤ ᠠᠷᠭ᠎ᠠ ᠬᠡᠯᠪᠡᠷᠢ ᠶᠢ ᠬᠠᠩᠭᠠᠬᠤ ᠴᠢᠬᠤᠯᠠᠲᠠᠢ ᠪᠠᠶᠢᠵᠤ᠂ ᠮᠠᠨ ᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ︽ᠬᠡᠷ ᠲᠤ ᠨᠢ ᠬᠦᠷᠴᠦ ᠦᠢᠯᠡᠴᠢᠯᠡᠨ ︾᠂ ᠡᠳᠡᠭᠡᠷ ᠬᠡᠤᠬᠡᠳ ᠤᠨ ᠬᠠᠮᠤᠭ ᠤᠨ ᠬᠡᠷᠡᠭᠴᠡᠭᠡ ᠲᠠᠢ ᠨᠠᠰᠤᠨ ᠳᠤ ᠬᠠᠪᠰᠤᠷᠤᠯᠭ᠎ᠠ ᠦᠵᠡᠭᠦᠯᠵᠦ᠂ ᠲᠡᠳᠡᠨ ᠤ ᠠᠮᠢᠳᠤᠷᠠᠯ ᠤᠨ ᠵᠠᠮ ᠢ ᠬᠤᠪᠢᠷᠠᠭᠤᠯᠬᠤ ᠳᠤ ᠳᠦᠭᠦᠮ ᠦᠵᠡᠭᠦᠯᠬᠦ ᠬᠡᠷᠡᠭᠲᠡᠢ ᠪᠣᠯᠣᠭᠠᠳ ᠪᠠᠶᠢᠨ᠎ᠠ᠃      ᠲᠦᠮᠡᠳ ᠪᠠᠷᠠᠭᠤᠨ ᠬᠤᠰᠢᠭᠤᠨ ᠤ ᠵᠡᠮᠳᠡᠭ ᠬᠡᠤᠬᠡᠳ ᠶᠡᠷᠦ ᠠᠴᠠ ᠪᠤᠭᠤᠲᠤ ᠬᠤᠲᠠ ᠶᠢᠨ ᠬᠡᠳᠦᠨ ᠪᠠᠶᠢᠭᠤᠯᠤᠮᠵᠢ ᠳᠤ ᠡᠷᠡᠭᠦᠯᠵᠢᠯ ᠤᠨ ᠪᠣᠯᠪᠠᠰᠤᠷᠠᠯ ᠬᠢᠭᠰᠡᠭᠡᠷ ᠢᠷᠡᠵᠡᠢ᠂ ᠡᠨᠡ ᠵᠢᠯ ᠠᠴᠠ ᠨᠠᠭᠠᠰᠢ ᠲᠦᠮᠡᠳ ᠪᠠᠷᠠᠭᠤᠨ ᠬᠤᠰᠢᠭᠤ ᠪᠤᠭᠤᠲᠤ ᠬᠤᠲᠠ ᠶᠢᠨ ᠢ ᠵᠢᠶᠧ ᠺᠠᠩ ᠬᠡᠤᠬᠡᠳ ᠤᠨ ᠡᠷᠡᠭᠦᠯᠵᠢᠯ ᠤᠨ ᠲᠥᠪ ᠢ ᠣᠷᠣᠭᠤᠯᠤᠨ ᠠᠪᠴᠢᠷᠠᠵᠤ᠂ ᠲᠦᠮᠡᠳ ᠪᠠᠷᠠᠭᠤᠨ ᠬᠤᠰᠢᠭᠤᠨ ᠤ ᠬᠡᠤᠬᠡᠳ ᠤᠨ ᠡᠷᠡᠭᠦᠯᠵᠢᠯ ᠤᠨ ᠲᠥᠪ ᠢ ᠪᠠᠶᠢᠭᠤᠯᠪᠠ᠃ ᠮᠠᠨ ᠤ ᠬᠤᠰᠢᠭᠤᠨ ᠤ ᠠᠩᠬᠠᠳᠠᠭᠴᠢ ᠬᠡᠤᠬᠡᠳ ᠤᠨ ᠡᠷᠡᠭᠦᠯᠵᠢᠯ ᠤᠨ ᠲᠥᠪ ᠪᠣᠯᠤᠭᠰᠠᠨ ᠤ ᠬᠤᠪᠢ ᠳᠤ᠂ ᠮᠠᠨ ᠤ ᠬᠤᠰᠢᠭᠤᠨ ᠤ ᠵᠡᠮᠳᠡᠭ ᠬᠡᠤᠬᠡᠳ ᠤᠨ ᠡᠷᠡᠭᠦᠯᠵᠢᠯ ᠤᠨ ᠪᠠᠶᠢᠭᠤᠯᠤᠮᠵᠢ ᠥᠬᠡᠶ ᠪᠠᠶᠢᠭᠰᠠᠨ ᠬᠤᠭᠤᠰᠣᠨ ᠢ ᠨᠥᠬᠦᠪᠥᠷᠢᠯᠡᠵᠦ᠂ ᠲᠦᠮᠡᠳ ᠪᠠᠷᠠᠭᠤᠨ ᠬᠤᠰᠢᠭᠤᠨ ᠤ ᠵᠡᠮᠳᠡᠭ ᠬᠡᠤᠬᠡᠳ ᠲᠤ ︽ᠬᠡᠷ ᠤᠨ ᠡᠭᠦᠳᠡ︾ ᠳᠤ ᠨᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠷᠡᠭᠦᠯᠵᠢᠯ ᠤᠨ ᠪᠣᠯᠪᠠᠰᠤᠷᠠᠯ ᠬᠦᠷᠲᠡᠭᠡᠪᠡ᠃      ᠲᠦᠮᠡᠳ ᠪᠠᠷᠠᠭᠤᠨ ᠬᠤᠰᠢᠭᠤᠨ ᠤ ᠬᠡᠤᠬᠡᠳ ᠤᠨ ᠡᠷᠡᠭᠦᠯᠵᠢᠯ ᠤᠨ ᠲᠥᠪ ᠪᠣᠯ ᠣᠨᠴᠠᠭᠠᠶ ᠬᠡᠤᠬᠡᠳ ᠢ ᠪᠥᠬᠦ ᠲᠠᠯ᠎ᠠ ᠪᠠᠷ ᠬᠥᠭᠵᠢᠭᠦᠯᠬᠦ ᠪᠠᠷ ᠬᠦᠴᠦᠯᠡᠨ ᠴᠢᠷᠮᠠᠶᠢᠳᠠᠭ ᠨᠢᠭᠡᠨ ᠲᠤᠰᠬᠠᠶ ᠮᠡᠷᠭᠡᠵᠢᠯ ᠤᠨ ᠡᠷᠡᠭᠦᠯᠵᠢᠯ ᠤᠨ ᠪᠠᠶᠢᠭᠤᠯᠤᠮᠵᠢ ᠪᠣᠯᠤᠨ᠎ᠠ᠂ ᠭᠤᠤᠯ ᠤᠨ ᠠᠮᠠ ᠪᠠᠯᠭᠠᠰᠤᠨ ᠤ ᠸᠧᠶ ᠵᠢᠶᠦ᠋ᠨ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠵᠠᠭᠤ ᠳᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 2074 ᠲᠡᠭᠰᠢ ᠳᠥᠷᠪᠡᠯᠵᠢᠨ ᠮᠧᠳ᠋ᠷ ᠪᠠᠶᠢᠵᠤ᠂ 100 ᠨᠡᠷᠡᠰ ᠬᠡᠤᠬᠡᠳ ᠵᠡᠷᠭᠡ ᠪᠠᠷ ᠡᠷᠡᠭᠦᠯᠵᠢᠯ ᠤᠨ ᠪᠣᠯᠪᠠᠰᠤᠷᠠᠯ ᠬᠢᠬᠦ ᠬᠡᠪᠴᠢᠶ᠎ᠡ ᠲᠠᠢ᠂ ᠣᠳᠣᠬᠠᠨ ᠳᠤ ᠡᠷᠡᠭᠦᠯᠵᠢᠯ ᠤᠨ ᠡᠮᠨᠡᠨ ᠵᠠᠰᠠᠬᠤ ᠲᠠᠰᠤᠭ᠂ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠠᠰᠤᠭ᠂ ᠶᠡᠷᠦᠩᠬᠡᠶᠢᠯᠡᠭᠰᠡᠨ ᠬᠢᠴᠢᠶᠡᠯ ᠤᠨ ᠬᠡᠷ ᠵᠡᠷᠭᠡ ᠨᠡᠶᠢᠲᠡ 15 ᠲᠠᠰᠤᠯᠭ᠎ᠠ᠂ ᠲᠥᠪ ᠤᠨ ᠠᠵᠢᠯᠲᠠᠨ ᠤ ᠶᠡᠷᠦᠩᠬᠡᠶ ᠲᠤᠭ᠎ᠠ ᠨᠢ 10 ᠣᠷᠴᠢᠮ ᠪᠠᠶᠢᠵᠤ᠂ 7 ᠨᠡᠷᠡᠰ ᠬᠡᠤᠬᠡᠳ ᠢ ᠰᠤᠷᠭᠠᠵᠤ ᠪᠠᠶᠢᠨ᠎ᠠ᠃ ᠪᠦᠬᠦ ᠪᠠᠭᠰᠢ ᠶᠢᠨ ᠭᠠᠭᠴᠠᠭᠠᠷᠳᠠᠮᠠᠯ ᠭᠡᠮ ᠤᠨ ᠡᠷᠡᠭᠦᠯᠵᠢᠯ ᠤᠨ ᠰᠤᠷᠭᠠᠨ ᠬᠥᠮᠦᠵᠢᠯ ᠤᠨ ᠠᠵᠢᠯ ᠤᠨ ᠪᠠᠶᠢᠷᠢ ᠳᠤ ᠭᠠᠷᠬᠤ ᠦᠨᠡᠮᠯᠡᠯ ᠤᠨ ᠨᠣᠷᠮ᠎ᠠ 100% ᠪᠠᠶᠢᠨ᠎ᠠ᠃ ᠭᠤᠤᠯᠳᠠᠭᠤ ᠭᠠᠭᠴᠠᠭᠠᠷᠳᠠᠮᠠᠯ ᠬᠡᠮ᠂ ᠮᠦᠴᠢ ᠶᠢᠨ ᠰᠠᠭᠠᠳ᠂ ᠪᠤᠶᠢᠵᠢᠯᠳᠠ ᠤᠳᠠᠭᠠᠨ ᠂ ᠪᠣᠳᠤᠭᠳᠠᠮᠠᠬᠠᠢ ᠪᠡᠶ᠎ᠡ ᠶᠢᠨ ᠬᠡᠮ᠂ ᠰᠡᠷᠡᠬᠦᠢ ᠶᠢᠨ ᠨᠡᠶᠢᠯᠡᠯᠭᠡ ᠵᠤᠬᠢᠴᠠᠯ ᠠᠯᠳᠠᠯ ᠵᠡᠷᠬᠡ ᠬᠡᠤᠬᠡᠳ ᠲᠤ ᠳᠤᠰᠬᠠᠢ ᠮᠡᠷᠬᠡᠵᠢᠯ ᠤᠨ ᠡᠷᠡᠭᠦᠯᠵᠢᠯ ᠤᠨ ᠪᠤᠯᠪᠠᠰᠤᠷᠠᠯ ᠬᠦᠷᠲᠡᠭᠡᠳᠡᠭ᠃      ᠲᠦᠮᠡᠳ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠡᠷᠡᠭᠦᠯᠵᠢᠯ ᠤᠨ ᠬᠡᠯᠲᠡᠰ ᠤᠨ ᠬᠠᠷᠢᠯᠴᠠᠬᠤ ᠤᠲᠠᠰᠤ᠄ 0472 - 8881358      ᠲᠦᠮᠡᠳ ᠪᠠᠷᠠᠭᠤᠨ ᠬᠤᠰᠢᠭᠤᠨ ᠤ ᠬᠡᠤᠬᠡᠳ ᠤᠨ ᠡᠷᠡᠭᠦᠯᠵᠢᠯ ᠤᠨ ᠲᠥᠪ ᠤᠨ ᠬᠠᠷᠢᠯᠴᠠᠬᠤ ᠤᠲᠠᠰᠤ᠄ 13238453807 ᠯᠢᠦ ᠪᠠᠭᠰᠢ ᠲᠦᠮᠡᠳ ᠪᠠᠷᠠᠭᠤᠨ ᠬᠤᠰᠢᠭᠤᠨ ᠤ ᠬᠡᠤᠬᠡᠳ ᠤᠨ ᠡᠷᠡᠭᠦᠯᠵᠢᠯ ᠤᠨ ᠲᠥᠪ ᠤᠨ ᠬᠠᠶ᠋ᠢᠭ᠄     ᠲᠦᠮᠡᠳ ᠪᠠᠷᠠᠭᠤᠨ ᠬᠤᠰᠢᠭᠤᠨ ᠤ ᠸᠧᠶ ᠵᠢᠶᠦ᠋ᠨ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠤᠤᠯ ᠤᠨ ᠬᠡᠤᠬᠡᠳ ᠤᠨ ᠴᠡᠴᠡᠷᠯᠢᠭ︶
 
ᠢᠷᠡᠯᠲᠡ᠄ ᠲᠦᠮᠡᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号