︽ᠭᠤᠸᠠᠩᠮᠢᠩ ᠡᠳᠦᠷ ᠤᠨ ᠰᠣᠨᠢᠨ ᠤ ᠬᠡᠷᠡᠭᠯᠡᠭᠴᠢ ᠶᠢᠨ ᠵᠠᠮᠴᠢ︾ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ︽ᠵᠠᠭᠤᠨ ᠳ᠋ᠦᠩᠰᠢᠭᠤᠷ ᠳᠡᠰ︾ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠰᠢᠨᠡᠳᠬᠡᠪᠡ
ᠨᠡᠶᠢᠲᠡᠯᠡᠭᠰᠡᠨ ᠴᠠᠭ᠄
2024/7/3
     ᠰᠢᠨ᠎ᠡ ᠮᠠᠲ᠋ᠧᠷᠢᠶᠠᠯ ᠪᠣᠯ ᠨᠡᠶᠢᠭᠡᠮ ᠤᠨ ᠬᠥᠭᠵᠢᠯᠲᠡ ᠶᠢᠨ ᠪᠣᠳᠠᠰ ᠤᠨ ᠰᠠᠭᠤᠷᠢ ᠪᠠ ᠤᠳᠤᠷᠢᠳᠤᠮᠵᠢ ᠮᠥᠨ᠂ ᠨᠢᠭᠡ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶᠡᠨ ᠤ ᠪᠣᠳᠠᠲᠤ ᠬᠦᠴᠦᠨ ᠤ ᠪᠣᠳᠠᠲᠠᠢ ᠢᠯᠡᠷᠡᠯ ᠮᠥᠨ᠂ ᠤᠳᠤ ᠦᠶ᠎ᠡ ᠶᠢᠨ ᠳᠡᠭᠡᠳᠦ ᠮᠡᠷᠭᠡᠵᠢᠯ ᠤᠨ ᠬᠥᠭᠵᠢᠯᠲᠡ ᠨᠢ ᠴᠥᠮ ᠰᠢᠨ᠎ᠡ ᠮᠠᠲ᠋ᠧᠷᠢᠶᠠᠯ ᠤᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠪᠠᠶᠢᠳᠠᠭ᠃      ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠭᠡᠳᠡᠭ ᠨᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ᠂ ᠤᠰᠤᠲᠥ᠋ᠷᠥᠭᠴᠢ ᠬᠠᠳᠠᠭᠠᠯᠠᠬᠤ᠂ ᠲᠦᠷᠭᠡᠳᠬᠡᠬᠦ᠂ ᠭᠢᠯᠠᠶᠢᠯᠭᠠᠬᠤ᠂ ᠬᠠᠶᠢᠯᠤᠰᠢ ᠵᠡᠷᠭᠡ ᠮᠠᠲ᠋ᠧᠷᠢᠶᠠᠯ ᠤᠨ ᠶᠡᠷᠦᠩᠬᠡᠢ ᠨᠡᠶᠢᠯᠡᠪᠦᠷᠢ ᠶᠢ ᠵᠢᠭᠠᠵᠤ ᠪᠣᠶ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠣᠷᠢᠨᠵᠢᠨ ᠤ ᠤᠬᠠᠭᠠᠨ ᠪᠠ ᠰᠣᠷᠢᠨᠵᠢᠨ ᠤ ᠴᠢᠨᠠᠷᠲᠠᠢ ᠮᠠᠲ᠋ᠧᠷᠢᠶᠠᠯ ᠤᠨ ᠲᠤᠰᠬᠠᠢ ᠮᠡᠷᠭᠡᠵᠢᠯᠲᠡᠨ ᠯᠢ ᠸᠧᠢ ᠶᠢᠨ ᠦᠵᠡᠬᠦ ᠪᠠᠷ᠂ ᠬᠤᠪᠣᠷ ᠰᠢᠷᠣᠢ ᠪᠣᠯ ᠰᠢᠨ᠎ᠡ ᠮᠠᠲ᠋ᠧᠷᠢᠶᠠᠯ ᠤᠨ ᠡᠬᠡ ᠮᠥᠨ᠂ ᠲᠡᠭᠦᠨ ᠢ ᠴᠡᠷᠢᠭ ᠤᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠣᠨ ᠮᠡᠳᠡᠭᠡ ᠵᠠᠩᠭᠢ᠂ ᠬᠡᠷᠡᠯ ᠤᠨ ᠤᠬᠠᠭᠠᠨ᠂ ᠴᠥᠮ᠎ᠡ ᠶᠢᠨ ᠠᠵᠤ ᠦᠢᠯᠡᠳᠪᠦᠷᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠵᠦ ᠪᠣᠯᠣᠨ᠎ᠠ᠃     ᠬᠡᠷᠬᠢᠨ ᠬᠤᠪᠣᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠣᠯᠭᠠᠨ ᠬᠤᠪᠢᠷᠠᠭᠤᠯᠵᠤ᠂ ᠮᠠᠨ ᠤ ᠤᠯᠤᠰ ᠢᠶᠠᠨ ᠳᠡᠯᠡᠬᠡᠢ ᠶᠢᠨ ᠰᠢᠨ᠎ᠡ ᠮᠠᠲ᠋ᠧᠷᠢᠶᠠᠯ ᠤᠨ ᠬᠦᠷᠢᠶᠡᠨ ᠳᠤ ᠵᠣᠬᠢᠬᠤ ᠪᠠᠶᠢᠷᠢ ᠰᠠᠭᠤᠷᠢ ᠲᠠᠢ ᠪᠣᠯᠭᠠᠬᠤ ᠪᠣᠶ︖     ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠪᠤᠭᠤᠲᠤ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠠᠰᠢᠭᠲᠠᠢ ᠠᠵᠠ ᠲᠣᠬᠢᠶᠠᠯ ᠢ ᠵᠠᠪᠳᠤᠨ ᠠᠳᠬᠤᠵᠤ᠂ ︽ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ︾ ᠢ ᠪᠠᠶᠢᠭᠤᠯᠬᠤ ᠲᠣᠭᠤᠷᠢᠨ ᠳᠤ᠂ ︽ᠥᠨᠳᠥᠷ ᠲᠣᠮᠣ ᠳᠡᠭᠡᠳᠦ ᠱᠠᠲᠤ︾ ︽ᠬᠡᠯᠬᠢᠶᠡᠵᠢᠭᠦᠯᠦᠨ ᠪᠥᠭᠡᠮ ᠢᠶᠠᠷ ᠲᠣᠬᠢᠷᠠᠭᠤᠯᠬᠤ︾ ᠱᠠᠭᠠᠷᠳᠠᠯᠭ᠎ᠠ ᠶᠣᠰᠣᠭᠠᠷ᠂ ᠬᠦᠴᠦᠨ ᠢᠶᠠᠨ ᠲᠥᠪᠯᠡᠷᠡᠭᠦᠯᠦᠨ ᠠᠵᠢᠯ ᠲᠥᠷᠥᠯ ᠤᠨ ᠲᠣᠯᠣᠭᠠᠢ ᠶᠢᠨ ᠠᠵᠤ ᠠᠬᠤᠶᠢᠯᠠᠯ ᠪᠠ ᠲᠥᠷᠥᠯ ᠵᠦᠢᠯ ᠢ ᠲᠡᠳᠡᠨ ᠠᠪᠴᠢᠷᠠᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ᠂ ᠴᠢᠳᠠᠮᠵᠢᠲᠤ ᠮᠠᠲ᠋ᠧᠷᠢᠶᠠᠯ ᠵᠡᠷᠭᠡ ᠳᠤᠮᠳᠠ ᠳᠣᠣᠷᠠᠳᠤ ᠤᠷᠤᠰᠬᠠᠯ ᠤᠨ ᠪᠠᠭᠤᠷᠠᠢ ᠲᠠᠯ᠎ᠠ ᠶᠢ ᠲᠦᠷᠭᠡᠳᠬᠡᠨ ᠨᠥᠬᠦᠪᠦᠷᠢᠯᠡᠵᠦ᠂ ᠬᠥᠲᠥᠴᠢ ᠠᠵᠤ ᠠᠬᠤᠶᠢᠯᠠᠯ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢ ᠪᠤᠵᠠᠭᠠᠶᠢᠷᠠᠭᠤᠯᠤᠨ᠂ ᠵᠠᠬ᠎ᠠ ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ ᠤᠨ ᠱᠠᠲᠤᠯᠵᠢᠨ ᠡᠩᠨᠡᠭᠡ ᠶᠢᠨ ᠪᠣᠶᠢᠵᠢᠭᠤᠯᠤᠯᠲᠠ ᠶᠢ ᠴᠢᠩᠭᠠᠳᠬᠠᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠮᠠᠲ᠋ᠧᠷᠢᠶᠠᠯ ᠤᠨ ᠪᠠᠭᠠᠵᠢ ᠬᠡᠷᠡᠭᠰᠡᠯ ᠪᠣᠯᠬᠤ᠂ ᠳᠡᠭᠡᠳᠦ ᠲᠠᠰ ᠳᠠᠰᠢ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠣ ᠪᠠᠶᠢᠨ᠎ᠠ᠃     ᠲᠤᠰ ᠰᠠᠷ᠎ᠠ ᠶᠢᠨ ᠰᠡᠭᠦᠯᠴᠢ ᠪᠠᠷ᠂ ᠪᠤᠭᠤᠲᠤ ᠶᠢᠨ ᠠᠨ ᠳᠤ ᠶᠣᠣ ᠵᠤᠤᠬ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 12 ᠲᠦᠮᠡᠨ ᠲᠣᠨ ᠯᠠᠨᠲ᠋ᠠᠨ ᠼᠧᠷᠢ ᠦᠢᠯᠡᠳᠪᠦᠷᠢᠯᠡᠬᠦ ᠬᠡᠷᠡᠭᠯᠡᠭᠡᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠬᠤᠪᠢᠷᠠᠭᠤᠯᠬᠤ ᠰᠠᠭᠤᠷᠢᠨ ᠤ ᠲᠦᠷᠦᠯ ᠵᠦᠢᠯ ᠵᠢᠩᠬᠢᠨᠢ ᠪᠠᠷ ᠠᠰᠢᠭᠯᠠᠯᠲᠠ ᠳᠤ ᠣᠷᠣᠬᠤ ᠪᠠᠷ ᠪᠤᠢ᠃ ᠲᠣᠰ ᠲᠥᠷᠥᠯ ᠵᠦᠢᠯ ᠨᠢ ᠪᠤᠭᠤᠲᠤ ᠶᠢᠨ ᠬᠤᠪᠣᠷ ᠰᠢᠷᠣᠢ ᠵᠢᠴᠢ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠠᠵᠢᠯ ᠲᠥᠷᠥᠯ ᠤᠨ ᠳᠣᠲᠣᠷ᠎ᠠ ᠪᠠᠨ ᠡᠩ ᠲᠡᠷᠢᠭᠦᠨ ᠳᠤ ᠬᠤᠪᠣᠷ ᠰᠢᠷᠣᠢ ᠶᠢᠨ ᠨᠡᠶᠢᠯᠡᠮᠡᠯ ᠢᠯᠴᠢ ᠳᠠᠮᠵᠢᠭᠤᠯᠬᠤ ᠳᠠᠷᠤᠯᠲᠠᠲᠤ ᠮᠠᠲ᠋ᠧᠷᠢᠶᠠᠯ᠂ ᠬᠤᠪᠣᠷ ᠰᠢᠷᠣᠢ ᠶᠢᠨ ᠨᠡᠶᠢᠯᠡᠮᠡᠯ ᠢᠯᠴᠢ ᠬᠥᠨᠳᠡᠶᠢᠷᠡᠭᠦᠯᠬᠦ ᠳᠠᠷᠤᠯᠲᠠᠲᠤ ᠮᠠᠲ᠋ᠧᠷᠢᠶᠠᠯ ᠵᠡᠷᠭᠡ ᠬᠡᠳᠦᠨ ᠠᠷᠪᠠᠨ ᠵᠦᠢᠯ ᠤᠨ ᠬᠤᠪᠣᠷ ᠰᠢᠷᠣᠢ ᠶᠢᠨ ᠭᠠᠯ ᠳᠠᠭᠠᠭᠠᠬᠤ ᠴᠢᠳᠠᠮᠵᠢᠲᠤ ᠦᠢᠯᠡᠳᠬᠦᠨ ᠢ ᠨᠡᠭᠡᠭᠡᠨ ᠬᠥᠭᠵᠢᠭᠦᠯᠵᠦ᠂ ᠣᠳᠣᠬᠠᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠨᠳᠥᠷ ᠳᠤᠯᠠᠭᠠᠨ ᠤ ᠤᠭᠤᠷᠬᠠᠶ ᠶᠢᠨ ᠵᠤᠤᠬ᠎ᠠ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠪᠡ᠃ ᠣᠳᠣᠬᠠᠨ ᠳᠤ ᠠᠵᠤ ᠠᠬᠤᠶᠢᠯᠠᠯ ᠨᠢᠭᠡᠨᠲᠡ 20 ᠭᠠᠷᠤᠢ ᠠᠵᠤ ᠠᠬᠤᠶᠢᠯᠠᠯ ᠤᠨ ᠰᠠᠨᠠᠯ ᠤᠨ ᠵᠠᠬᠢᠶᠠᠯᠠᠭ᠎ᠠ ᠶᠢᠨ ᠬᠠᠭᠤᠳᠠᠰᠤ ᠶᠢ ᠬᠦᠯᠢᠶᠡᠨ ᠠᠪᠤᠭᠰᠠᠨ ᠪᠠᠶᠢᠨ᠎ᠠ᠃     ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᡁᠢ ᠫᠢᠩ ᠤᠨ ᠲᠠᠨᠢᠯᠴᠠᠭᠤᠯᠤᠭᠰᠠᠨ ᠢᠶᠠᠷ᠂ ᠨᠢᠳᠤᠨᠤᠨ᠂ ᠠᠨᠳᠧ ᠺᠣᠮᠫᠠᠨᠢ ᠪᠤᠭᠤᠲᠤ ᠳᠤ ᠵᠢᠯ ᠳᠤ 12 ᠲᠦᠮᠡᠨ ᠲᠣᠨ ᠯᠠᠨᠲ᠋ᠠᠨ ᠼᠧᠷᠢ ᠶᠢᠨ ᠭᠠᠷᠤᠯᠲᠠ ᠶᠢᠨ ᠬᠡᠷᠡᠭᠯᠡᠭᠡᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠬᠤᠪᠢᠷᠠᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠭᠤᠯᠵᠤ᠂ ᠡᠭᠦᠨ ᠤ ᠬᠠᠮᠲᠤ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ ᠲᠠᠢ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠵᠤ᠂ ᠤᠯᠠᠮᠵᠢᠯᠠᠯᠲᠤ ᠭᠠᠯ ᠳᠠᠭᠠᠭᠠᠬᠤ ᠮᠠᠲ᠋ᠧᠷᠢᠶᠠᠯ ᠤᠨ ᠢᠯᠴᠢ ᠶᠢ ᠬᠥᠨᠳᠡᠶᠢᠷᠡᠭᠦᠯᠵᠦ ᠳᠤᠯᠠᠭᠠᠨ ᠢ ᠬᠠᠳᠠᠭᠠᠯᠠᠬᠤ ᠴᠢᠳᠠᠪᠬᠢ ᠪᠠᠷ ᠠᠨᠠᠢ᠂ ᠰᠠᠴᠤᠷᠠᠯᠲᠠ ᠶᠢᠨ ᠢᠯᠴᠢ ᠶᠢ ᠠᠰᠢᠭᠯᠠᠬᠤ ᠪᠠᠷ ᠪᠠᠭ᠎ᠠ᠂ ᠣᠳᠣᠭᠠᠨ ᠤ ᠤᠷᠤᠰᠬᠠᠭᠳᠠᠯ ᠤᠨ ᠢᠯᠴᠢ ᠶᠢᠨ ᠬᠡᠮᠵᠢᠶ᠎ᠡ ᠠᠷᠪᠢᠨ ᠵᠡᠷᠭᠡ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ 15% ᠠᠴᠠ ᠳᠡᠭᠡᠭᠰᠢᠬᠢ ᠡᠨᠧᠷᠭᠢ ᠠᠷᠪᠢᠯᠠᠬᠤ ᠦᠷ᠎ᠡ ᠪᠦᠲᠦᠮᠵᠢ ᠶᠢ ᠪᠡᠶᠡᠯᠡᠭᠦᠯᠵᠦ᠂ ᠦᠢᠯᠡᠳᠬᠦᠨ ᠢ ᠣᠳᠣᠬᠠᠨ ᠳᠤ ᠨᠢᠭᠡᠨᠲᠡ ᠪᠤᠭᠤᠲᠤ ᠶᠢᠨ ᠠᠵᠤ ᠠᠬᠤᠶᠢᠯᠠᠯ ᠤᠨ ᠸᠧᠢ ᠹᠥ᠋ᠩ ᠴᠠᠬᠢᠯᠭᠠᠨ ᠰᠣᠷᠢᠨᠵᠢᠨ᠂ ᠬᠤᠸᠠ ᠮᠧᠢ ᠬᠤᠪᠣᠷ ᠰᠢᠷᠣᠢ ᠵᠡᠷᠭᠡ ᠺᠣᠮᠫᠠᠨᠢ ᠳᠤ ᠬᠡᠷᠡᠭᠯᠡᠵᠦ ᠪᠤᠢ᠃      ᠣᠶᠢᠷ᠎ᠠ ᠳᠤ᠂ ᠪᠤᠭᠤᠲᠤ ᠶᠢᠨ ᠼᠢ ᠰᠢᠨ ᠡᠯᠧᠺᠲᠷᠣᠨ ᠤ ᠬᠢᠵᠠᠭᠠᠷᠲᠤ ᠺᠣᠮᠫᠠᠨᠢ ᠶᠢᠨ ᠵᠢᠯ ᠳᠤ 1 ᠳ᠋ᠦᠩᠰᠢᠭᠤᠷ ᠮᠥᠬᠦᠯᠢᠭ ᠬᠡᠯᠪᠡᠷᠢ ᠶᠢᠨ ᠴᠡᠴᠡᠷᠡᠬᠦ ᠶᠢ ᠰᠡᠷᠭᠡᠶᠢᠯᠡᠬᠦ ᠰᠢᠨ᠎ᠡ ᠬᠡᠯᠪᠡᠷᠢ ᠶᠢᠨ ᠮᠣᠲ᠋ᠣᠷ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠳᠡᠭᠡᠷ᠎ᠡ᠂ ᠨᠢᠭᠡ ᠪᠦᠯᠦᠭ OPPO ᠲᠤᠭᠴᠢ ᠨᠢᠰᠬᠡᠯ ᠤᠨ ᠭᠤᠷᠪᠠᠨ ᠲᠡᠩᠭᠡᠯᠢᠭᠲᠦ ᠥᠩᠬᠦᠷᠢᠭᠦᠯ ᠬᠡᠯᠪᠡᠷᠢ ᠶᠢᠨ ᠴᠡᠴᠡᠷᠡᠬᠦ ᠶᠢ ᠰᠡᠷᠭᠡᠶᠢᠯᠡᠬᠦ ᠮᠣᠲ᠋ᠣᠷ ᠶᠠᠭ ᠱᠠᠯᠠᠪᠳᠠᠨ ᠦᠢᠯᠡᠳᠪᠦᠷᠢᠯᠡᠵᠦ ᠪᠠᠶᠢᠨ᠎ᠠ᠃ ᠡᠨᠡ ᠵᠢᠯ᠂ ᠰᠣᠷᠢᠨᠵᠢᠨ ᠰᠣᠷᠭᠤᠭ ᠡᠯᠧᠺᠲᠷᠣᠨ OPPO ᠭᠠᠷ ᠤᠲᠠᠰᠤᠨ ᠤ 2000 ᠲᠦᠮᠡᠨ ᠰᠠᠤᠷᠢ ᠴᠡᠴᠡᠷᠡᠬᠦ ᠶᠢ ᠰᠡᠷᠭᠡᠶᠢᠯᠡᠬᠦ ᠮᠣᠲ᠋ᠣᠷ ᠦᠢᠯᠡᠳᠪᠦᠷᠢᠯᠡᠬᠦ ᠵᠠᠬᠢᠶᠠᠯᠠᠭ᠎ᠠ ᠶᠢᠨ ᠬᠠᠭᠤᠳᠠᠰᠤ ᠶᠢ ᠣᠯᠵᠤ᠂ ᠪᠤᠭᠤᠲᠤ ᠪᠣᠯᠣᠨ ᠸᠢᠶᠧᠲᠨᠠᠮ ᠤᠨ ᠬᠤᠶᠠᠷ ᠦᠢᠯᠡᠳᠪᠦᠷᠢᠯᠡᠯ ᠤᠨ ᠰᠠᠭᠤᠷᠢᠨ ᠰᠠᠷ᠎ᠠ ᠪᠦᠷᠢ 200 ᠲᠦᠮᠡᠨ ᠰᠠᠤᠷᠢ ᠮᠠᠰᠢᠨ ᠲᠤᠰᠢᠶᠠᠬᠤ ᠬᠡᠮᠵᠢᠶ᠎ᠡ ᠶᠢ ᠪᠠᠲᠤᠯᠠᠬᠤ ᠪᠠᠷ ᠪᠣᠢ᠃     ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠢ ᠪᠠᠶᠢᠭᠤᠯᠬᠤ ᠪᠠᠷ ᠮᠡᠷᠡᠶᠢᠵᠣ ᠪᠣᠢ᠂ ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠬᠤᠪᠣᠷ ᠰᠢᠷᠣᠢ ᠶᠢᠨ ᠠᠵᠤ ᠦᠢᠯᠡᠰ ᠤᠨ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠶᠢᠨ ᠯᠢ ᠲᠣᠭᠲᠠᠮᠠᠯ ᠰᠣᠷᠢᠨᠵᠢᠨ᠂ ᠲᠢᠶᠠᠨ ᠾᠧ ᠰᠣᠷᠢᠨᠵᠢᠨ ᠮᠠᠲ᠋ᠧᠷᠢᠶᠠᠯ ᠵᠡᠷᠭᠡ ᠲᠡᠷᠢᠭᠦᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠢᠳᠡᠪᠬᠢᠲᠡᠢ ᠥᠷᠭᠡᠳᠬᠡᠬᠦ ᠶᠢ ᠠᠬᠢᠭᠤᠯᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠨᠡᠮᠡᠭᠳᠡᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ᠂ ᠺᠧ ᠲᠢᠶᠠᠨ ᠰᠣᠷᠢᠨᠵᠢᠨ ᠦᠢᠯᠡᠰ᠂ ᠠᠨ ᠲᠠᠢ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ᠂ ᠳ᠋ᠠ ᠳ᠋ᠢ ᠰᠢᠶᠦ᠋ᠩ ᠵᠡᠷᠭᠡ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠰᠣᠷᠢᠨᠵᠢᠨ ᠮᠠᠲ᠋ᠧᠷᠢᠶᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠡᠳᠦ ᠲᠠᠰ ᠤᠨ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠ ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠢ ᠥᠷᠭᠡᠳᠬᠡᠨ᠎ᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠳᠤᠭᠠᠷ ᠴᠠᠭᠠᠷᠢᠭ᠂ ᠵᠢᠩᠬᠢᠨᠢ ᠲᠡᠯᠡᠶ ᠶᠢᠨ ᠰᠣᠷᠢᠨᠵᠢᠨ ᠮᠠᠲ᠋ᠧᠷᠢᠶᠠᠯ᠂ ᠳᠤᠮᠳᠠᠳᠤ ᠤᠯᠤᠰ ᠤᠨ ᠶᠤᠸᠠᠨ ᠤᠯᠤᠰ ᠤᠨ ᠰᠣᠷᠢᠨᠵᠢᠨ ᠠᠵᠤ ᠦᠢᠯᠡᠰ᠂ ᠳᠤᠮᠳᠠᠳᠤ ᠤᠯᠤᠰ ᠤᠨ ᠪᠣᠯᠣᠳ ᠲᠡᠮᠦᠷ ᠤᠨ ᠺᠣᠮᠫᠠᠨᠢ ᠶᠢᠨ ᠲᠢᠶᠠᠨ ᠶᠤᠸᠠᠨ ᠵᠡᠷᠭᠡ ᠪᠣᠳᠠᠲᠤ ᠬᠦᠴᠦᠨ ᠢᠶᠠᠷ ᠴᠢᠩᠭ᠎ᠠ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠶᠡᠬᠡᠪᠡᠷ ᠵᠣᠯᠭᠠᠭᠤᠯᠵᠤ᠂ ᠰᠣᠷᠢᠨᠵᠢᠨ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶ᠎ᠡ ᠶᠢ  ᠪᠣᠵᠠᠭᠠᠶᠢᠷᠠᠭᠤᠯᠵᠣ ᠪᠠᠶᠢᠨ᠎ᠠ᠃     ᠤᠰᠤᠲᠥ᠋ᠷᠥᠭᠴᠢ ᠶᠢ ᠬᠠᠳᠠᠭᠠᠯᠠᠬᠤ᠂ ᠬᠠᠶᠢᠯᠤᠰᠢ᠂ ᠭᠢᠯᠠᠶᠢᠯᠭᠠᠬᠤ᠂ ᠲᠦᠷᠭᠡᠳᠬᠡᠬᠦ᠂ ᠬᠡᠷᠡᠯ ᠤᠨ ᠴᠢᠳᠠᠮᠵᠢ ᠵᠡᠷᠭᠡ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠡᠭᠦᠳᠴᠦ᠂ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ ᠬᠤᠪᠣᠷ ᠰᠢᠷᠣᠢ ᠶᠢᠨ ᠤᠰᠤᠲᠥ᠋ᠷᠥᠭᠴᠢ ᠶᠢ ᠬᠠᠳᠠᠭᠠᠯᠠᠬᠤ ᠮᠠᠲ᠋ᠧᠷᠢᠶᠠᠯ ᠪᠠ ᠭᠢᠯᠠᠶᠢᠯᠭᠠᠬᠤ ᠮᠠᠲ᠋ᠧᠷᠢᠶᠠᠯ ᠢ ᠥᠨᠳᠥᠷ ᠪᠦᠲᠦᠮᠵᠢᠲᠡᠶ ᠪᠠᠷ ᠬᠥᠭᠵᠢᠭᠦᠯᠵᠦ᠂ ᠭᠦᠸᠧ ᠷᠦᠢ ᠰᠢᠨᠵᠢᠯᠡᠬᠦ ᠤᠬᠠᠭᠠᠨ ᠤ ᠡᠭᠦᠳᠦᠯᠲᠡ ᠶᠢᠨ ᠪᠥᠬᠦ ᠤᠯᠤᠰ ᠲᠤ ᠠᠩᠬ᠎ᠠ ᠡᠭᠦᠳᠦᠭᠰᠡᠨ ᠬᠠᠲᠠᠭᠤ ᠪᠡᠶᠡᠲᠦ ᠤᠰᠤᠲᠥ᠋ᠷᠥᠭᠴᠢ ᠶᠢ ᠬᠠᠳᠠᠭᠠᠯᠠᠬᠤ ᠲᠣᠨᠣᠭᠯᠠᠯ᠂ ᠲᠢᠶᠠᠨ ᠵᠢᠶᠣᠣ ᠴᠢᠩ ᠮᠧᠶ ᠬᠤᠶᠠᠳᠤᠭᠠᠷ ᠬᠤᠭᠤᠴᠠᠭᠠᠨ ᠤ 6000 ᠲᠣᠨ ᠭᠢᠯᠠᠶᠢᠯᠭᠠᠬᠤ ᠨᠤᠨᠳᠠᠭ ᠵᠡᠷᠭᠡ ᠲᠥᠷᠥᠯ ᠵᠦᠢᠯ ᠤᠨ ᠴᠢᠳᠠᠮᠵᠢ ᠶᠢ ᠥᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠡᠭᠡᠳᠦ ᠲᠠᠰ ᠤᠨ ᠬᠡᠷᠡᠭᠯᠡᠭᠡᠨ ᠳᠤ ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ  ᠃ ᠣᠨᠴᠠᠭᠠᠶ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ᠂ ᠴᠤᠯᠤ ᠴᠡᠪᠡᠷ ᠲᠡᠮᠦᠷᠯᠢᠭ ᠪᠣᠯᠣᠨ ᠨᠢᠭᠡᠳᠪᠦᠷᠢ ᠪᠣᠳᠠᠰ᠂ ᠲᠡᠮᠦᠷᠯᠢᠭ ᠫᠠᠢ ᠮᠠᠲ᠋ᠧᠷᠢᠶᠠᠯ ᠵᠡᠷᠭᠡ ᠣᠨᠴᠠ ᠲᠥᠷᠥᠯ ᠤᠨ ᠮᠠᠲ᠋ᠧᠷᠢᠶᠠᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠰᠠᠯᠠᠭ᠎ᠠ ᠶᠢᠨ ᠳᠠᠬᠢᠯᠲᠠ᠂ ᠰᠠᠨ ᠯᠦᠩ ᠰᠢᠨ᠎ᠡ ᠮᠠᠲ᠋ᠧᠷᠢᠶᠠᠯ᠂ ᠮᠢᠩ ᠰᠢᠨ ᠬᠤᠪᠣᠷ ᠰᠢᠷᠣᠢ᠂ ᠰᠢᠨ ᠢᠦᠢ ᠬᠤᠪᠣᠷ ᠰᠢᠷᠣᠢ ᠵᠡᠷᠭᠡ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠡᠮᠵᠢᠵᠦ᠂ ᠦᠢᠯᠡᠳᠪᠦᠷᠢᠯᠡᠯ ᠢᠶᠠᠨ ᠥᠷᠭᠡᠳᠬᠡᠨ᠂ ᠬᠤᠪᠣᠷ ᠰᠢᠷᠣᠢ ᠶᠢᠨ ᠣᠨᠴᠣᠭᠤᠢ ᠴᠢᠳᠠᠮᠵᠢᠲᠤ ᠮᠠᠲ᠋ᠧᠷᠢᠶᠠᠯ ᠢ ᠲᠦᠷᠭᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠤᠭᠤᠲᠤ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ 25 ᠲᠦᠮᠡᠨ ᠲᠣᠨ   ᠠᠴᠠ ᠳᠡᠭᠡᠭᠰᠢ ᠳᠤ ᠬᠦᠷᠦᠭᠦᠯᠬᠦ ᠳᠤ ᠬᠦᠴᠦ ᠨᠡᠮᠡᠷᠢᠯᠡᠵᠦ᠂ ᠶᠡᠷᠦᠩᠬᠡᠶᠢᠯᠡᠭᠰᠡᠨ ᠬᠡᠪᠴᠢᠶ᠎ᠡ ᠶᠢ ᠪᠥᠬᠦ ᠤᠯᠤᠰ ᠲᠤ ᠨᠢᠭᠡᠳᠦᠭᠡᠷ ᠲᠤ ᠣᠷᠣᠭᠤᠯᠬᠤ ᠶᠢ ᠪᠡᠶᠡᠯᠡᠭᠦᠯᠦᠨ᠎ᠡ᠃     ᠲᠡᠷᠡ ᠨᠢ ᠤᠶᠤᠨ ᠪᠢᠯᠢᠭ ᠬᠤᠶᠠᠷ ᠨᠢᠳᠦ ᠲᠠᠢ᠂ ᠪᠦᠲᠦᠭᠡᠭᠳᠡᠬᠦᠨ ᠤ ᠰᠠᠶᠢᠨ ᠮᠠᠭᠤ ᠶᠢ ᠥᠪᠡᠷ ᠢᠶᠠᠨ ᠢᠯᠭᠠᠨ ᠲᠠᠨᠢᠵᠤ ᠴᠢᠳᠠᠳᠠᠭ᠃ ᠰᠡᠴᠡᠨ ᠰᠡᠷᠭᠦᠯᠡᠩ ᠶᠡᠭᠡ ᠲᠠᠷᠢᠬᠢ ᠲᠠᠢ᠂ 24 ᠴᠠᠭ ᠲᠤ ᠪᠡᠶ᠎ᠡ ᠪᠠᠨ ᠳᠠᠭᠠᠭᠠᠵᠤ ᠠᠵᠢᠯᠯᠠᠳᠠᠭ ᠃ ᠤᠶᠠᠨ ᠬᠠᠳᠠᠨ ᠭᠠᠷ ᠲᠠᠢ ᠪᠠᠶᠢᠵᠤ᠂ ᠪᠦᠲᠦᠭᠡᠭᠳᠡᠬᠦᠨ ᠢ ᠠᠦ᠋ᠲ᠋ᠣ᠋ ᠬᠠᠶᠢᠷᠴᠠᠭ ᠲᠤ ᠰᠠᠪᠠᠯᠠᠵᠤ ᠣᠪᠣᠭᠠᠯᠠᠬᠤ ᠶᠢ ᠪᠡᠶᠡᠯᠡᠭᠦᠯᠦᠨ᠎ᠡ  ᠃ ᠪᠠᠰᠠ ᠬᠥᠮᠥᠨ ᠤ ᠰᠡᠳᠬᠢᠯ ᠢ ᠣᠶᠢᠯᠠᠭᠠᠬᠤ ᠵᠠᠩ ᠴᠢᠨᠠᠷ  ᠲᠠᠢ ᠪᠠᠶᠢᠵᠤ᠂ ᠠᠵᠤ ᠦᠢᠯᠡᠳᠪᠦᠷᠢ ᠶᠢᠨ ᠠᠵᠢᠯᠴᠢᠨ ᠢ ᠣᠷᠣᠯᠠᠨ ᠬᠦᠨᠳᠦ ᠲᠦᠭᠰᠢᠭᠦᠷᠢᠲᠡᠢ᠂ ᠬᠤᠣᠷ ᠬᠥᠨᠥᠭᠡᠯ ᠲᠠᠢ ᠠᠵᠢᠯ ᠬᠢᠯᠭᠡᠳᠡᠭ᠃ ᠨᠢᠳᠤᠨᠤᠨ ᠠᠴᠠ ᠨᠠᠰᠢ᠂ ᠥᠪᠥᠷ ᠮᠣᠩᠭᠤᠯ ᠤᠨ ᠪᠧᠢ ᠺᠸ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠰᠢᠨ ᠬᠥᠮᠥᠨ ᠤ ᠬᠢᠵᠠᠭᠠᠷᠲᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ ᠵᠢᠷᠤᠵᠤ ᠲᠥᠯᠥᠪᠯᠡᠭᠰᠡᠨ ᠡᠯ᠎ᠡ ᠵᠦᠢᠯ ᠤᠨ ᠠᠵᠤ ᠦᠢᠯᠡᠳᠪᠦᠷᠢ ᠶᠢᠨ ᠦᠢᠯᠡᠳᠬᠡᠯ ᠤᠨ ᠬᠦᠷᠢᠶᠡᠨ ᠳᠤ ᠲᠣᠬᠢᠷᠠᠬᠤ ᠮᠠᠰᠢᠨ ᠬᠥᠮᠥᠨ ᠢ ᠨᠡᠭᠡᠭᠡᠨ ᠠᠰᠢᠭᠯᠠᠮᠠᠭᠴᠠ ᠲᠤᠭ᠎ᠠ ᠲᠣᠮᠰᠢ ᠦᠭᠡᠢ ᠤᠯᠠᠨ ᠠᠩᠬᠠᠷᠤᠯ ᠢ ᠲᠠᠲᠠᠵᠤ᠂ ᠵᠠᠬᠢᠶᠠᠯᠠᠭ᠎ᠠ ᠶᠢᠨ ᠬᠠᠭᠤᠳᠠᠰᠤ ᠲᠠᠰᠤᠷᠠᠭ᠎ᠠ ᠦᠭᠡᠢ ᠦᠷᠭᠦᠯᠵᠢᠯᠡᠪᠡ᠃     ︽ᠪᠢᠳᠡ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ 5 ᠳᠡᠭᠡᠳᠦ ᠰᠤᠷᠭᠠᠭᠤᠯᠢ   ᠶᠢᠨ ᠭᠤᠣᠯᠯᠠᠬᠤ ᠮᠡᠷᠭᠡᠵᠢᠯ   ᠢ ᠴᠤᠭᠯᠠᠭᠤᠯᠵᠤ᠂ 10 ᠭᠠᠷᠤᠢ ᠵᠦᠢᠯ ᠤᠨ ᠮᠠᠰᠢᠨ ᠬᠥᠮᠥᠨ   ᠢ ᠰᠤᠳᠤᠯᠤᠨ ᠭᠠᠷᠭᠠᠵᠤ᠂ ᠭᠠᠩᠨᠠᠨ ᠵᠠᠯᠭᠠᠬᠤ᠂ ᠦᠷᠦᠬᠦ᠂ ᠵᠥᠭᠡᠭᠡᠪᠦᠷᠢᠯᠡᠬᠦ᠂ ᠮᠠᠲ᠋ᠧᠷᠢᠶᠠᠯ ᠣᠷᠣᠭᠤᠯᠬᠤ᠂ ᠤᠭᠰᠠᠷᠠᠬᠤ᠂ ᠰᠢᠯᠭᠠᠨ ᠪᠠᠶᠢᠴᠠᠭᠠᠬᠤ᠂ ᠭᠠᠯ ᠤᠨᠲᠠᠷᠠᠭᠠᠬᠤ ᠵᠡᠷᠭᠡ ᠣᠯᠠᠨ ᠬᠡᠷᠡᠭᠯᠡᠭᠡᠨ ᠤ ᠦᠢᠯᠡᠳᠬᠦᠨ ᠤ ᠰᠢᠰᠲ᠋ᠧᠮ   ᠢ ᠪᠤᠶ ᠪᠣᠯᠭᠠᠪᠠ᠃ ᠣᠳᠣᠬᠠᠨ ᠳᠤ ᠠᠵᠤ ᠠᠬᠤᠶᠢᠯᠠᠯ ᠤᠳ ᠠᠵᠤ ᠦᠢᠯᠡᠰ ᠤᠨ ᠬᠡᠪᠴᠢᠶ᠎ᠡ ᠪᠠᠨ ᠢᠳᠡᠪᠬᠢᠲᠡᠢ ᠪᠠᠷ ᠥᠷᠭᠡᠳᠬᠡᠵᠦ᠂ ᠡᠷᠲᠡ ᠨᠢᠭᠡᠨ ᠡᠳᠦᠷ ᠬᠤᠪᠣᠷ ᠰᠢᠷᠣᠢ   ᠶᠢᠨ ᠠᠵᠤ ᠦᠢᠯᠡᠰ ᠤᠨ ᠬᠥᠭᠵᠢᠯᠲᠡ   ᠶᠢᠨ ᠳᠤᠮᠳᠠᠬᠢ ᠬᠦᠴᠦᠷᠬᠡᠭ ᠴᠡᠷᠢᠭ ᠪᠣᠯᠬᠤ ᠪᠠᠷ ᠴᠢᠷᠮᠠᠶᠢᠵᠤ ᠪᠠᠶᠢᠨ᠎ᠠ︾ ᠭᠡᠵᠦ ᠠᠵᠤ ᠠᠬᠤᠶᠢᠯᠠᠯ ᠤᠨ ᠶᠡᠷᠦᠩᠬᠡᠢ ᠢᠨᠵᠧᠨᠧᠷ ᠢᠦᠢ ᠵᠢᠶᠦ᠋ᠨ ᠬᠡᠯᠡᠪᠡ᠃     ᠥᠪᠡᠷᠲᠡᠭᠡᠨ ᠵᠠᠰᠠᠬᠤ ᠣᠷᠣᠨ ᠤ ᠢᠳᠡᠷ ᠵᠠᠯᠠᠭᠤ ᠨᠠᠰᠤᠨ ᠤ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾᠂ ᠪᠤᠭᠤᠲᠤ ᠶᠢᠨ ᠴᠠᠩ ᠠᠨ ᠤ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠵᠢᠢ ᠫᠧᠩ ᠤᠨ ᠳᠠᠭᠠᠭᠤᠯᠤᠭᠰᠠᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠰᠤᠳᠤᠯᠤᠨ ᠨᠡᠭᠡᠭᠡᠬᠦ ᠪᠦᠯᠬᠦᠮ 20 ᠭᠠᠷᠤᠢ ᠲᠦᠷᠦᠯ ᠤᠨ 500 ᠭᠠᠷᠤᠢ ᠬᠡᠮᠵᠢᠶᠡᠨ ᠤ ᠳᠡᠭᠡᠳᠦ ᠨᠠᠷᠢᠯᠢᠭ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠢ ᠨᠡᠭᠡᠭᠡᠨ ᠬᠥᠭᠵᠢᠭᠦᠯᠵᠦ᠂ ᠤᠳᠤᠨ ᠴᠣᠭᠴᠠᠰ ᠤᠨ ᠬᠡᠮᠵᠢᠯᠲᠡ᠂ ᠰᠢᠨ᠎ᠡ ᠮᠠᠶ᠋ᠢᠭ ᠤᠨ ᠪᠠᠶᠢᠯᠳᠤᠭᠠᠨ ᠤ ᠨᠢᠰᠬᠡᠯ᠂ ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ ᠵᠡᠷᠭᠡ ᠬᠦᠷᠢᠶᠡᠨ ᠳᠤ ᠠᠮᠵᠢᠯᠲᠠ ᠲᠠᠢ ᠪᠠᠷ ᠬᠡᠷᠡᠭᠯᠡᠵᠦ᠂ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠡᠯᠧᠺᠲᠷᠣᠨ ᠣᠩᠭᠤᠴᠠ ᠰᠠᠯ᠂ ᠤᠰᠤᠨ ᠳᠣᠲᠣᠷᠠᠬᠢ ᠵᠡᠷ ᠵᠡᠪᠰᠡᠭ ᠪᠠ ᠴᠥᠮ᠎ᠡ ᠶᠢᠨ ᠠᠵᠤ ᠦᠢᠯᠡᠳᠪᠦᠷᠢ ᠶᠢᠨ ᠬᠦᠷᠢᠶᠡᠨ ᠳᠤ ᠶᠡᠭᠡ ᠬᠡᠮᠵᠢᠶᠡᠨ ᠤ ᠡᠭᠦᠳᠦᠨ ᠪᠦᠲᠦᠭᠡᠭᠰᠡᠨ᠂ ᠲᠡᠷᠢᠭᠦᠨ ᠤ᠂ ᠨᠠᠶᠢᠳᠠᠪᠤᠷᠢᠲᠠᠢ ᠮᠡᠷᠭᠡᠵᠢᠯ ᠤᠨ ᠦᠢᠯᠡᠳᠬᠦᠨ ᠢ ᠬᠠᠩᠭᠠᠪᠠ᠃    ᠪᠤᠭᠤᠲᠤ ᠶᠢᠨ ᠠᠨ ᠲᠠᠢ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 3000 ᠲᠣᠨ ᠥᠨᠳᠥᠷ ᠡᠯᠪᠡᠭᠲᠦ ᠬᠤᠪᠣᠷ ᠰᠢᠷᠣᠢ ᠶᠢᠨ ᠯᠠᠨᠲ᠋ᠠᠨ ᠼᠧᠷᠢ ᠶᠢᠨ ᠲᠦᠷᠦᠯ ᠵᠦᠢᠯ ᠢ ᠦᠢᠯᠡᠳᠪᠦᠷᠢᠯᠡᠵᠦ᠂ ᠳᠣᠣᠷᠠᠳᠤ ᠱᠠᠲᠤᠨ ᠤ ᠦᠢᠯᠡᠳᠬᠦᠨ ᠨᠢ ᠥᠨᠳᠥᠷ ᠰᠣᠷᠢᠨᠵᠢᠨ ᠡᠨᠧᠷᠭᠢ ᠶᠢᠨ ᠲᠡᠰ᠂ ᠥᠨᠳᠥᠷ ᠦᠯᠡᠳᠡᠭᠳᠡᠯ ᠰᠣᠷᠢᠨᠵᠢᠨ᠂ ᠥᠨᠳᠥᠷ ᠯᠠᠨᠲ᠋ᠠᠨ ᠼᠧᠷᠢ ᠶᠢᠨ ᠲᠣᠬᠢᠷᠠᠭᠤᠯᠤᠯᠲᠠ ᠶᠢᠨ ᠬᠠᠷᠢᠴᠠᠯ ᠤᠨ ᠢᠯᠡᠷᠬᠡᠢ ᠣᠨᠴᠠᠯᠢᠭ ᠲᠠᠢ ᠪᠠᠶᠢᠵᠤ᠂ ᠦᠢᠯᠡᠳᠬᠦᠨ ᠤ ᠲᠣᠭᠲᠠᠪᠤᠷᠢᠲᠤ ᠴᠢᠨᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠥᠮᠥᠨ ᠤ ᠬᠦᠴᠦᠨ ᠤ ᠥᠪᠡᠷ ᠤᠨ ᠦᠷᠳᠡᠭ ᠢ ᠶᠡᠭᠡ ᠪᠠᠷ ᠪᠠᠭᠤᠷᠠᠭᠤᠯᠵᠠᠢ᠃    ᠰᠢᠨ᠎ᠡ ᠶᠢ ᠡᠭᠦᠳᠬᠦ ᠪᠣᠯ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠣᠯ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠲᠦᠮᠵᠢᠲᠡᠶ ᠠᠷᠭ᠎ᠠ ᠪᠠᠷᠢᠯ ᠮᠥᠨ᠃    ᠲᠠᠪᠴᠠᠩ ᠢ ᠡᠷᠡᠰ ᠭᠤᠶᠢᠪᠢᠰᠢ ᠦᠭᠡᠢ ᠪᠠᠷ ᠪᠣᠳᠠᠲᠠᠶᠢᠵᠢᠭᠤᠯᠵᠤ᠂ ᠰᠢᠨ᠎ᠡ ᠶᠢ ᠡᠭᠦᠳᠬᠦ ᠶᠢ ᠴᠢᠩᠭᠠᠳᠬᠠᠪᠠ᠃ ᠣᠶᠢᠷ᠎ᠠ ᠶᠢᠨ ᠵᠢᠯ ᠠᠴᠠ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤᠯᠤᠰ ᠤᠨ ᠢᠨᠵᠧᠨᠧᠷᠢᠩ ᠤᠨ ᠰᠤᠳᠤᠯᠭᠠᠨ ᠤ ᠲᠥᠪ᠂ ᠤᠯᠤᠰ ᠤᠨ ᠲᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠺᠠᠳᠧᠮᠢᠴᠢ ᠶᠢᠨ ᠠᠵᠢᠯ ᠤᠨ ᠦᠷᠲᠡᠭᠡ ᠵᠡᠷᠭᠡ 160 ᠭᠠᠷᠤᠢ ᠡᠯ᠎ᠡ ᠱᠠᠲᠤᠨ ᠤ ᠡᠯ᠎ᠡ ᠲᠦᠷᠦᠯ ᠤᠨ ᠰᠤᠳᠤᠯᠤᠨ ᠨᠡᠭᠡᠭᠡᠬᠦ ᠲᠠᠪᠴᠠᠩ ᠤᠨ ᠲᠣᠭᠤᠷᠢᠨ ᠳᠤ᠂ ᠴᠢᠬᠤᠯᠠ ᠶᠡᠭᠡ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠪᠠᠶᠢᠷᠢᠰᠢᠭᠤᠯᠤᠨ ᠬᠡᠷᠡᠭᠵᠢᠭᠦᠯᠪᠡ᠃ ᠪᠠᠶᠠᠨ᠋ᠣ᠋ᠪᠣᠭ᠎ᠠ ᠶᠢᠨ ᠬᠤᠪᠣᠷ ᠰᠢᠷᠣᠢ ᠶᠢᠨ ᠡᠬᠢ ᠪᠠᠶᠠᠯᠢᠭ ᠢ ᠰᠤᠳᠤᠯᠬᠤ ᠪᠠ ᠶᠡᠷᠦᠩᠬᠡᠶᠢᠯᠡᠨ ᠠᠰᠢᠭᠯᠠᠬᠤ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠯᠢᠳᠡᠭᠵᠢᠭᠦᠯᠦᠨ ᠲᠠᠬᠢᠨ ᠪᠠᠶᠢᠭᠤᠯᠬᠤ ᠶᠢ ᠪᠡᠶᠡᠯᠡᠭᠦᠯᠵᠦ᠂ ᠲᠢᠶᠠᠨ ᠡᡁᠸ ᠰᠣᠷᠢᠨᠵᠢᠨ ᠮᠠᠲ᠋ᠧᠷᠢᠶᠠᠯ ᠤᠯᠤᠰ ᠤᠨ ᠲᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠵᠥᠪᠰᠢᠶᠡᠷᠡᠭᠳᠡᠵᠦ᠂ ᠤᠮᠠᠷᠠᠲᠤ ᠶᠢᠨ ᠬᠤᠪᠣᠷ ᠰᠢᠷᠣᠢ ᠶᠢᠨ ᠤᠯᠤᠰ ᠤᠨ ᠬᠤᠪᠣᠷ ᠰᠢᠷᠣᠢ ᠶᠢᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠢ ᠰᠢᠯᠭᠠᠨ ᠠᠪᠬᠤ ᠳᠤ ᠬᠢᠷᠢ ᠲᠡᠩᠴᠡᠵᠦ᠂ ᠤᠯᠤᠰ ᠤᠨ ᠲᠡᠰ ᠤᠨ ᠬᠤᠪᠣᠷ ᠰᠢᠷᠣᠢ ᠶᠢᠨ ᠰᠢᠨ᠎ᠡ ᠶᠢ ᠡᠭᠦᠳᠬᠦ ᠲᠠᠪᠴᠠᠩ 13 ᠪᠣᠯᠪᠠ᠃     ᠣᠳᠣᠬᠠᠨ ᠳᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠤ ᠨᠢᠭᠡᠨᠲᠡ ᠲᠤᠰᠬᠠᠢ ᠲᠤᠰᠢᠶᠠᠯᠲᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠠᠵᠢᠯᠲᠠᠨ 3228 ᠬᠥᠮᠥᠨ ᠴᠤᠭᠯᠠᠷᠠᠵᠠᠢ᠃ ᠬᠤᠪᠣᠷ ᠰᠢᠷᠣᠢ ᠶᠢᠨ ᠬᠦᠷᠢᠶᠡᠨ ᠳᠠᠬᠢ ᠡᠯ᠎ᠡ ᠲᠥᠷᠥᠯ ᠤᠨ ᠴᠢᠳᠠᠪᠤᠷᠢᠲᠠᠨ 5000 ᠭᠠᠷᠤᠢ ᠬᠥᠮᠥᠨ᠂ ᠥᠨᠳᠥᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠪᠦᠯᠬᠦᠮ ᠨᠡᠶᠢᠲᠡ 40 ᠭᠠᠷᠤᠢ ᠬᠤᠷᠠᠨ ᠴᠤᠭᠯᠠᠷᠠᠵᠤ᠂ ᠨᠢᠭᠡᠨᠲᠡ 500 ᠭᠠᠷᠤᠢ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ᠡᠨᠡ ᠵᠢᠯ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠠᠳᠠᠯᠢ ᠬᠤᠭᠤᠴᠠᠭᠠᠨ ᠤ ᠬᠢ ᠠᠴᠠ 33% ᠪᠠᠷ ᠨᠡᠮᠡᠭᠳᠡᠭᠦᠯᠦᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠦᠢᠯᠡᠳᠬᠦᠨ ᠤ ᠥᠷᠲᠡᠭ ᠢ 300 ᠳ᠋ᠦᠩᠰᠢᠭᠤᠷ ᠲᠦᠭᠦᠷᠢᠭ ᠢ ᠲᠠᠪᠠᠭᠤᠯᠬᠤ ᠪᠠᠷ ᠮᠡᠷᠡᠶᠢᠵᠡᠭᠡᠵᠣ ᠪᠣᠢ᠃ ︵ᠴᠢᠮᠡᠭᠡᠯᠡᠭᠴᠢ᠄ ᠵᠢᠶᠠ ᠲᠢᠩ ᠲᠢᠩ ᠰᠤᠷᠪᠤᠯᠵᠢᠯᠠᠭᠴᠢ᠄ ᠭᠤᠸ ᠫᠢᠩ ᠸᠠᠩ ᠰᠢᠶᠣᠣ︶
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号