ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠬᠦ ᠪᠣᠢ︖
ᠨᠡᠶᠢᠲᠡᠯᠡᠭᠰᠡᠨ ᠴᠠᠭ᠄
2024/7/25
    ᠮᠠᠨ ᠤ ᠤᠯᠤᠰ ᠲᠤ ᠴᠡᠴᠡᠭ ᠤᠨ ᠲᠣᠭᠤᠰᠣᠨ ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ᠂ 4 ᠰᠠᠷ᠎ᠠ ᠲᠠᠢ ᠨᠢᠯᠬ᠎ᠠ ᠬᠡᠦᠬᠡᠳ ᠠᠴᠠ ᠠᠪᠤᠭᠠᠳ 60 ᠨᠠᠰᠤᠨ ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ ᠴᠡᠴᠡᠭ ᠤᠨ ᠲᠣᠭᠤᠰᠣᠨ ᠳᠤ ᠬᠠᠷᠰᠢᠬᠤ ᠪᠠᠶᠢᠳᠠᠯ ᠢᠯᠡᠷᠡᠵᠦ ᠪᠠᠶᠢᠨ᠎ᠠ᠃     ᠲᠡᠭᠡᠪᠡᠯ ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠪᠡᠯ ᠵᠣᠬᠢᠬᠤ ᠪᠣᠢ︖ ᠡᠨᠡ ᠲᠤᠬᠠᠢ ᠪᠡᠭᠡᠵᠢᠩ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ ᠲᠥᠪ ᠤᠨ ᠬᠢᠨ ᠬᠠᠮᠢᠶᠠᠲᠠᠢ ᠮᠡᠳᠡᠭᠡ ᠨᠡᠶᠢᠲᠡᠯᠡᠵᠦ ᠣᠯᠠᠨ ᠳᠤ ᠰᠠᠨᠠᠭᠤᠯᠤᠭᠰᠠᠨ ᠪᠠᠶᠢᠨ᠎ᠠ᠃     ᠨᠢᠭᠡ ᠳᠤ᠂ ᠬᠤᠸᠠᠷ ᠴᠡᠴᠡᠭ ᠲᠠᠢ ᠰᠢᠭᠤᠳ ᠣᠶᠢᠷᠠᠲᠤᠬᠤ ᠦᠭᠡᠢ᠃      ᠬᠤᠶᠠᠷ ᠲᠤ᠂ ᠭᠠᠳᠠᠭᠰᠢ ᠭᠠᠷᠪᠠᠯ ᠰᠡᠷᠭᠡᠶᠢᠯᠡᠯᠲᠡ ᠪᠠᠨ ᠰᠠᠶᠢᠨ ᠬᠢᠬᠦ ᠬᠡᠷᠡᠭᠲᠡᠢ᠃     ᠭᠤᠷᠪᠠ ᠳᠤ᠂ ᠳᠠᠷᠬᠠᠯᠠᠭ᠎ᠠ ᠪᠠᠨ ᠰᠠᠶᠢᠵᠢᠷᠠᠭᠤᠯᠬᠤ ᠬᠡᠷᠡᠭᠲᠡᠢ᠃     ᠳᠥᠷᠪᠡ ᠳᠤ᠂ ᠬᠠᠷᠰᠢᠬᠤ ᠪᠠᠶᠢᠳᠠᠯ ᠬᠦᠨᠳᠦᠷᠡᠪᠡᠯ ᠳᠠᠷᠦ᠋ᠢᠬᠠᠨ ᠡᠮᠴᠢᠯᠡᠭᠦᠯᠬᠦ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号