︽ᠬᠤᠪᠣᠷ ᠰᠢᠷᠣᠢ +︾ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠬᠦᠳᠡᠯᠭᠡᠭᠡᠨ ᠡᠷᠬᠢᠯᠡᠬᠦ ᠲᠤᠬᠠᠢ ᠮᠡᠳᠡᠭᠳᠡᠯ ︵ᠬᠤᠶᠠᠳᠤᠭᠠᠷ ᠡᠭᠡᠯᠵᠢ︶
ᠨᠡᠶᠢᠲᠡᠯᠡᠭᠰᠡᠨ ᠴᠠᠭ᠄
2024/7/3
   ᠡᠷᠬᠢᠯᠡᠬᠦ ᠮᠡᠳᠡᠭᠳᠡᠯ    ︽2024 ᠣᠨ ᠤ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠪᠥᠬᠦ ᠤᠯᠤᠰ ᠤᠨ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠠᠯᠪᠠᠨ ᠭᠡᠷ ﹇2024﹈ 31 ᠳ᠋ᠣᠭᠡᠷ ᠲᠣᠭᠠᠲᠤ︶ ᠢ ᠦᠨᠳᠦᠰᠦᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠣᠯᠯᠠᠨ ᠡᠷᠭᠢᠯᠡᠵᠦ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︵ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠯᠪᠠᠨ ᠭᠡᠷ︶᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠠᠴᠠ ᠳᠠᠭᠠᠭᠠᠨ ᠡᠷᠭᠢᠯᠡᠭᠰᠡᠨ ︽ᠬᠤᠪᠣᠷ ᠰᠢᠷᠣᠢ +︾ ᠫᠤᠰᠲ ᠳ᠋ᠣᠺᠲ᠋ᠣᠷ ᠤᠨ ᠰᠣᠯᠢᠯᠴᠠᠭᠠᠨ ᠤ ᠠᠵᠢᠯᠯᠠᠭ᠎ᠠ ᠶᠢ 2024 ᠣᠨ ᠤ 8 ᠳ᠋ᠤᠭᠠᠷ ᠰᠠᠷ᠎ᠠ ᠳᠤ ᠪᠤᠭᠤᠲᠤ ᠳᠤ ᠡᠷᠭᠢᠯᠡᠬᠦ ᠪᠠᠷ ᠪᠣᠶ᠃ ᠠᠵᠢᠯᠯᠠᠭ᠎ᠠ ᠶᠢᠨ ᠵᠣᠷᠢᠯᠭ᠎ᠠ ᠨᠢ ᠪᠤᠭᠤᠲᠤ ᠬᠤᠲᠠ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ︽ᠬᠤᠪᠣᠷ ᠰᠢᠷᠣᠢ +︾ ᠡᠯ᠎ᠡ ᠬᠦᠷᠢᠶᠡᠨ ᠤ ᠳᠡᠭᠡᠳᠦ ᠲᠠᠰ ᠤᠨ ᠴᠢᠳᠠᠪᠤᠷᠢᠲᠠᠨ ᠤ ᠰᠠᠭᠤᠷᠢ ᠰᠤᠳᠤᠯᠭᠠᠨ᠂ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠪᠠ ᠳᠡᠭᠡᠳᠦ ᠲᠠᠰ ᠤᠨ ᠮᠡᠷᠭᠡᠵᠢᠯ ᠤᠨ ᠲᠠᠯ᠎ᠠ ᠪᠠᠷ ᠬᠢ ᠭᠦᠨᠵᠡᠭᠡᠢ ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ ᠶᠤᠮ᠃ ᠪᠣᠳᠠᠲᠠᠢ ᠪᠠᠷ ᠳᠣᠣᠷᠠᠬᠢ ᠮᠡᠲᠦ ᠲᠣᠬᠢᠷᠠᠭᠤᠯᠪᠠ᠄     1᠂  ᠬᠦᠳᠡᠯᠭᠡᠭᠡᠨ ᠤ ᠨᠡᠷᠡᠶᠢᠳᠦᠯ     ︽ᠬᠤᠪᠣᠷ ᠰᠢᠷᠣᠢ +︾ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠬᠦᠳᠡᠯᠭᠡᠭᠡᠨ     2᠂ ᠵᠣᠬᠢᠶᠠᠨ ᠪᠠᠶᠢᠭᠤᠯᠤᠭᠰᠠᠨ ᠨᠢᠭᠡᠴᠢ     ᠭᠤᠣᠯᠯᠠᠨ ᠡᠷᠭᠢᠯᠡᠬᠦ ᠨᠢᠭᠡᠴᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠭᠠᠭᠠᠨ ᠭᠦᠢᠴᠡᠳᠬᠡᠬᠦ ᠨᠢᠭᠡᠴᠡ᠄ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︵ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠯᠪᠠᠨ ᠭᠡᠷ︶ ᠤᠨ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠣᠷᠭᠠᠭᠤᠯᠢ ᠶᠢᠨ ᠪᠣᠭᠤᠳᠣ ᠶᠢᠨ ᠮᠠᠲ᠋ᠧᠷᠢᠶᠠᠯ ᠤᠨ ᠰᠣᠳᠣᠯᠭᠠᠨ ᠤ ᠲᠦᠪ     3᠂ ᠴᠠᠭ᠂ ᠭᠠᠵᠠᠷ ᠣᠷᠣᠨ    ᠴᠠᠭ᠄ 2024 ᠣᠨ ᠤ 8 ᠰᠠᠷ᠎ᠠ ᠶᠢᠨ 21 ︱ 23 ᠤ ᠡᠳᠦᠷ      8 ᠰᠠᠷ᠎ᠠ ᠶᠢᠨ 21 ᠤ ᠡᠳᠦᠷ ᠤᠨ ᠪᠥᠬᠦ ᠡᠳᠦᠷ ᠢᠶᠠᠷ ᠢᠶᠠᠨ ᠨᠡᠷ᠎ᠡ ᠮᠡᠳᠡᠭᠦᠯᠦᠨ᠎ᠡ    8 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ ᠭᠤᠣᠯ ᠬᠤᠷᠠᠯ ᠤᠨ ᠲᠠᠯᠠᠪᠠᠶ ᠳᠤ ᠬᠦᠳᠡᠯᠭᠡᠭᠡᠨ ᠦᠷᠨᠢᠭᠦᠯᠦᠨ᠎ᠡ    8 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ ᠬᠤᠪᠢᠶᠠᠷᠢ ᠬᠤᠷᠠᠯ ᠤᠨ ᠲᠠᠯᠠᠪᠠᠶ ᠶᠢᠨ ᠬᠦᠳᠡᠯᠭᠡᠭᠡᠨ    8 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠨ᠎ᠠ    ᠭᠠᠵᠠᠷ᠄ ᠥᠪᠥᠷ ᠮᠣᠩᠭᠤᠯ ᠤᠨ ᠪᠤᠭᠤᠲᠤ ᠶᠢᠨ ᠴᠢᠩᠱᠠᠨ ᠵᠣᠴᠢᠳ ᠤᠨ ᠪᠠᠭᠤᠳᠠᠯ     4᠂ ᠬᠤᠷᠠᠯ ᠳᠤ ᠣᠷᠣᠯᠴᠠᠭᠰᠠᠳ     ᠬᠤᠪᠣᠷ ᠰᠢᠷᠣᠢ ᠶᠢᠨ ᠬᠦᠷᠢᠶᠡᠨ ᠤ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠮᠦᠨ᠎ᠡ ᠡᠩᠨᠡᠭᠡᠨ ᠳᠤ ᠬᠠᠨᠳᠤᠭᠰᠠᠨ᠂ ᠠᠵᠤ ᠠᠬᠤᠢ ᠶᠢᠨ ᠭᠤᠣᠯ ᠲᠠᠯᠠᠪᠤᠷ ᠲᠤ ᠬᠠᠨᠳᠤᠭᠰᠠᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠰᠠᠨ ᠲᠤᠰᠬᠠᠢ ᠮᠡᠷᠭᠡᠵᠢᠯᠲᠡᠨ ᠡᠷᠳᠡᠮᠲᠡᠨ᠂ ᠫᠤᠰᠲ ᠳ᠋ᠣᠺᠲ᠋ᠣᠷ ᠤᠨ ᠬᠠᠮᠲᠤᠷᠠᠯᠴᠠᠭᠠᠨ ᠤ ᠵᠢᠯᠣᠭᠤᠳᠤᠭᠴᠢ ᠪᠠᠭᠰᠢ ᠵᠢᠴᠢ ᠫᠤᠰᠲ ᠳ᠋ᠣᠺᠲ᠋ᠣᠷ ᠤᠨ ᠣᠯᠠᠨ ᠤᠯᠤᠰ ᠤᠨ ᠰᠣᠯᠢᠯᠴᠠᠭᠠᠨ ᠤ ᠲᠥᠯᠥᠪᠯᠡᠭᠡ ᠳᠤ ᠰᠣᠩᠭᠤᠭᠳᠠᠭᠰᠠᠳ᠂ ᠵᠠᠯᠠᠭᠤ ᠡᠷᠳᠡᠮᠲᠡᠨ᠂ ᠫᠤᠰᠲ ᠳ᠋ᠣᠺᠲ᠋ᠣᠷ᠂ ᠳ᠋ᠣᠺᠲ᠋ᠣᠷᠠᠨᠲ᠂ ᠵᠠᠰᠠᠭ ᠤᠨ ᠣᠷᠳᠣᠨ ᠪᠠ ᠶᠡᠭᠡ ᠳᠡᠭᠡᠳᠦ ᠰᠤᠷᠭᠠᠭᠤᠯᠢ ᠶᠢᠨ ᠫᠤᠰᠲ ᠳ᠋ᠣᠺᠲ᠋ᠣᠷ ᠤᠨ ᠠᠵᠢᠯ ᠤᠨ ᠬᠠᠮᠢᠶᠠᠷᠤᠯᠲᠠ ᠶᠢᠨ ᠠᠵᠢᠯᠲᠠᠨ ᠵᠢᠴᠢ ᠬᠠᠮᠢᠶ᠎ᠠ ᠪᠦᠬᠦᠢ ᠬᠠᠮᠲᠤᠷᠠᠨ ᠬᠥᠮᠥᠵᠢᠭᠦᠯᠬᠦ ᠨᠢᠭᠡᠴᠡ ᠶᠢᠨ ᠲᠥᠯᠥᠭᠡᠯᠡᠭᠴᠢ ᠨᠡᠶᠢᠲᠡ 200 ᠰᠢᠬᠠᠮ ᠬᠥᠮᠥᠨ᠃     5᠂ ᠬᠦᠳᠡᠯᠭᠡᠭᠡᠨ ᠤ ᠬᠡᠯᠪᠡᠷᠢ     ᠲᠤᠰ ᠤᠳᠠᠭ᠎ᠠ ᠶᠢᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠳᠤ ᠶᠡᠭᠡ ᠬᠤᠷᠠᠯ ᠤᠨ ᠭᠤᠣᠯ ᠵᠣᠷᠢᠯᠲᠠ ᠶᠢᠨ ᠮᠡᠳᠡᠭᠦᠯᠦᠯᠲᠡ᠂ ᠬᠤᠪᠢᠶᠠᠷᠢ ᠬᠤᠷᠠᠯ ᠤᠨ ᠲᠠᠯᠠᠪᠠᠢ ᠶᠢᠨ ᠲᠤᠰᠬᠠᠢ ᠰᠡᠳᠦᠪᠲᠦ ᠮᠡᠳᠡᠭᠦᠯᠦᠯᠲᠡ ᠪᠣᠯᠣᠨ ᠶᠠᠷᠢᠯᠴᠠᠭ᠎ᠠ᠂ ᠠᠵᠤ ᠠᠬᠤᠶᠢᠯᠠᠯ ᠤᠨ ᠪᠠᠶᠢᠴᠠᠭᠠᠨ ᠰᠤᠳᠤᠯᠤᠯᠲᠠ ᠵᠡᠷᠭᠡ ᠬᠡᠯᠪᠡᠷᠢ ᠪᠠᠷ ᠰᠣᠯᠢᠯᠴᠠᠭ᠎ᠠ ᠬᠢᠨ᠎ᠠ᠂ ᠬᠤᠷᠠᠯ ᠤᠨ ᠮᠡᠳᠡᠭᠦᠯᠦᠯᠲᠡ ᠪᠠ ᠬᠤᠷᠠᠯ ᠤᠨ ᠳᠠᠷᠠᠭᠠᠬᠢ ᠰᠣᠯᠢᠯᠴᠠᠭ᠎ᠠ ᠪᠠᠷ ᠳᠠᠮᠵᠢᠭᠤᠯᠤᠨ᠂ ᠣᠷᠣᠨ ᠤ ᠭᠠᠳᠠᠨᠠᠬᠢ ᠲᠤᠰᠬᠠᠢ ᠮᠡᠷᠭᠡᠵᠢᠯᠲᠡᠨ ᠬᠢᠭᠡᠳ ᠣᠷᠣᠨ ᠤ ᠳᠣᠲᠣᠷᠠᠬᠢ ᠡᠷᠳᠡᠮᠲᠡᠳ ᠤᠨ ᠥᠷᠭᠡᠨ ᠢᠶᠠᠷ ᠬᠠᠷᠢᠯᠴᠠᠬᠤ ᠶᠢ ᠪᠡᠶᠡᠯᠡᠭᠦᠯᠦᠨ᠎ᠡ᠃ ᠠᠵᠢᠯᠯᠠᠭ᠎ᠠ ᠶᠢᠨ ᠰᠣᠯᠢᠯᠴᠠᠭᠠᠨ ᠤ ᠴᠢᠭᠯᠡᠯ ᠳᠤ ᠬᠤᠪᠣᠷ ᠰᠢᠷᠣᠢ ᠶᠢᠨ ᠭᠠᠵᠠᠷ ᠰᠢᠨᠵᠢᠯᠡᠭᠡ᠂ ᠮᠠᠯᠲᠠᠵᠤ ᠰᠢᠯᠢᠬᠦ᠂ ᠲᠡᠮᠦᠷᠯᠢᠭ ᠬᠠᠶᠢᠯᠤᠭᠤᠯᠵᠤ ᠭᠠᠷᠭᠠᠨ ᠠᠪᠬᠤ ᠵᠢᠴᠢ ᠬᠤᠪᠣᠷ ᠰᠢᠷᠣᠢ ᠶᠢᠨ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠲᠣᠭᠲᠠᠮᠠᠯ ᠰᠣᠷᠢᠨᠵᠢᠨ ᠮᠠᠲ᠋ᠧᠷᠢᠶᠠᠯ᠂ ᠴᠢᠳᠠᠮᠵᠢᠲᠤ ᠮᠠᠲ᠋ᠧᠷᠢᠶᠠᠯ᠂ ᠰᠢᠯ ᠱᠠᠭᠠᠵᠠᠩ᠂ ᠬᠥᠩᠭᠡᠨ ᠠᠵᠤ ᠦᠢᠯᠡᠳᠪᠦᠷᠢ᠂ ᠲᠠᠷᠢᠶᠠᠯᠠᠩ᠂ ᠡᠮ ᠡᠮᠨᠡᠯᠭᠡ ᠵᠡᠷᠭᠡ ᠬᠦᠷᠢᠶ᠎ᠡ ᠴᠠᠷᠠᠭ᠎ᠠ ᠳᠠᠬᠢ ᠬᠡᠷᠡᠭᠯᠡᠯᠲᠡ ᠵᠡᠷᠭᠡ ᠴᠢᠭᠯᠡᠯ ᠢ ᠪᠠᠭᠲᠠᠭᠠᠬᠤ ᠪᠣᠯᠪᠠᠴᠤ ᠬᠢᠵᠠᠭᠠᠷᠯᠠᠬᠤ ᠦᠭᠡᠢ᠃    6᠂ ᠥᠭᠦᠯᠡᠯ ᠡᠯᠰᠡᠬᠦ ᠪᠠ ᠰᠢᠯᠭᠠᠷᠠᠭᠤᠯᠬᠤ     ᠡᠬᠡ ᠪᠢᠴᠢᠭ ᠡᠯᠰᠡᠬᠦ ᠬᠡᠪᠴᠢᠶ᠎ᠡ ᠪᠠ ᠱᠠᠭᠠᠷᠳᠠᠯᠭ᠎ᠠ᠃ ᠲᠣᠰ ᠤᠳᠠᠭᠠᠨ ᠤ ᠬᠦᠳᠡᠯᠭᠡᠭᠡᠨ ᠳᠤ ᠣᠷᠣᠯᠴᠠᠭᠰᠠᠨ ᠲᠥᠯᠥᠭᠡᠯᠡᠭᠴᠢᠳ ᠤᠨ ᠳᠣᠲᠣᠷ᠎ᠠ ᠠᠴᠠ ᠬᠤᠪᠣᠷ ᠰᠢᠷᠣᠢ ᠲᠠᠢ ᠬᠤᠯᠪᠣᠭ᠎ᠠ ᠲᠠᠢ ᠪᠥᠭᠡᠳ ᠢᠯᠡ ᠪᠠᠷ ᠨᠡᠶᠢᠲᠡᠯᠡᠵᠦ ᠥᠩᠭᠡᠷᠡᠭᠰᠡᠨ ᠦᠭᠡᠢ ᠥᠭᠦᠯᠡᠯ ᠢ ᠡᠯᠰᠡᠨ᠎ᠡ᠃ ᠡᠬᠡ ᠪᠢᠴᠢᠭ ᠡᠯᠰᠡᠭᠰᠡᠨ ᠨᠢᠭᠡᠳᠦᠭᠡᠷ ᠵᠣᠬᠢᠶᠠᠭᠴᠢ ᠪᠤᠶᠤ ᠮᠡᠳᠡᠭᠡᠯᠡᠯ ᠤᠨ ᠵᠣᠬᠢᠶᠠᠭᠴᠢ ᠨᠢ ᠡᠬᠡ ᠪᠢᠴᠢᠭ ᠥᠭᠭᠦᠭᠰᠡᠨ ᠲᠤᠰ ᠬᠥᠮᠥᠨ ᠪᠠᠶᠢᠬᠤ ᠬᠡᠷᠡᠭᠳᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠡᠳᠬᠦᠯ᠂ ᠡᠷᠳᠡᠮ ᠰᠢᠨᠵᠢᠯᠡᠭᠡᠨ ᠤ ᠬᠤᠷᠠᠯ ᠳᠡᠭᠡᠷ᠎ᠡ ᠤᠳᠠᠯ ᠦᠭᠡᠢ ᠨᠡᠶᠢᠲᠡᠯᠡᠬᠦ ᠭᠡᠵᠦ ᠪᠠᠶᠢᠭ᠎ᠠ ᠪᠤᠶᠤ ᠨᠢᠭᠡᠨᠲᠡ ᠨᠡᠶᠢᠲᠡᠯᠡᠬᠦ ᠭᠡᠵᠦ ᠪᠠᠶᠢᠭ᠎ᠠ ᠥᠭᠦᠯᠡᠯ ᠤᠳ ᠢ ᠪᠢᠴᠢᠬᠦ ᠳᠤ ᠬᠦᠷᠪᠡᠯ ᠲᠣᠳᠣᠷᠬᠠᠶᠢᠯᠠᠬᠤ ᠪᠣᠯᠪᠠᠤ᠃ ᠥᠭᠦᠯᠡᠯ ᠨᠢ ᠡᠷᠬᠡᠪᠰᠢ ︽ᠬᠤᠪᠣᠷ ᠰᠢᠷᠣᠢ +︾ ᠭᠤᠣᠯ ᠰᠡᠳᠦᠪ ᠤᠨ ᠲᠣᠭᠤᠷᠢᠨ ᠳᠤ ᠂ ᠪᠠᠷᠠᠭᠠᠯᠬᠢᠯᠠᠯᠳᠤ ᠴᠢᠨᠠᠷ᠂ ᠰᠢᠨ᠎ᠡ ᠶᠢ ᠡᠭᠦᠳᠬᠦ ᠴᠢᠨᠠᠷ᠂ ᠬᠡᠷᠡᠭᠯᠡᠭᠡᠨ ᠤ ᠴᠢᠨᠠᠷ ᠢ ᠢᠯᠡᠷᠡᠭᠦᠯᠵᠦ᠂ ᠰᠡᠳᠦᠪ ᠰᠣᠩᠭᠤᠬᠤ ᠨᠢ ᠰᠢᠨ᠎ᠡ ᠰᠣᠷᠭᠤᠭ᠂ ᠦᠵᠡᠯᠲᠡ ᠢᠯᠡ ᠲᠣᠳᠣ᠂ ᠮᠠᠲ᠋ᠧᠷᠢᠶᠠᠯ ᠣᠨᠣᠪᠴᠢᠲᠠᠶ ᠪᠥᠭᠡᠳ ᠨᠠᠷᠢᠨ ᠪᠣᠳᠠᠲᠠᠢ᠂ ᠨᠡᠯᠢᠶᠡᠳ ᠴᠢᠩᠭ᠎ᠠ ᠡᠷᠳᠡᠮ ᠰᠢᠨᠵᠢᠯᠡᠭᠡᠨ ᠤ ᠦᠨ᠎ᠡ ᠥᠷᠲᠡᠭ ᠪᠠ ᠰᠣᠯᠢᠯᠴᠠᠭᠠᠨ ᠤ ᠦᠨ᠎ᠡ ᠥᠷᠲᠡᠭ ᠲᠠᠢ ᠂ ᠡᠰᠡᠬᠦᠯ᠎ᠡ ᠰᠤᠳᠤᠯᠭᠠᠨ ᠤ ᠬᠦᠷᠢᠶ᠎ᠡ ᠴᠠᠷᠠᠭ᠎ᠠ ᠶᠢᠨ ᠢᠶᠠᠨ ᠲᠡᠷᠢᠭᠦᠨ ᠤ ᠬᠢᠷᠢ ᠬᠡᠮᠵᠢᠶ᠎ᠡ ᠵᠢᠴᠢ ᠬᠥᠭᠵᠢᠯᠲᠡ ᠶᠢᠨ ᠬᠠᠨᠳᠤᠰᠢ ᠶᠢ ᠲᠤᠰᠬᠠᠬᠤ᠂ ᠡᠰᠡᠬᠦᠯ᠎ᠡ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠰᠤᠳᠤᠯᠭᠠᠨ ᠤ ᠠᠬᠢᠴᠠ ᠪᠠ ᠬᠡᠷᠡᠭᠵᠢᠭᠦᠯᠦᠭᠰᠡᠨ ᠪᠠᠶᠢᠳᠠᠯ ᠢ ᠲᠤᠰᠬᠠᠬᠤ ᠬᠡᠷᠡᠭᠲᠡᠢ᠃ ᠥᠭᠦᠯᠡᠯ ᠤᠨ ᠲᠥᠷᠥᠯ ᠤᠨ ᠥᠭᠦᠯᠡᠯ ᠨᠢ ᠲᠣᠪᠴᠢᠯᠠᠯ ᠢᠶᠠᠷ ᠭᠤᠣᠯ ᠪᠣᠯᠭᠠᠵᠤ᠂ ᠲᠣᠪᠴᠢᠯᠠᠯ ᠨᠢ ᠵᠣᠷᠢᠯᠭ᠎ᠠ᠂ ᠠᠷᠭ᠎ᠠ᠂ ᠦᠷ᠎ᠡ ᠳ᠋ᠦᠩ᠂ ᠳ᠋ᠦᠩᠨᠡᠯᠲᠡ ᠵᠡᠷᠭᠡ ᠳᠥᠷᠪᠡᠨ ᠬᠡᠰᠡᠭ ᠠᠴᠠ ᠪᠦᠷᠢᠯᠳᠦᠵᠦ᠂ ᠦᠰᠦᠭ ᠤᠨ ᠲᠤᠭ᠎ᠠ ᠨᠢ 300 — 800  ᠃ ᠣᠨᠴᠠᠭᠠᠶ ᠬᠡᠷᠡᠭ ᠵᠢᠴᠢ ᠶᠡᠷᠦᠩᠬᠡᠶᠢᠯᠡᠭᠰᠡᠨ ᠥᠭᠦᠯᠡᠯ ᠤᠨ ᠲᠣᠪᠴᠢᠯᠠᠯ ᠳᠤ ᠵᠣᠷᠢᠯᠭ᠎ᠠ᠂ ᠠᠷᠭ᠎ᠠ᠂ ᠦᠷ᠎ᠡ ᠳ᠋ᠦᠩ᠂ ᠳ᠋ᠦᠩᠨᠡᠯᠲᠡ᠂ ᠲᠣᠪᠴᠢᠯᠠᠯ ᠤᠨ ᠶᠡᠷᠦᠩᠬᠡᠢ ᠲᠤᠭ᠎ᠠ 300— 500 ᠦᠰᠦᠭ   ᠢ ᠪᠠᠭᠲᠠᠭᠠᠬᠤ ᠦᠭᠡᠢ ᠪᠠᠶᠢᠵᠤ ᠪᠣᠯᠣᠨ᠎ᠠ᠃     ᠡᠯᠰᠡᠯᠲᠡ ᠶᠢᠨ ᠪᠢᠴᠢᠭ ᠢᠶᠠᠨ ᠲᠤᠰᠢᠶᠠᠨ᠎ᠠ᠃ ᠲᠣᠰ ᠤᠳᠠᠭᠠᠨ ᠤ ᠬᠦᠳᠡᠯᠭᠡᠭᠡᠨ ᠳᠤ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠥᠭᠦᠯᠡᠯ ᠲᠤᠰᠢᠶᠠᠬᠤ ᠶᠢ ᠵᠣᠷᠢᠭᠵᠢᠭᠤᠯᠤᠨ᠎ᠠ᠂ ᠭᠡᠪᠡᠴᠦ ᠥᠭᠦᠯᠡᠯ ᠢᠶᠠᠨ ᠲᠤᠰᠢᠶᠠᠬᠤ ᠪᠠᠷ ᠴᠢᠬᠤᠯᠠ ᠨᠥᠬᠦᠴᠡᠯ ᠪᠣᠯᠭᠠᠬᠤ ᠦᠭᠡᠢ᠃ ᠥᠭᠦᠯᠡᠯ ᠡᠯᠰᠡᠬᠦ ᠴᠠᠭ ᠨᠢ ᠲᠣᠰ ᠡᠳᠦᠷ ᠠᠴᠠ ᠡᠬᠢᠯᠡᠨ 8 ᠰᠠᠷ᠎ᠠ ᠶᠢᠨ 10 ᠤ ᠡᠳᠦᠷ ᠪᠣᠯᠳᠠᠯ᠎ᠠ᠃ ᠲᠣᠪᠴᠢ ᠥᠭᠦᠯᠡᠯ ︵DOC ᠬᠡᠯᠪᠡᠷᠢ︶ ᠢ ᠰᠢᠤᠳᠠᠨ ᠤ ᠬᠠᠶᠢᠷᠴᠠᠭ ᠲᠤ ᠢᠯᠡᠭᠡᠭᠡᠷᠡᠢ᠄ sjtubt@126.com᠂ ᠰᠢᠤᠳᠠᠨ ᠤ ᠵᠦᠢᠯ ᠤᠨ ᠭᠠᠷᠴᠠᠭ ᠲᠤ᠄ ᠣᠪᠣᠭ ᠨᠡᠷ᠎ᠡ — ᠨᠢᠭᠡᠴᠢ — ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢᠨ ᠥᠭᠦᠯᠡᠯ ︵ᠲᠣᠪᠴᠢᠯᠠᠯ︶ ᠢ ᠲᠣᠳᠣᠷᠬᠠᠶᠢᠯᠠᠬᠤ ᠶᠢᠨ ᠬᠠᠮᠲᠤ ᠭᠠᠷ ᠤᠲᠠᠰᠤᠨ ᠤ ᠨᠣᠮᠧᠷ ᠢ ᠳᠠᠭᠠᠯᠳᠤᠭᠤᠯᠤᠨ᠎ᠠ᠃     ᠰᠢᠯᠢᠳᠡᠭ ᠥᠭᠦᠯᠡᠯ ᠤᠨ ᠰᠢᠯᠭᠠᠷᠠᠭᠤᠯᠤᠯᠲᠠ ᠪᠠ ᠰᠣᠯᠢᠯᠴᠠᠭ᠎ᠠ᠃ ᠠᠯᠳᠠᠷᠲᠤ ᠡᠷᠳᠡᠮᠲᠡᠨ ᠢ ᠤᠷᠢᠵᠤ ᠰᠢᠯᠭᠠᠷᠠᠭᠤᠯᠤᠨ ᠲᠣᠭᠲᠠᠭᠠᠬᠤ ᠲᠤᠰᠬᠠᠢ ᠮᠡᠷᠭᠡᠵᠢᠯᠲᠡᠨ ᠪᠣᠯᠭᠠᠵᠤ᠂ ᠡᠳᠦᠢ ᠲᠡᠳᠦᠢ ᠰᠢᠯᠢᠳᠡᠭ ᠥᠭᠦᠯᠡᠯ ᠢ ᠰᠢᠯᠭᠠᠷᠠᠭᠤᠯᠤᠨ ᠭᠠᠷᠭᠠᠬᠤ ᠶᠢᠨ ᠬᠠᠮᠲᠤ ᠱᠠᠩᠨᠠᠯ ᠤᠨ ᠮᠥᠩᠭᠦ ᠪᠠ ᠦᠨᠡᠮᠯᠡᠯ ᠣᠯᠭᠤᠨ᠎ᠠ᠃ ᠱᠠᠩᠨᠠᠯ ᠣᠯᠣᠭᠰᠠᠨ ᠥᠭᠦᠯᠡᠯ ᠤᠷᠢᠯᠭ᠎ᠠ ᠪᠠᠷ ᠬᠤᠪᠢᠶᠠᠷᠢ ᠬᠤᠷᠠᠯ ᠤᠨ ᠲᠠᠯᠠᠪᠠᠶ ᠳᠤ ᠠᠮᠠᠨ ᠶᠠᠷᠢᠶᠠᠨ ᠤ ᠮᠡᠳᠡᠭᠦᠯᠦᠯᠲᠡ ᠬᠢᠨ᠎ᠠ᠃      ᠬᠤᠷᠠᠯ ᠤᠨ ᠰᠢᠯᠢᠳᠡᠭ ᠥᠭᠦᠯᠡᠯ ᠢ ᠵᠣᠬᠢᠶᠠᠨ ᠪᠠᠶᠢᠭᠤᠯᠬᠤ ᠺᠣᠮᠢᠰ ᠠᠴᠠ ᠰᠢᠯᠭᠠᠷᠠᠭᠤᠯᠤᠭᠰᠠᠨ ᠤ ᠳᠠᠷᠠᠭ᠎ᠠ ᠳᠤᠮᠳᠠᠳᠤ ᠤᠯᠤᠰ ᠤᠨ ᠬᠤᠪᠣᠷ ᠰᠢᠷᠣᠢ ᠶᠢᠨ ᠰᠢᠨᠵᠢᠯᠡᠭᠡᠨ ᠤ ᠨᠡᠶᠢᠭᠡᠮᠯᠢᠭ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠠᠴᠠ ᠭᠤᠣᠯᠯᠠᠨ ᠡᠷᠬᠢᠯᠡᠭᠰᠡᠨ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠬᠤᠪᠣᠷ ᠰᠢᠷᠣᠢ︾ ᠳᠤ ᠲᠡᠪᠰᠢᠭᠦᠯᠭᠦ ᠲᠣᠬᠢᠶᠠᠯ ᠲᠠᠢ᠃ ᠲᠤᠰ ᠰᠡᠳᠬᠦᠯ 1974 ᠣᠨ ᠳᠤ ᠬᠡᠪᠯᠡᠭᠳᠡᠵᠦ᠂ ᠳᠤᠮᠳᠠᠳᠤ ᠤᠯᠤᠰ ᠤᠨ ᠬᠤᠪᠣᠷ ᠰᠢᠷᠣᠢ ᠶᠢᠨ ᠰᠢᠨᠵᠢᠯᠡᠭᠡᠨ ᠤ ᠨᠡᠶᠢᠭᠡᠮᠯᠢᠭ ᠤᠨ ᠰᠡᠳᠬᠦᠯ᠂ ᠮᠠᠨ ᠤ ᠤᠯᠤᠰ ᠤᠨ ᠬᠤᠪᠣᠷ ᠰᠢᠷᠣᠢ ᠶᠢ ᠭᠠᠷᠭᠠᠨ ᠠᠪᠬᠤ ᠪᠠ ᠬᠡᠷᠡᠭᠯᠡᠭᠡᠨ ᠤ ᠰᠢᠨᠵᠢᠯᠡᠬᠦ ᠤᠬᠠᠭᠠᠨ ᠢ ᠲᠤᠰᠬᠠᠬᠤ ᠪᠠᠷ ᠣᠨᠴᠠᠯᠢᠭ ᠢᠶᠠᠨ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠡᠳᠬᠦᠯ ᠪᠣᠯᠣᠨ᠎ᠠ᠂ ᠠᠭᠤᠯᠭ᠎ᠠ ᠶᠢᠨ ᠲᠠᠯ᠎ᠠ ᠪᠠᠷ ᠬᠤᠪᠣᠷ ᠰᠢᠷᠣᠢ ᠶᠢᠨ ᠭᠠᠵᠠᠷ ᠰᠢᠨᠵᠢᠯᠡᠭᠡ᠂ ᠲᠡᠭᠦᠵᠦ ᠰᠢᠯᠢᠬᠦ᠂ ᠲᠡᠮᠦᠷᠯᠢᠭ ᠪᠣᠯᠪᠠᠰᠤᠷᠠᠭᠤᠯᠬᠤ ᠶᠢ ᠭᠠᠷᠭᠠᠨ ᠠᠪᠬᠤ ᠵᠢᠴᠢ ᠬᠤᠪᠣᠷ ᠰᠢᠷᠣᠢ ᠶᠢᠨ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠤᠰᠤᠨ ᠤ ᠬᠢᠮᠢ ᠶᠢᠨ ᠠᠵᠤ ᠦᠢᠯᠡᠳᠪᠦᠷᠢ᠂ ᠲᠣᠭᠲᠠᠮᠠᠯ ᠰᠣᠷᠢᠨᠵᠢᠨ ᠮᠠᠲ᠋ᠧᠷᠢᠶᠠᠯ᠂ ᠰᠢᠯ ᠱᠠᠭᠠᠵᠠᠩ᠂ ᠬᠥᠩᠭᠡᠨ ᠠᠵᠤ ᠦᠢᠯᠡᠳᠪᠦᠷᠢ᠂ ᠲᠠᠷᠢᠶᠠᠯᠠᠩ᠂ ᠡᠮ ᠡᠮᠨᠡᠯᠭᠡ ᠵᠡᠷᠭᠡ ᠬᠦᠷᠢᠶᠡᠨ ᠳᠠᠬᠢ ᠬᠡᠷᠡᠭᠯᠡᠯᠲᠡ ᠪᠠᠭᠲᠠᠨ᠎ᠠ᠃     7᠂ ᠪᠤᠰᠤᠳ ᠵᠦᠢᠯ ᠤᠳ          ᠲᠣᠰ ᠤᠳᠠᠭᠠᠨ ᠤ ᠠᠵᠢᠯᠯᠠᠭ᠎ᠠ ᠳᠤ ᠬᠤᠷᠠᠯ ᠤᠨ ᠶᠠᠪᠤᠳᠠᠯ ᠤᠨ ᠰᠦᠢᠳᠬᠡᠯ᠂ ᠬᠤᠭᠤᠯᠠᠨ ᠤ ᠰᠦᠢᠳᠬᠡᠯ᠂ ᠵᠠᠮ ᠬᠠᠷᠢᠯᠴᠠᠭᠠᠨ ᠤ ᠰᠦᠢᠳᠬᠡᠯ ᠵᠢᠴᠢ ᠬᠤᠨᠤᠭ ᠤᠨ ᠰᠦᠢᠳᠬᠡᠯ ᠬᠤᠷᠢᠶᠠᠬᠤ ᠦᠭᠡᠢ᠃ ᠬᠤᠷᠠᠯ ᠳᠤ ᠣᠷᠣᠯᠴᠠᠭᠰᠠᠳ ᠤᠨ ᠨᠡᠷ᠎ᠡ ᠮᠡᠳᠡᠭᠦᠯᠭᠦ ᠬᠢᠵᠠᠭᠠᠷᠳᠣ ᠴᠠᠭ᠄ 8 ᠰᠠᠷ᠎ᠠ ᠶᠢᠨ 5 ᠤ ᠡᠳᠦᠷ       ᠬᠠᠷᠢᠯᠴᠠᠬᠤ ᠤᠲᠠᠰᠤ᠄              15848828783 ᠯᠢ ᠪᠠᠭᠰᠢ              18686129930 ᠬᠠᠨ ᠪᠠᠭᠰᠢ        ᠮᠡᠷᠭᠡᠨ ᠴᠣᠬᠤᠷ ᠢ ᠰᠢᠷᠪᠢᠨ ᠨᠡᠷ᠎ᠡ ᠮᠡᠳᠡᠭᠦᠯᠦᠭᠡᠷᠡᠢ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号