2024 ᠣᠨ ᠤ 7 ᠳ᠋ᠤᠭᠠᠷ ᠰᠠᠷ᠎ᠠ ᠶᠢᠨ 5 ᠤ ᠡᠳᠦᠷ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ︽ᠪᠤᠭᠤᠲᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︵ᠳᠣᠷᠣᠭᠰᠢ ︽ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ | ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠵᠣᠬᠢᠴᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ | | ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ | ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠠᠷᠭᠠᠴᠠᠭᠠᠬᠤ ᠴᠢᠳᠠᠪᠤᠷᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠤᠭᠰᠠᠨ | ᠬᠤᠤᠷ ᠬᠥᠨᠥᠭᠡᠯ ᠢ ᠪᠠᠭᠠᠰᠬᠠᠬᠤ ᠪᠤᠶᠤ ᠠᠷᠢᠯᠭᠠᠵᠤ᠂ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ | ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠱᠠᠭᠠᠷᠳᠠᠯᠭ᠎ᠠ | ᠶᠣᠰᠣᠭᠠᠷ ︽ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠳᠤ ᠵᠠᠰᠠᠪᠤᠷᠢ ᠣᠷᠤᠭᠤᠯᠪᠠ᠃ | ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ ︽ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠭᠠᠬᠤ ᠵᠣᠬᠢᠴᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠠᠮᠢ ᠠᠬᠤᠶ ᠣᠷᠴᠢᠨ ᠲᠣᠭᠤᠷᠢᠨ ᠤ | ᠶᠠᠮᠤᠨ ᠤ ᠵᠢᠯᠣᠭᠤᠳᠬᠤ ᠰᠠᠨᠠᠯ︾ ︵ᠠᠭᠠᠷ ᠮᠠᠨᠳᠠᠯ ﹇2024﹈ 6 ᠳ᠋ᠤᠭᠠᠷ ᠲᠣᠭᠠᠲᠤ︶᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2024﹈ 17 ᠳ᠋ᠤᠭᠠᠷ ᠲᠣᠭᠠᠲᠤ︶᠃ | ᠭᠤᠷᠪᠠ᠂ ᠵᠠᠰᠠᠪᠤᠷᠢ ᠣᠷᠣᠭᠤᠯᠤᠭᠰᠠᠨ ᠠᠭᠤᠯᠭ᠎ᠠ | ︵ᠨᠢᠭᠡ︶ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ | ᠭᠦᠢᠴᠡᠳᠬᠡᠯ ᠲᠤᠭ᠎ᠠ ᠳᠤ ᠲᠣᠬᠢᠷᠠᠭᠤᠯᠤᠯᠲᠠ ᠬᠢᠪᠡ᠃ ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠪᠠᠨ | ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ᠳᠡᠭᠡᠭᠰᠢᠯᠡᠭᠦᠯᠪᠡ᠃ ᠰᠢᠷ᠎ᠠ ᠥᠩᠭᠡ ᠶᠢᠨ ᠤᠷᠢᠳᠴᠢᠯᠠᠨ | ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠦᠰᠦᠭᠡᠯᠡᠬᠦ AQI ᠶᠢᠨ ᠡᠳᠦᠷ ᠤᠨ ᠳᠤᠮᠳᠠᠴᠢ ᠬᠡᠮᠵᠢᠭᠳᠡᠯ | 200 ᠠᠴᠠ ᠶᠡᠭᠡ ᠨᠢ ᠬᠤᠶᠠᠷ ᠡᠳᠦᠷ ︵48 ᠴᠠᠭ︶ ᠵᠢᠴᠢ ᠲᠡᠭᠦᠨ ᠠᠴᠠ ᠢᠯᠡᠭᠦᠦ ᠦᠷᠭᠦᠯᠵᠢᠯᠡᠨ᠎ᠡ᠂ ᠲᠡᠷᠡ | ᠮᠥᠷᠲᠡᠭᠡᠨ ᠣᠬᠤᠷᠬᠠᠨ ᠬᠤᠭᠤᠴᠠᠭᠠᠨ ᠳᠤ ᠬᠦᠨᠳᠦ ᠪᠣᠬᠢᠷᠲᠤᠯ ᠭᠠᠷᠴᠤ᠂ ᠳᠡᠭᠡᠳᠦ ᠲᠠᠰ ᠤᠨ ᠤᠷᠢᠳᠴᠢᠯᠠᠨ | ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ ᠥᠬᠡᠶ ᠦᠶ᠎ᠡ︾ ᠶᠢ ︽ᠤᠷᠢᠳᠴᠢᠯᠠᠨ ᠲᠦᠰᠦᠭᠡᠯᠡᠬᠦ AQI ᠶᠢᠨ | ᠡᠳᠦᠷ ᠤᠨ ᠳᠤᠮᠳᠠᠴᠢ ᠬᠡᠮᠵᠢᠭᠳᠡᠯ 200 ᠠᠴᠠ ᠶᠡᠭᠡ ᠪᠤᠶᠤ AQI ᠶᠢᠨ ᠡᠳᠦᠷ ᠤᠨ ᠳᠤᠮᠳᠠᠴᠢ ᠬᠡᠮᠵᠢᠭᠳᠡᠯ | 150 ᠠᠴᠠ ᠶᠡᠭᠡ ᠨᠢ 48 ᠴᠠᠭ ᠵᠢᠴᠢ ᠲᠡᠭᠦᠨ ᠠᠴᠠ ᠢᠯᠡᠭᠦᠦ ᠦᠷᠭᠦᠯᠵᠢᠯᠡᠭᠰᠡᠨ ᠪᠣᠯᠪᠠᠴᠤ ᠳᠡᠭᠡᠳᠦ ᠲᠠᠰ ᠤᠨ | ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ ᠥᠬᠡᠶ ᠦᠶ᠎ᠡ︾ ᠪᠣᠯᠭᠠᠨ ᠲᠣᠬᠢᠷᠠᠭᠤᠯᠪᠠ᠃ ᠤᠯᠠᠪᠤᠷ | ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠦᠰᠦᠭᠡᠯᠡᠬᠦ AQI ᠡᠳᠦᠷ ᠤᠨ | ᠳᠤᠮᠳᠠᠴᠢ ᠬᠡᠮᠵᠢᠭᠳᠡᠯ 200 ᠠᠴᠠ ᠶᠡᠭᠡ ᠨᠢ ᠭᠤᠷᠪᠠᠨ ᠡᠳᠦᠷ ︵72 ᠴᠠᠭ︶ ᠵᠢᠴᠢ ᠲᠡᠭᠦᠨ ᠠᠴᠠ ᠢᠯᠡᠭᠦᠦ | ᠦᠷᠭᠦᠯᠵᠢᠯᠡᠭᠰᠡᠨ ᠪᠣᠯᠪᠠᠴᠤ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠦᠭᠡᠢ | ᠦᠶ᠎ᠡ︾ ᠶᠢ ︽ᠤᠷᠢᠳᠴᠢᠯᠠᠨ ᠲᠦᠰᠦᠭᠡᠯᠡᠬᠦ AQI ᠶᠢᠨ ᠡᠳᠦᠷ ᠤᠨ ᠳᠤᠮᠳᠠᠴᠢ ᠬᠡᠮᠵᠢᠭᠳᠡᠯ 200 ᠠᠴᠠ ᠶᠡᠭᠡ ᠨᠢ | 48 ᠴᠠᠭ ᠡᠰᠡᠭᠦᠯ᠎ᠡ AQI ᠶᠢᠨ ᠡᠳᠦᠷ ᠤᠨ ᠳᠤᠮᠳᠠᠴᠢ ᠬᠡᠮᠵᠢᠭᠳᠡᠯ 150 ᠠᠴᠠ ᠶᠡᠭᠡ ᠨᠢ 72 ᠴᠠᠭ ᠵᠢᠴᠢ | ᠲᠡᠭᠦᠨ ᠠᠴᠠ ᠳᠡᠭᠡᠭᠰᠢ ᠦᠷᠭᠦᠯᠵᠢᠯᠡᠭᠰᠡᠨ ᠪᠣᠯᠪᠠᠴᠤ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ | ᠨᠥᠬᠦᠴᠡᠯ ᠳᠤ ᠬᠦᠷᠦᠭᠰᠡᠨ ᠦᠭᠡᠢ ᠦᠶ᠎ᠡ︾ ᠪᠣᠯᠭᠠᠨ ᠲᠣᠬᠢᠷᠠᠭᠤᠯᠪᠠ᠃ ᠤᠯᠠᠭᠠᠨ ᠥᠩᠭᠡ ᠶᠢᠨ ᠤᠷᠢᠳᠴᠢᠯᠠᠨ | ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠬᠦ AQI ᠶᠢᠨ ᠡᠳᠦᠷ ᠤᠨ ᠳᠤᠮᠳᠠᠴᠢ ᠬᠡᠮᠵᠢᠭᠳᠡᠯ | 200 ᠠᠴᠠ ᠶᠡᠭᠡ ᠨᠢ 4 ᠡᠳᠦᠷ ︵96 ᠴᠠᠭ︶ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠵᠦ᠂ ᠲᠡᠷᠡ | ᠮᠥᠷᠲᠡᠭᠡᠨ ᠤᠷᠢᠳᠴᠢᠯᠠᠨ ᠲᠦᠰᠦᠭᠡᠯᠡᠬᠦ AQI ᠶᠢᠨ ᠡᠳᠦᠷ ᠤᠨ ᠳᠤᠮᠳᠠᠴᠢ ᠬᠡᠮᠵᠢᠭᠳᠡᠯ 300 ᠠᠴᠠ ᠶᠡᠭᠡ ᠨᠢ 2 | ᠡᠳᠦᠷ ︵48 ᠴᠠᠭ︶ ᠵᠢᠴᠢ ᠲᠡᠭᠦᠨ ᠠᠴᠠ ᠳᠡᠭᠡᠭᠰᠢ ᠥᠷᠭᠦᠯᠵᠢᠯᠡᠭᠰᠡᠨ ᠡᠰᠡᠬᠦᠯ᠎ᠡ ᠤᠷᠢᠳᠴᠢᠯᠠᠨ ᠲᠦᠰᠦᠭᠡᠯᠡᠬᠦ | AQI ᠶᠢᠨ ᠡᠳᠦᠷ ᠤᠨ ᠳᠤᠮᠳᠠᠴᠢ ᠬᠡᠮᠵᠢᠭᠳᠡᠯ ᠨᠢ 500 ᠴᠠᠭ ᠲᠤ ᠬᠦᠷᠦᠭᠰᠡᠨ︾ ᠢ ︽ᠤᠷᠢᠳᠴᠢᠯᠠᠨ | ᠲᠦᠰᠦᠭᠡᠯᠡᠬᠦ AQI ᠶᠢᠨ ᠡᠳᠦᠷ ᠤᠨ ᠳᠤᠮᠳᠠᠴᠢ ᠬᠡᠮᠵᠢᠭᠳᠡᠯ ᠨᠢ 200 ᠠᠴᠠ ᠶᠡᠭᠡ ᠨᠢ 72 ᠴᠠᠭ | ᠦᠷᠭᠦᠯᠵᠢᠯᠡᠭᠰᠡᠨ ᠪᠥᠭᠡᠳ ᠡᠳᠦᠷ ᠤᠨ AQI ᠶᠢᠨ ᠬᠡᠮᠵᠢᠭᠳᠡᠯ ᠨᠢ 300 ᠠᠴᠠ ᠶᠡᠭᠡ 24 ᠴᠠᠭ ᠵᠢᠴᠢ | ᠲᠡᠭᠦᠨ ᠠᠴᠠ ᠳᠡᠭᠡᠭᠰᠢ ᠦᠷᠭᠦᠯᠵᠢᠯᠡᠭᠰᠡᠨ︾ ᠪᠣᠯᠭᠠᠨ ᠲᠣᠬᠢᠷᠠᠭᠤᠯᠪᠠ᠃ ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢᠨ | ᠨᠡᠶᠢᠲᠡᠯᠡᠯ ᠤᠨ ᠴᠠᠭ ᠢ 24 ᠴᠠᠭ ᠤᠷᠢᠳᠴᠢᠯᠠᠨ ᠨᠡᠶᠢᠲᠡᠯᠡᠬᠦ ᠪᠠᠶᠢᠭᠰᠠᠨ ᠠᠴᠠ 48 ᠴᠠᠭ ᠤᠷᠢᠳᠴᠢᠯᠠᠨ ᠨᠡᠶᠢᠲᠡᠯᠡᠬᠦ | ᠪᠣᠯᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠡᠬᠢᠯᠡᠭᠦᠯᠬᠦ ᠳᠤ | ᠭᠦᠢᠴᠡᠳ ᠪᠡᠯᠡᠳᠬᠡᠯ ᠴᠠᠭ ᠬᠠᠩᠭᠠᠵᠤ᠂ ᠬᠦᠨᠳᠦ ᠪᠣᠬᠢᠷᠲᠤᠯ ᠬᠦᠷᠴᠦ ᠢᠷᠡᠬᠦ ᠠᠴᠠ ᠡᠮᠦᠨᠡᠬᠢ ᠡᠯ᠎ᠡ ᠵᠦᠢᠯ ᠤᠨ | ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | | ︵ᠬᠤᠶᠠᠷ︶ ᠣᠷᠣᠨ ᠬᠤᠪᠢᠶᠠᠨ ᠬᠠᠮᠢᠶᠠᠷᠬᠤ ᠣᠷᠣᠨ ᠪᠦᠰᠡ ᠶᠢ ᠰᠢᠯᠢᠳᠡᠭᠵᠢᠭᠦᠯᠦᠨ ᠲᠣᠬᠢᠷᠠᠭᠤᠯᠪᠠ ᠪᠤᠭᠤᠲᠤ | ᠬᠤᠲᠠ ᠶᠢᠨ ᠠᠭᠤᠯᠠ ᠶᠢᠨ ᠡᠮᠦᠨ᠎ᠡ ᠪᠣᠯᠤᠨ ᠠᠭᠤᠯᠠ ᠶᠢᠨ ᠠᠷᠤ ᠭᠠᠵᠠᠷ ᠣᠷᠣᠨ ᠤ ᠪᠣᠬᠢᠷᠲᠤᠯ ᠪᠣᠳᠠᠰ ᠤᠨ | ᠳᠠᠮᠵᠢᠭᠤᠯᠭ᠎ᠠ ᠶᠢᠨ ᠨᠥᠯᠥᠭᠡ᠂ ᠴᠠᠭ ᠠᠭᠤᠷ ᠤᠨ ᠭᠠᠵᠠᠷ ᠵᠦᠢ ᠶᠢᠨ ᠣᠨᠴᠠᠯᠢᠭ ᠵᠡᠷᠭᠡ ᠶᠢᠨ ᠪᠠᠶᠢᠳᠠᠯ ᠨᠢ ᠴᠥᠮ | ᠮᠠᠰᠢ ᠶᠡᠭᠡ ᠵᠥᠷᠢᠶ᠎ᠡ ᠲᠠᠢ ᠪᠠᠶᠢᠵᠤ᠂ ᠦᠢᠯᠡᠳᠪᠦᠷᠢᠯᠡᠯ ᠢ ᠵᠣᠭᠰᠣᠭᠠᠵᠤ ᠦᠢᠯᠡᠳᠪᠦᠷᠢᠯᠡᠯ ᠢ ᠬᠢᠵᠠᠭᠠᠷᠯᠠᠬᠤ ᠵᠡᠷᠭᠡ | ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠡᠬᠢᠯᠡᠨ ᠬᠡᠷᠡᠭᠵᠢᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ | ᠠᠵᠢᠯᠯᠠᠭ᠎ᠠ ᠳᠤ ᠠᠰᠢᠭ ᠥᠬᠡᠢ ᠨᠥᠯᠥᠭᠡ ᠦᠵᠡᠭᠦᠯᠬᠦ ᠶᠢ ᠪᠠᠭᠠᠰᠬᠠᠬᠤ ᠶᠢᠨ ᠲᠤᠰᠠᠳᠠ᠂ ᠲᠤᠰ ᠤᠳᠠᠭ᠎ᠠ ᠵᠠᠰᠠᠪᠤᠷᠢ | ᠣᠷᠤᠭᠤᠯᠤᠯᠲᠠ ᠳᠤ ᠪᠣᠬᠢᠷᠲᠤᠯ ᠢ ᠡᠵᠡᠮᠳᠡᠬᠦ ᠣᠷᠣᠨ ᠭᠠᠷᠭᠠᠵᠤ᠂ ᠣᠷᠣᠨ ᠪᠦᠰᠡ ᠶᠢ ᠨᠢᠭᠡᠳᠦᠯᠲᠡᠢ ᠲᠥᠯᠥᠪᠯᠡᠨ | ᠬᠠᠮᠢᠶᠠᠷᠬᠤ ᠶᠢ ᠬᠡᠷᠡᠭᠵᠢᠭᠦᠯᠪᠡ᠃ ︽ᠣᠷᠣᠨ ᠪᠦᠰᠡ ᠨᠢᠭᠡ᠄ ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ | ᠳ᠋ᠦᠩ ᠾᠧ ᠲᠣᠭᠤᠷᠢᠭ᠂ ᠵᠢᠦᠶᠤᠸᠠᠨ ᠲᠣᠭᠤᠷᠢᠭ᠂ ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠠᠵᠤ ᠦᠢᠯᠡᠰ ᠤᠨ | ᠨᠡᠬᠡᠬᠡᠯᠲᠡ ᠶᠢᠨ ᠣᠷᠣᠨ᠂ ᠲᠦᠮᠡᠳ ᠪᠠᠷᠠᠭᠤᠨ ᠬᠤᠰᠢᠭᠤ᠃ ᠣᠷᠣᠨ ᠪᠦᠰᠡ ᠬᠤᠶᠠᠷ᠄ ᠭᠦᠶᠡᠩ ᠰᠢᠶᠠᠨ᠂ | ᠰᠢᠭᠤᠶᠢᠲᠤ ᠲᠣᠭᠤᠷᠢᠭ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ︾ ᠭᠡᠵᠦ ᠬᠤᠶᠠᠷ ᠣᠷᠣᠨ ᠪᠦᠰᠡ ᠬᠤᠪᠢᠶᠠᠪᠠ᠃ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠵᠢᠷᠤᠮᠵᠢᠭᠤᠯᠪᠠ | ︽ᠣᠽᠣᠨ ︵O3︶ ᠤ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ︾ ᠤᠨ ᠠᠷᠭ᠎ᠠ | ᠬᠡᠮᠵᠢᠶ᠎ᠡ ᠠᠪᠬᠤ ᠴᠢᠬᠤᠯᠠᠲᠠᠶ ᠡᠷᠡᠭᠦᠯ ᠮᠡᠨᠳᠦ ᠶᠢᠨ ᠬᠠᠮᠠᠭᠠᠯᠠᠯᠲᠠ᠂ ᠰᠠᠨᠠᠭᠠᠴᠢᠯᠠᠭ᠎ᠠ ᠶᠢᠨ ᠴᠢᠨᠠᠷᠲᠠᠶ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠴᠢ ᠠᠯᠪᠠᠳᠠᠯᠭ᠎ᠠ ᠶᠢᠨ ᠴᠢᠨᠠᠷᠲᠠᠶ ᠪᠠᠷ ᠬᠠᠮᠢᠶᠠᠷᠤᠨ ᠡᠵᠡᠮᠳᠡᠬᠦ ᠵᠡᠷᠭᠡ | ᠠᠷᠭ᠎ᠠ ᠬᠡᠮᠵᠢᠶ᠎ᠡ ᠶᠢ ᠨᠥᠬᠦᠪᠥᠷᠢᠯᠡᠪᠡ᠃ | ︵ᠲᠦᠷᠪᠡ︶ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠳᠡᠭᠡᠭᠰᠢᠯᠡᠭᠦᠯᠪᠡ ᠲᠣᠰ ᠤᠳᠠᠭ᠎ᠠ | ᠵᠠᠰᠠᠪᠤᠷᠢ ᠣᠷᠣᠭᠤᠯᠬᠤ ᠳᠤ ᠪᠠᠨ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠳᠡᠭᠡᠭᠰᠢᠯᠡᠭᠦᠯᠪᠡ᠂ | ᠲᠤᠬᠠᠶᠢᠯᠠᠪᠠᠯ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠲᠠᠰ ᠲᠥᠷᠥᠯ ᠬᠤᠪᠢᠶᠠᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠵᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠲᠠᠰ ᠤᠨ | ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠦᠢᠯᠡᠳᠪᠦᠷᠢᠯᠡᠯ ᠢ ᠵᠣᠭᠰᠣᠭᠠᠬᠤ ᠪᠤᠶᠤ | ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠬᠦ ᠥᠬᠡᠶ᠂ ᠬᠠᠷᠢᠨ ᠠᠮᠵᠢᠯᠲᠠ | ᠪᠦᠲᠦᠮᠵᠢ ᠶᠢᠨ A ᠲᠠᠰ ᠤᠨ ᠪᠠᠷᠢᠮᠵᠢᠶ᠎ᠠ ᠶᠢᠨ ᠠᠵᠤ ᠠᠬᠤᠶᠢᠯᠠᠯ ᠨᠢ ᠵᠥᠪᠬᠡᠨ ᠠᠵᠤ ᠠᠬᠤᠶᠢᠯᠠᠯ ᠤᠨ ᠵᠣᠬᠢᠶᠠᠨ | ᠪᠠᠶᠢᠭᠤᠯᠤᠯᠲᠠ ᠲᠠᠢ ᠭᠠᠳᠠᠭᠰᠢᠯᠠᠭᠤᠯᠤᠯᠲᠠ ᠶᠢᠨ ᠬᠡᠰᠡᠭ ᠨᠢ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ | ᠲᠦᠪᠰᠢᠨ ᠳᠤ ᠬᠦᠷᠬᠦ ᠶᠢ ᠱᠠᠭᠠᠷᠳᠠᠬᠤ ᠪᠠᠷ ᠪᠠᠷᠠᠬᠤ ᠥᠬᠡᠶ᠂ ᠵᠣᠬᠢᠶᠠᠨ ᠪᠠᠶᠢᠭᠤᠯᠤᠯᠲᠠ ᠥᠬᠡᠶ ᠪᠠᠷ | ᠭᠠᠳᠠᠭᠰᠢᠯᠠᠭᠤᠯᠬᠤ᠂ ᠠᠷᠢᠭᠤᠨ ᠴᠡᠪᠡᠷ ᠲᠡᠭᠡᠭᠡᠪᠦᠷᠢᠯᠡᠯᠲᠡ᠂ ᠣᠷᠴᠢᠨ ᠠᠬᠤᠶ ᠶᠢᠨ ᠬᠠᠮᠢᠶᠠᠷᠤᠯᠲᠠ᠂ ᠡᠭᠦᠳᠡᠨ | ᠬᠤᠷᠢᠭ᠎ᠠ ᠶᠢᠨ ᠰᠢᠰᠲ᠋ᠧᠮ ᠵᠡᠷᠭᠡ ᠶᠢ ᠴᠥᠮ ᠤᠯᠤᠰ ᠤᠨ ᠳᠣᠲᠣᠭᠠᠳᠤ ᠶᠢᠨ ᠲᠡᠷᠢᠭᠦᠨ ᠤ ᠲᠦᠪᠰᠢᠨ ᠳᠤ ᠬᠦᠷᠭᠡᠬᠦ | ᠪᠠᠷᠢᠮᠵᠢᠶ᠎ᠠ ᠶᠢ ᠳᠤᠷᠠᠳᠤᠨ ᠭᠠᠷᠭᠠᠪᠠ᠃ | ᠳᠥᠷᠪᠡ᠂ ᠭᠤᠤᠯ ᠠᠭᠤᠯᠭ᠎ᠠ ︽ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠤᠨ ᠠᠭᠤᠯᠭ᠎ᠠ ᠳᠤ | ᠶᠡᠷᠦᠩᠬᠡᠶ ᠲᠦᠷᠢᠮ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠂ ᠲᠦᠰᠦᠭᠡᠯᠡᠯ | ᠬᠢᠭᠡᠳ ᠰᠡᠷᠡᠮᠵᠢᠯᠡᠭᠦᠯᠦᠯ᠂ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ | ᠪᠡᠯᠡᠳᠬᠡᠯ ᠲᠥᠰᠦᠯ ᠤᠨ ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠯ᠂ ᠳᠠᠭᠠᠯᠳᠤᠭᠤᠯᠤᠯ ᠲᠦᠷᠢᠮ ᠵᠡᠷᠭᠡ 8 | ᠲᠠᠯ᠎ᠠ ᠶᠢ ᠪᠠᠭᠲᠠᠭᠠᠪᠠ᠃ | ︵ᠨᠢᠭᠡ︶ ᠶᠡᠷᠦᠩᠬᠡᠢ ᠳᠦᠷᠢᠮ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ | ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠪᠡᠯᠡᠳᠬᠡᠯ ᠲᠥᠰᠦᠯ ᠤᠨ ᠲᠣᠭᠲᠠᠯᠴᠠᠭ᠎ᠠ ᠪᠠ ᠠᠵᠢᠯ ᠤᠨ ᠵᠠᠷᠴᠢᠮ ᠢ | ᠲᠣᠳᠣᠷᠬᠠᠶᠢᠯᠠᠪᠠ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠃ ᠬᠤᠲᠠ ᠶᠢᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠪᠠ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠵᠤ᠂ ᠲᠣᠭᠲᠠᠯᠴᠠᠭ᠎ᠠ ᠶᠢᠨ ᠪᠦᠷᠢᠯᠳᠦᠬᠦᠨ ᠪᠠ | ᠡᠭᠦᠷᠭᠡ ᠬᠠᠷᠢᠭᠤᠴᠠᠯᠭ᠎ᠠ ᠶᠢ ᠳᠣᠪᠤᠶᠢᠯᠭᠠᠪᠠ᠃ | ︵ᠭᠤᠷᠪᠠ︶ ᠲᠦᠰᠦᠭᠡᠯᠡᠯ ᠬᠢᠭᠡᠳ ᠰᠡᠷᠡᠮᠵᠢᠯᠡᠭᠦᠯᠦᠯ᠃ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ | ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠣᠷᠣᠨ ᠬᠤᠪᠢᠶᠠᠨ ᠬᠠᠮᠢᠶᠠᠷᠬᠤ᠂ | ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠣᠬᠢᠷᠠᠭᠤᠯᠤᠯᠲᠠ ᠬᠢᠬᠦ | ᠪᠠ ᠬᠦᠴᠦᠨ ᠥᠬᠡᠶ ᠪᠣᠯᠭᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠬᠢᠨᠠᠨ ᠵᠥᠪᠰᠢᠶᠡᠷᠡᠬᠦ ᠳᠤ ᠬᠤᠯᠪᠣᠭᠳᠠᠯ ᠪᠥᠬᠦᠶ | ᠲᠣᠭᠲᠠᠭᠠᠯ ᠭᠠᠷᠭᠠᠪᠠ᠃ | ︵ᠲᠦᠷᠪᠡ︶ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ᠃ ᠪᠠᠴᠢᠮ ᠪᠠᠶᠢᠳᠠᠯ ᠢ ᠠᠷᠭᠠᠴᠠᠭᠠᠬᠤ ᠶᠢ | ᠳᠠᠭᠠᠬᠤ ᠶᠢ ᠲᠠᠰ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ ᠶᠢ ᠡᠬᠢᠯᠡᠭᠦᠯᠬᠦ᠂ ᠪᠠᠴᠢᠮ | ᠪᠠᠶᠢᠳᠠᠯ ᠢ ᠠᠷᠭᠠᠴᠠᠭᠠᠬᠤ ᠶᠢ ᠳᠠᠭᠠᠬᠤ ᠠᠷᠭ᠎ᠠ ᠬᠡᠮᠵᠢᠶ᠎ᠡ᠂ ᠮᠡᠳᠡᠭᠡ ᠵᠠᠩᠭᠢ ᠶᠢ ᠢᠯᠡ ᠪᠣᠯᠭᠠᠬᠤ᠂ ᠪᠠᠴᠢᠮ ᠪᠠᠶᠢᠳᠠᠯ ᠢ | ᠠᠷᠭᠠᠴᠠᠭᠠᠬᠤ ᠶᠢ ᠳᠠᠭᠠᠬᠤ ᠶᠢ ᠵᠣᠭᠰᠤᠭᠠᠬᠤ᠂ ᠳ᠋ᠦᠩᠨᠡᠨ ᠢᠯᠡ ᠪᠣᠯᠭᠠᠬᠤ ᠵᠡᠷᠭᠡ ᠬᠤᠯᠪᠣᠭᠳᠠᠯ ᠪᠦᠬᠦᠢ | ᠠᠭᠤᠯᠭ᠎ᠠ ᠶᠢ ᠲᠣᠳᠣᠷᠬᠠᠶᠢᠯᠠᠵᠤ᠂ ᠤᠷᠢᠳᠴᠢᠯᠠᠨ ᠰᠡᠷᠡᠮᠵᠢᠯᠡᠭᠦᠯᠬᠦ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ | ᠠᠷᠭ᠎ᠠ ᠬᠡᠮᠵᠢᠶ᠎ᠡ ᠳᠤ ᠶᠡᠷᠦᠩᠬᠡᠢ ᠱᠠᠭᠠᠷᠳᠠᠯᠭ᠎ᠠ ᠳᠤᠷᠠᠳᠤᠭᠰᠠᠨ ᠪᠥᠭᠡᠳ ᠱᠠᠲᠤ ᠬᠤᠪᠢᠶᠠᠨ ᠳᠠᠭᠠᠬᠤ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠪᠠ᠃ | ︵ᠲᠠᠪᠤ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠠᠷᠤᠳᠠᠯ ᠤᠨ ᠪᠠᠲᠤᠯᠠᠭ᠎ᠠ᠂ ᠠᠮᠤᠷ ᠲᠦᠪᠰᠢᠨ ᠤ ᠪᠠᠲᠤᠯᠠᠭ᠎ᠠ᠂ | ᠴᠢᠳᠠᠪᠤᠷᠢ ᠶᠢᠨ ᠪᠠᠲᠤᠯᠠᠭ᠎ᠠ᠂ ᠨᠡᠪᠲᠡᠷᠡᠯᠴᠡᠭᠡᠨ ᠤ ᠪᠠᠲᠤᠯᠠᠭ᠎ᠠ ᠵᠡᠷᠭᠡ ᠬᠤᠯᠪᠣᠭᠳᠠᠯ ᠪᠥᠬᠦᠶ ᠠᠭᠤᠯᠭ᠎ᠠ ᠶᠢ | ᠲᠣᠳᠣᠷᠬᠠᠶᠢᠯᠠᠪᠠ᠃ | ︵ᠵᠢᠷᠭᠤᠭ᠎ᠠ︶ ᠪᠡᠯᠡᠳᠭᠡᠯ ᠲᠥᠰᠦᠯ ᠤᠨ ᠬᠠᠮᠢᠶᠠᠷᠤᠯᠲᠠ᠃ ᠪᠡᠯᠡᠳᠬᠡᠯ ᠲᠥᠰᠦᠯ ᠤᠨ ᠤᠬᠠᠭᠤᠯᠭ᠎ᠠ᠂ | ᠪᠣᠯᠪᠠᠰᠤᠷᠠᠯ ᠰᠣᠷᠢᠯᠲᠠ᠂ ᠪᠡᠯᠡᠳᠬᠡᠯ ᠲᠥᠰᠦᠯ ᠢ ᠳᠠᠩᠰᠠᠯᠠᠭᠤᠯᠬᠤ ᠵᠡᠷᠭᠡ ᠬᠤᠯᠪᠣᠭᠳᠠᠯ ᠪᠥᠬᠦᠶ ᠠᠭᠤᠯᠭ᠎ᠠ ᠶᠢ | ᠲᠣᠳᠣᠷᠬᠠᠶᠢᠯᠠᠪᠠ᠃ | ︵ᠳᠤᠯᠤᠭ᠎ᠠ︶ ᠬᠠᠷᠢᠭᠤᠴᠠᠯᠭ᠎ᠠ ᠨᠡᠬᠡᠮᠵᠢᠯᠡᠯ᠃ ᠬᠦᠨᠳᠦ ᠪᠣᠬᠢᠷᠲᠤᠯ ᠲᠠᠢ ᠴᠠᠭ ᠠᠭᠤᠷ ᠤᠨ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠲᠣᠳᠣᠷᠬᠠᠶᠢᠯᠠᠪᠠ᠃ | | ︵ᠨᠠᠢᠮᠠ︶ ᠳᠠᠭᠠᠯᠳᠤᠭᠤᠯᠤᠯ ᠳᠦᠷᠢᠮ᠃ ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠵᠢᠴᠢ ᠬᠦᠴᠦᠨ ᠪᠦᠬᠦᠢ | ᠬᠤᠭᠤᠴᠠᠭ᠎ᠠ ᠶᠢ ᠲᠣᠳᠣᠷᠬᠠᠶᠢᠯᠠᠪᠠ᠃ |