ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ 2022 - 2023 ᠣᠨ ᠤ ︽ᠲᠠᠪᠤᠨ ᠰᠠᠶᠢᠨᠲᠠᠶ ᠰᠤᠷᠤᠭᠴᠢ︾᠂ ︽ᠰᠢᠯᠢᠳᠡᠭ ᠰᠣᠷᠣᠭᠴᠢ ᠶᠢᠨ ᠺᠠᠳ᠋ᠷ︾ ᠪᠠ ︽ᠲᠡᠷᠢᠭᠦᠨ ᠤ ᠠᠩᠭᠢ ᠶᠢᠨ ᠬᠠᠮᠲᠤ︾ ᠶᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ
ᠨᠡᠶᠢᠲᠡᠯᠡᠭᠰᠡᠨ ᠴᠠᠭ᠄
2024/7/3
ᠣᠷᠣᠨ ᠤ ᠬᠠᠷᠢᠶ᠎ᠠ ᠡᠯ᠎ᠡ ᠰᠤᠷᠭᠠᠭᠤᠯᠢ᠄       ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠥᠯᠢᠭᠡᠷ ᠳᠠᠭᠤᠷᠢᠶᠠᠯ ᠤᠨ ᠬᠦᠴᠦᠨ ᠢᠶᠠᠷ ᠥᠷᠭᠡᠨ ᠣᠯᠠᠨ ᠪᠠᠭᠰᠢ ᠰᠤᠷᠤᠭᠴᠢᠳ ᠢ ᠨᠥᠯᠥᠭᠡᠯᠡᠵᠦ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽2022 - 2023 ᠣᠨ ᠤ ︿ᠲᠠᠪᠤᠨ ᠰᠠᠶᠢᠨᠲᠠᠶ ᠰᠤᠷᠤᠭᠴᠢ﹀᠂ ︽ᠰᠢᠯᠢᠳᠡᠭ ᠰᠣᠷᠣᠭᠴᠢ ᠶᠢᠨ ᠺᠠᠳ᠋ᠷ︾ ᠪᠠ ︽ᠲᠡᠷᠢᠭᠦᠨ ᠤ ᠠᠩᠭᠢ ᠶᠢᠨ ᠬᠠᠮᠲᠤ ᠨᠡᠶᠢᠲᠡ︾ ᠶᠢ ᠰᠢᠯᠭᠠᠷᠠᠭᠤᠯᠬᠤ ᠲᠤᠬᠠᠶ ᠮᠡᠳᠡᠭᠳᠡᠯ︾ ︵ᠳᠠᠭᠠᠭᠠᠴᠢᠯᠠᠨ ᠰᠤᠷᠭᠠᠬᠤ ᠲᠠᠷᠬᠠᠭᠠᠭᠰᠠᠨ ﹇2020﹈ 41 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠷᠣᠨ ᠤ ᠬᠠᠷᠢᠶ᠎ᠠ ᠰᠤᠷᠭᠠᠭᠤᠯᠢ ᠶᠢᠨ ︽ᠲᠠᠪᠤᠨ ᠰᠠᠶᠢᠨᠲᠠᠶ ᠰᠤᠷᠤᠭᠴᠢ︾᠂ ︽ᠰᠢᠯᠢᠳᠡᠭ ᠰᠣᠷᠣᠭᠴᠢ ᠶᠢᠨ ᠺᠠᠳ᠋ᠷ︾ ᠪᠠ ︽ᠲᠡᠷᠢᠭᠦᠨ ᠤ ᠠᠩᠭᠢ ᠶᠢᠨ ᠬᠠᠮᠲᠤ ᠨᠡᠶᠢᠲᠡ︾ ᠪᠠᠷ ᠦᠨᠡᠯᠡᠭᠦᠯᠬᠦ ᠪᠠᠷ ᠪᠠᠶᠢᠭ᠎ᠠ ᠬᠠᠮᠲᠤ ᠨᠡᠶᠢᠲᠡ ᠪᠠ ᠬᠤᠪᠢ ᠬᠥᠮᠦᠨ ᠤ ᠮᠡᠳᠡᠭᠦᠯᠦᠭᠰᠡᠨ ᠮᠠᠲ᠋ᠧᠷᠢᠶᠠᠯ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠪᠠ᠃ ᠰᠤᠳᠤᠯᠤᠨ ᠲᠣᠭᠲᠠᠭᠠᠬᠤ ᠪᠠᠷ ᠳᠡᠮᠵᠢᠨ᠂ ᠶᠦᠨ ᠮᠢᠨ ᠵᠡᠷᠭᠡ 79 ᠬᠠᠮᠲᠤ ᠰᠤᠷᠤᠭᠴᠢᠳ ᠲᠤ 2022 - 2023 ᠣᠨ ᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠲᠠᠪᠤᠨ ᠰᠠᠶᠢᠨᠲᠠᠶ ᠰᠤᠷᠤᠭᠴᠢ︾ ᠶᠢᠨ ᠢᠷᠠᠭᠤ ᠠᠯᠳᠠᠷ ᠤᠨ ᠴᠣᠯᠠ ᠣᠯᠭᠤᠪᠠ︔ ᠨᠢᠦ ᡁᠢ ᠬᠤᠸᠠ ᠵᠡᠷᠭᠡ 33 ᠬᠠᠮᠲᠤ ᠰᠤᠷᠤᠭᠴᠢ ᠳᠤ 2021 - 2022 ᠣᠨ ᠤ ᠳᠡᠭᠡᠳᠦ ᠰᠢᠨ᠎ᠡ ᠮᠡᠷᠭᠡᠵᠢᠯ ‍ᠤᠨ‌ᠣᠷᠣᠨ ᠤ ︽ᠰᠢᠯᠢᠳᠡᠭ ᠰᠣᠷᠣᠭᠴᠢ ᠶᠢᠨ ᠺᠠᠳ᠋ᠷ︾ ᠤᠨ ᠢᠷᠠᠭᠤ ᠠᠯᠳᠠᠷ ᠤᠨ ᠴᠣᠯᠠ ᠣᠯᠭᠤᠪᠠ︔ ᠹᠦ᠋ ᠯᠢᠨ ᠵᠠᠮ ᠤᠨ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ︵2︶ ᠤᠨ ᠠᠩᠭᠢ ᠵᠡᠷᠭᠡ 33 ᠠᠩᠭᠢ ᠳᠤ 2022 - 2023 ᠣᠨ ᠤ ᠳᠡᠭᠡᠳᠦ ᠰᠢᠨ᠎ᠡ ᠮᠡᠷᠭᠡᠵᠢᠯ ‍ᠤᠨ‌ᠣᠷᠣᠨ ᠤ ︽ᠲᠡᠷᠢᠭᠦᠨ ᠤ ᠠᠩᠭᠢ ᠶᠢᠨ ᠬᠠᠮᠲᠤ ᠨᠡᠶᠢᠲᠡ︾ ᠶᠢᠨ ᠢᠷᠠᠭᠤ ᠠᠯᠳᠠᠷ ᠤᠨ ᠴᠣᠯᠠ ᠣᠯᠭᠤᠪᠠ᠃       ᠣᠷᠣᠨ ᠤ ᠬᠠᠷᠢᠶ᠎ᠠ ᠡᠯ᠎ᠡ ᠰᠤᠷᠭᠠᠭᠤᠯᠢ ᠲᠣᠰ ᠤᠳᠠᠭᠠᠨ ᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠪᠠᠷ ᠳᠠᠮᠵᠢᠭᠤᠯᠤᠨ᠂ ᠢᠷᠠᠭᠤ ᠠᠯᠳᠠᠷ ᠢᠶᠠᠨ ᠨᠠᠨᠳᠢᠩᠨᠠᠵᠤ᠂ ᠳᠠᠬᠢᠨ ᠵᠣᠷᠢᠭᠵᠢᠭᠤᠯᠵᠤ᠂ ᠢᠳᠡᠪᠬᠢᠲᠡᠶ ᠪᠠᠷ ᠤᠷᠤᠭᠰᠢᠯᠠᠨ ᠳᠠᠪᠰᠢᠵᠤ᠂ ᠨᠠᠩ ᠣᠯᠠᠨ ᠪᠠᠭᠰᠢ ᠰᠤᠷᠤᠭᠴᠢᠳ ᠢ ᠳᠠᠶᠢᠴᠢᠯᠠᠨ ᠡᠷᠡᠯᠬᠡᠭᠯᠡᠨ ᠤᠷᠤᠭᠰᠢᠯᠠᠭᠤᠯᠵᠤ᠂ ᠨᠠᠩ ᠶᠡᠭᠡ ᠳᠠᠪᠰᠢᠯᠲᠠ ᠲᠠᠢ ᠪᠣᠯᠭᠠᠬᠤ ᠶᠢ ᠬᠦᠰᠡᠵᠦ ᠪᠠᠶᠢᠨ᠎ᠠ᠃       ᠳᠠᠭᠠᠯᠳᠤᠭᠤᠯᠤᠯ᠄ 2022 - 2023 ᠣᠨ ᠤ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠲᠠᠪᠤᠨ ᠰᠠᠶᠢᠨᠲᠠᠶ ᠰᠤᠷᠤᠭᠴᠢ︾᠂ ︽ᠰᠢᠯᠢᠳᠡᠭ ᠰᠣᠷᠣᠭᠴᠢ ᠶᠢᠨ ᠺᠠᠳ᠋ᠷ︾ ᠪᠠ ︽ᠲᠡᠷᠢᠭᠦᠨ ᠤ ᠠᠩᠭᠢ ᠶᠢᠨ ᠬᠠᠮᠲᠤ︾ ᠶᠢᠨ ᠨᠡᠷᠡᠰ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号