︽ᠠᠷᠢᠭᠤᠨ ᠴᠡᠪᠡᠷ · ᠬᠤᠳᠠᠯᠳᠤᠭ᠎ᠠ ᠡᠷᠭᠢᠯᠡᠬᠦ ᠰᠦᠯᠵᠢᠶᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ— ᠠᠵᠤ ᠠᠬᠤᠶᠢᠯᠠᠯ ᠳᠤ ᠬᠤᠯᠪᠣᠭᠳᠠᠭᠰᠠᠨ ᠡᠷᠬᠡ ᠳᠤ ᠬᠠᠯᠳᠠᠭᠰᠠᠨ ᠮᠡᠳᠡᠭᠡ ᠵᠠᠩᠭᠢ ᠶᠢᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ︾ ᠲᠤᠰᠬᠠᠶ ᠠᠵᠢᠯᠯᠠᠭ᠎ᠠ ᠨᠢ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠢᠯᠡᠷᠡᠭᠦᠯᠪᠡ
ᠨᠡᠶᠢᠲᠡᠯᠡᠭᠰᠡᠨ ᠴᠠᠭ᠄
2024/7/3
    ᠣᠶᠢᠷ᠎ᠠ ᠳᠤ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ︽ᠠᠷᠢᠭᠤᠨ ᠴᠡᠪᠡᠷ · ᠬᠤᠳᠠᠯᠳᠤᠭ᠎ᠠ ᠡᠷᠭᠢᠯᠡᠬᠦ ᠰᠦᠯᠵᠢᠶᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ — ᠠᠵᠤ ᠠᠬᠤᠶᠢᠯᠠᠯ ᠳᠤ ᠬᠤᠯᠪᠣᠭᠳᠠᠭᠰᠠᠨ ᠡᠷᠬᠡ ᠳᠤ ᠬᠠᠯᠳᠠᠭᠰᠠᠨ ᠮᠡᠳᠡᠭᠡ ᠵᠠᠩᠭᠢ ᠶᠢᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠤ ᠲᠠᠪᠴᠠᠩ ᠢ ᠵᠢᠯᠣᠭᠤᠳᠤᠨ ᠰᠦᠯᠵᠢᠶᠡᠨ ᠳᠡᠭᠡᠷᠡᠬᠢ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ᠂ ᠠᠵᠤ ᠠᠬᠤᠶᠢᠯᠠᠯᠲᠠᠨ ᠤ ᠰᠦᠯᠵᠢᠶᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠨᠢᠭᠡ ᠪᠦᠯᠦᠭ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠭᠡᠷ᠎ᠡ ᠶᠣᠰᠣᠭᠠᠷ ᠰᠢᠢᠳᠪᠦᠷᠢᠯᠡᠪᠡ᠃ ᠡᠳᠦᠭᠡ ᠬᠡᠰᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠳᠣᠤᠷᠠᠬᠢ ᠮᠡᠲᠦ ᠮᠡᠳᠡᠭᠳᠡᠶ᠎ᠡ᠄     1᠂ ︽ᠮᠦᠸᠧ ᠽᠢ ᠬᠤᠳᠠᠯᠳᠤᠭᠠᠨ ᠤ ᠲᠤᠬᠠᠢ ᠣᠨᠣᠯ︾ ᠵᠡᠷᠭᠡ ᠳᠠᠩᠰᠠᠨ ᠨᠣᠮᠧᠷ ᠴᠤᠤᠷᠬᠠᠯ ᠲᠠᠷᠬᠠᠭᠠᠵᠤ ᠠᠵᠤ ᠠᠬᠤᠢᠯᠠᠯ ᠤᠨ ᠳᠦᠷᠢ ᠲᠥᠷᠬᠦ ᠶᠢ ᠮᠠᠭᠤ ᠰᠠᠨᠠᠭ᠎ᠠ ᠪᠠᠷ ᠭᠦᠳᠭᠡᠬᠦ  ᠃ ᠸᠢᠴᠠᠲ ᠤᠨ ᠬᠠᠷᠠᠭᠠᠨ ᠳᠠᠪᠲᠠᠮᠵᠢ ᠶᠢᠨ ᠨᠣᠮᠧᠷ ︽ᠮᠦᠸᠧ ᠽᠢ ᠬᠤᠳᠠᠯᠳᠤᠭᠠᠨ ᠤ ᠣᠨᠣᠯ︾᠂ ︽ᠵᠣᠣ ᠵᠢᠢ ᠳᠡᠭᠦᠦ︾᠂ ᠥᠨᠥᠳᠥᠷ ᠤᠨ ᠲᠡᠷᠢᠭᠦᠨ ᠵᠤᠷᠪᠤᠰ ᠤᠨ ᠳᠠᠩᠰᠠᠨ ᠨᠣᠮᠧᠷ ︽ᠠᠷᠠᠳ ᠣᠯᠠᠨ ᠤ ᠲᠡᠷᠡ ᠵᠦᠢᠯ︾᠂ ᠵᠠᠭᠤᠨ ᠭᠡᠷ ᠤᠨ ︽ᠵᠢᠭᠠᠰᠤᠨ ᠤ ᠰᠡᠭᠦᠳᠡᠷ ᠤᠨ ᠦᠨᠡᠯᠡᠯᠲᠡ︾᠂ ᠪᠦᠷᠭᠡ ᠶᠢᠨ ᠳᠠᠩᠰᠠᠨ ᠨᠣᠮᠧᠷ ︽ᠰᠦ ᠲᠠᠢ ᠴᠠᠢ ᠶᠢᠨ ᠰᠢᠬᠢᠷᠯᠢᠭ ᠬᠡᠮᠵᠢᠶ᠎ᠡ ᠨᠢ ᠪᠠᠷᠢᠮᠵᠢᠶ᠎ᠠ ᠠᠴᠠ ᠬᠡᠲᠦᠷᠡᠭᠰᠡᠨ kk︾ ᠵᠡᠷᠭᠡ᠂ ᠶᠠᠮᠠᠷ ᠨᠢᠭᠡᠨ ᠤᠤᠭᠤᠬᠤ ᠤᠰᠤᠨ ᠤ ᠠᠵᠤ ᠠᠬᠤᠢᠯᠠᠯ ᠤᠨ ᠰᠲ᠋ᠣᠺ ᠤᠨ ᠡᠷᠬᠡ ᠶᠢᠨ ᠪᠦᠲᠦᠴᠡ᠂ ᠦᠢᠯᠡᠳᠬᠦᠨ ᠤ ᠪᠣᠭᠴᠣ ᠵᠢᠷᠤᠭ ᠳᠦᠷᠰᠦ᠂ ᠬᠤᠳᠠᠯ ᠬᠠᠭᠤᠷᠮᠠᠭ ᠮᠡᠳᠡᠭᠡ ᠵᠠᠩᠭᠢ ᠪᠠ ᠬᠡᠲᠦᠷᠡᠮᠡᠬᠡᠢ ᠶᠠᠷᠢᠶ᠎ᠠ ᠬᠡᠯᠡᠯᠴᠡᠭᠡ ᠶᠢ ᠲᠠᠷᠬᠠᠭᠠᠵᠠᠢ᠃ ᠬᠤᠯᠪᠣᠭᠳᠠᠬᠤ ᠳᠠᠩᠰᠠᠨ ᠤ ᠳ᠋ᠤᠭᠠᠷ ᠨᠢᠭᠡᠨᠲᠡ ᠬᠠᠤᠯᠢ ᠶᠣᠰᠣᠭᠠᠷ ᠪᠣᠯᠵᠤᠭ᠎ᠠ ᠶᠣᠰᠣᠭᠠᠷ ᠬᠠᠭᠠᠭᠳᠠᠪᠠ᠃     2᠂ 《ᠬᠠᠴᠢᠨ ᠬᠥᠮᠦᠨ ᠤ ᠪᠦᠯᠦᠭ 》ᠵᠡᠷᠭᠡ ᠳᠠᠩᠰᠠᠨ ᠨᠣᠮᠧᠷ ᠠᠵᠤ ᠠᠬᠤᠢᠯᠠᠯ ᠳᠤ ᠬᠤᠯᠪᠣᠭᠳᠠᠭᠰᠠᠨ ᠢᠯᠡ ᠮᠡᠳᠡᠭᠡ ᠵᠠᠩᠭᠢ ᠶᠢ ᠭᠠᠵᠢᠳᠠᠭᠤᠯᠤᠨ‌‍ᠲ᠋ᠠᠢᠯᠪᠤᠷᠢᠯᠠᠵᠤ᠂ ᠬᠠᠤᠯᠢ ᠪᠤᠰᠤ ᠠᠰᠢᠭ ᠲᠤᠰᠠ ᠣᠯᠵᠠᠢ᠃ ᠨᠢᠭᠡᠨ ᠰᠣᠶᠣᠯ ᠤᠨ ᠳᠠᠮᠵᠢᠭᠤᠯᠭ᠎ᠠ ᠶᠢᠨ ᠬᠢᠵᠠᠭᠠᠷᠲᠤ ᠺᠣᠮᠫᠠᠨᠢ ᠴᠤᠤᠷᠢᠶ᠎ᠠ᠂ ᠰᠦᠯᠵᠢᠶᠡᠨ ᠬᠤᠳᠠᠯᠳᠤᠭ᠎ᠠ᠂ ᡁᠢ ᠬᠤ᠋ ᠵᠡᠷᠭᠡ ᠣᠯᠠᠨ ᠰᠦᠯᠵᠢᠶᠡᠨ ᠤ ᠲᠠᠪᠴᠠᠩ ᠳᠡᠭᠡᠷ᠎ᠡ ︽ᠭᠠᠶᠢᠬᠠᠮᠰᠢᠭᠲᠤ ᠬᠠᠨᠳᠤᠯᠭ᠎ᠠ ᠪᠦᠯᠦᠭ︾ ᠤᠨ ᠲᠠᠩᠰᠠᠨ ᠨᠣᠮᠧᠷ ᠢ ᠳᠠᠩᠰᠠᠯᠠᠵᠤ᠂ ᠶᠠᠮᠠᠷ ᠨᠢᠭᠡᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠳᠤ ᠨᠠᠵᠠᠭᠠᠶ ᠲᠠᠶᠢᠯᠤᠮᠵᠢ ᠬᠢᠭᠰᠡᠨ ᠮᠡᠳᠡᠭᠡ ᠵᠠᠩᠭᠢ ᠶᠢ ᠵᠣᠷᠢᠭᠤᠳᠠ ᠨᠡᠶᠢᠲᠡᠯᠡᠭᠰᠡᠨ ᠪᠥᠭᠡᠳ ᠲᠣᠰ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠲᠡᠳᠡᠨ ᠲᠠᠢ ᠮᠡᠳᠡᠭᠡ ᠵᠠᠩᠭᠢ ᠶᠢᠨ ᠠᠭᠤᠯᠭ᠎ᠠ ᠶᠢᠨ ᠦᠨᠡᠨ ᠪᠣᠳᠠᠲᠤ ᠴᠢᠨᠠᠷ ᠤᠨ ᠠᠰᠠᠭᠤᠳᠠᠯ ᠪᠠᠶᠢᠪᠠᠯ᠂ ᠲᠣᠬᠢᠶᠠᠯ ᠢ ᠠᠰᠢᠭᠯᠠᠨ ᠬᠤᠳᠠᠯᠳᠤᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠪᠠᠷ ᠱᠠᠭᠠᠷᠳᠠᠪᠠ᠃ ᠬᠤᠯᠪᠣᠭᠳᠠᠬᠤ ᠲᠠᠩᠰᠠᠨ ᠡᠷᠦᠬᠡ ᠵᠢᠴᠢ ᠲᠡᠭᠦᠨ ᠤ ︽ᠬᠤᠪᠢᠷᠠᠭᠤᠯᠬᠤ︾ ᠲᠠᠩᠰᠠᠨ ᠨᠣᠮᠧᠷ ᠨᠢ ᠨᠢᠭᠡᠨᠲᠡ ᠬᠠᠤᠯᠢ ᠶᠣᠰᠣᠭᠠᠷ ᠪᠣᠯᠵᠣᠨ ᠬᠠᠭᠠᠭᠳᠠᠵᠤ᠂ ᠳᠠᠩᠰᠠᠨ ᠤ ᠭᠤᠣᠯ ᠴᠣᠭᠴᠠ ᠶᠢ ᠲᠠᠪᠴᠠᠩ ᠤᠨ ᠬᠠᠷ᠎ᠠ ᠲᠠᠩᠰᠠ ᠶᠢᠨ ᠬᠠᠮᠢᠶᠠᠷᠤᠯᠲᠠ ᠳᠤ ᠣᠷᠣᠭᠤᠯᠪᠠ᠃     3. ︽ᠵᠢᠵᠢᠭ ᠦᠬᠡᠷ ᠲᠡᠷᠭᠡ ᠬᠡᠯᠡᠬᠦ︾ ᠵᠡᠷᠭᠡ ᠳᠠᠩᠰᠠᠨ ᠨᠣᠮᠧᠷ ᠪᠣᠳᠠᠲᠤ ᠬᠡᠷᠡᠭ ᠢ ᠵᠣᠷᠢᠭᠤᠳᠠ ᠭᠠᠵᠢᠭᠤᠳᠠᠭᠤᠯᠤᠨ᠂ ᠠᠵᠤ ᠠᠬᠤᠶᠢᠯᠠᠯ ᠵᠢᠴᠢ ᠲᠡᠭᠦᠨ ᠢ ᠡᠭᠦᠰᠭᠡᠨ ᠪᠠᠶᠢᠭᠤᠯᠤᠭᠴᠢ ᠶᠢ  ᠭᠦᠳᠬᠡᠪᠡ᠃ ᠴᠤᠤᠷᠢᠶ᠎ᠠ ᠳᠠᠩᠰᠠᠨ ᠨᠣᠮᠧᠷ ︽ᠪᠢᠴᠢᠬᠠᠨ ᠦᠬᠡᠷ ᠤᠨ ᠬᠡᠯᠡᠬᠦ ᠪᠠᠷ ᠲᠡᠷᠭᠡ ᠭᠡᠳᠡᠭ ᠨᠢ︾᠂   ᠳ᠋ᠦᠩ ᠴᠧ ᠳ᠋ᠢ ᠳᠠᠩᠰᠠᠨ ᠨᠣᠮᠧᠷ ︽ᠪᠢᠴᠢᠬᠠᠨ ᠦᠬᠡᠷ ᠤᠨ ᠬᠡᠯᠡᠬᠦ ᠪᠠᠷ ᠲᠡᠷᠭᠡ new︾᠂ ᠥᠨᠥᠳᠥᠷ ᠤᠨ ᠲᠡᠷᠢᠭᠦᠨ ᠳᠠᠩᠰᠠᠨ ᠨᠣᠮᠧᠷ ︽ᠬᠤᠸᠠᠩ ᠱᠢᠶᠣᠤ ᠨᠢᠦ new︾᠂  ᠬᠦᠮᠦᠨ ᠤ ᠠᠩᠬᠠᠷᠤᠯ  ᠢ  ᠳᠠᠲᠠᠨ᠂  ᠣᠯᠠᠨ ᠤᠳᠠᠭ᠎ᠠ ᠣᠬᠤᠷ ᠬᠠᠷᠠᠭᠠᠨ ᠳᠠᠪᠲᠠᠮᠵᠢ ᠨᠡᠢᠲᠡᠯᠡᠵᠦ᠂ ᠵᠠᠷᠢᠮ ᠨᠡᠷᠡᠲᠦ ᠲᠡᠮᠳᠡᠭᠲᠦ  ᠮᠠᠰᠢᠨ ᠲᠡᠷᠭᠡᠨ ᠤ ᠶᠠᠰᠤ ᠴᠢᠨᠠᠷ ᠪᠣᠯᠤᠨ ᠲᠤᠰ ᠮᠠᠰᠢᠨ ᠲᠡᠷᠭᠡᠨ ᠤ ᠠᠵᠤ ᠠᠬᠤᠢᠯᠠᠯ᠂ ᠡᠭᠦᠰᠭᠡᠨ ᠪᠠᠶᠢᠭᠤᠯᠤᠭᠴᠢ ᠶᠢᠨ ᠳᠦᠷᠢ ᠲᠥᠷᠬᠦ ᠶᠢ ᠭᠦᠳᠬᠡᠪᠡ  ᠃ ᠬᠤᠯᠪᠣᠭᠳᠠᠬᠤ ᠳᠠᠩᠰᠠᠨ ᠤ ᠳ᠋ᠤᠭᠠᠷ ᠨᠢᠭᠡᠨᠲᠡ ᠬᠠᠤᠯᠢ ᠶᠣᠰᠣᠭᠠᠷ ᠪᠣᠯᠵᠤᠭ᠎ᠠ ᠶᠣᠰᠣᠭᠠᠷ ᠬᠠᠭᠠᠭᠳᠠᠪᠠ᠃     4. ︽ᠯᠢᠦ ᠪᠦ᠋ ᠴᠧᠨ︾ ᠵᠡᠷᠭᠡ ᠳᠠᠩᠰᠠᠨ ᠤ ᠳ᠋ᠤᠭᠠᠷ ᠬᠤᠳᠠᠯ ᠬᠠᠭᠤᠷᠮᠠᠭ ᠦᠨᠡᠨ ᠪᠣᠳᠠᠲᠠᠶ ᠪᠤᠰᠤ ᠮᠡᠳᠡᠭᠡ ᠵᠠᠩᠭᠢ ᠨᠡᠶᠢᠲᠡᠯᠡᠵᠦ᠂ ᠠᠵᠤ ᠠᠬᠤᠶᠢᠯᠠᠯ᠂ ᠠᠵᠤ ᠠᠬᠤᠶᠢᠯᠠᠯᠲᠠᠨ ᠤ ᠳᠦᠷᠢ ᠲᠥᠷᠬᠦ ᠶᠢ ᠮᠠᠭᠤᠴᠢᠯᠠᠪᠠ᠃ ᠪᠦᠷᠭᠡ ᠶᠢᠨ ᠳᠠᠩᠰᠠᠨ ᠤ ᠳ᠋ᠤᠭᠠᠷ ︽ᠯᠢᠦ ᠪᠦ᠋  ᠴᠧᠨ  ︾᠂ ᠴᠤᠤᠷᠢᠶ᠎ᠠ ᠶᠢᠨ ᠳᠠᠩᠰᠠᠨ ᠤ ᠳ᠋ᠤᠭᠠᠷ ︽ᠪᠢ ᠪᠣᠯ ᠵᠡᠭᠦᠨ ᠨᠣᠶᠠᠨ︾᠂ ᠵᠠᠭᠤᠨ ᠭᠡᠷ ᠤᠨ ︽ᠪᠦ᠋  ᠴᠧᠨ ᠠᠵᠢᠭᠯᠠᠯᠲᠠ︾᠂ ᠶᠠᠮᠠᠷ ᠨᠢᠭᠡᠨ ᠠᠵᠤ ᠠᠬᠤᠶᠢᠯᠠᠯ ᠵᠢᠴᠢ ᠲᠡᠭᠦᠨ ᠤ ᠳᠡᠭᠡᠳᠦ ᠲᠠᠰ ᠤᠨ ᠬᠠᠮᠢᠶᠠᠷᠤᠯᠲᠠ ᠶᠢᠨ ᠠᠵᠢᠯᠲᠠᠨ ᠤ  ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠨᠡᠶᠢᠲᠡᠯᠡᠬᠦ ᠶᠢᠨ ᠬᠠᠮᠲᠤ ᠪᠣᠯᠬᠢ ᠪᠦᠳᠦᠭᠦᠯᠢᠭ ᠰᠡᠳᠦᠪ ᠲᠠᠢ ᠬᠤᠯᠪᠣᠭᠳᠠᠨ᠎ᠠ᠃ ᠸᠢᠴᠠᠲ ᠤᠨ ᠸᠢᠳᠢᠣ ᠨᠣᠮᠧᠷ ︽ ᠰᠢᠩ ᠢᠦᠢ ᠺᠠ ᠴᠧ ᠳ᠋ᠢ︾ ᠨᠢ ᠨᠢᠭᠡᠨ ᠨᠡᠷᠡᠲᠦ ᠲᠡᠮᠳᠡᠭᠲᠦ ᠮᠠᠰᠢᠨ ᠲᠡᠷᠭᠡᠨ ᠤ ᠬᠥᠳᠡᠯᠭᠡᠭᠦᠷ ᠮᠠᠰᠢᠨ ᠳᠤ ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠠᠴᠠ ᠪᠣᠯᠵᠤ ᠠᠯᠪᠠᠳᠠᠯᠭ᠎ᠠ ᠪᠠᠷ ᠡᠭᠡᠭᠦᠯᠦᠨ ᠬᠤᠷᠢᠶᠠᠭᠰᠠᠨ ᠦᠨᠡᠨ ᠪᠤᠰᠤ ᠮᠡᠳᠡᠭᠡ ᠵᠠᠩᠭᠢ ᠶᠢ  ᠲᠠᠷᠬᠠᠭᠠᠪᠠ᠃ ᠬᠤᠯᠪᠣᠭᠳᠠᠬᠤ ᠳᠠᠩᠰᠠᠨ ᠤ ᠳ᠋ᠤᠭᠠᠷ ᠨᠢ ᠨᠢᠭᠡᠨᠲᠡ ᠬᠠᠤᠯᠢ ᠶᠣᠰᠣᠭᠠᠷ ᠪᠣᠯᠵᠤᠭ᠎ᠠ  ᠶᠣᠰᠣᠭᠠᠷ ᠴᠠᠭᠠᠵᠠᠯᠠᠭᠳᠠᠪᠠ᠃    5᠂  ᠰᠢᠶᠠᠩ ᠭᠦᠸᠧ ᠬᠤᠳᠠᠯᠳᠤᠭᠠᠨ ᠤ  ᠰᠢᠭᠦᠮᠵᠢ ᠵᠡᠷᠭᠡ ᠳᠠᠩᠰᠠ ᠨᠢ ᠠᠵᠤ ᠠᠬᠤᠢᠯᠠᠯ ᠳᠤ ᠬᠤᠯᠪᠣᠭᠳᠠᠭᠰᠠᠨ ᠬᠠᠯᠠᠭᠤᠨ ᠴᠡᠭ ᠢᠶᠠᠷ ᠠᠵᠤ ᠠᠬᠤᠢᠯᠠᠯ ᠢ  ᠭᠦᠳᠬᠡᠪᠡ᠃ ᠲᠧᠩ  ᠰᠢᠶᠦ᠋ᠨ ᠰᠣᠨᠢᠨ ᠮᠡᠳᠡᠭᠡᠨ ᠤ ᠳᠠᠩᠰᠠᠨ ᠨᠣᠮᠧᠷ ︽ᠰᠢᠶᠠᠩ ᠭᠦᠸᠧ ᠬᠤᠳᠠᠯᠳᠤᠭᠠᠨ ᠤ  ᠰᠢᠭᠦᠮᠵᠢ︾᠂ ᠰᠦᠯᠵᠢᠶᠡᠨ ᠤ ᠨᠣᠮᠧᠷ ︽ᠰᠢᠶᠠᠩ ᠭᠦᠸᠧ ᠬᠤᠳᠠᠯᠳᠤᠭ᠎ᠠ︾ ᠨᠢ ᠠᠵᠤ ᠠᠬᠤᠢᠯᠠᠯ ᠳᠤ ᠬᠤᠯᠪᠣᠭᠳᠠᠭᠰᠠᠨ ᠬᠠᠯᠠᠭᠤᠨ ᠴᠡᠭ ᠢ ᠳᠡᠯᠭᠡᠵᠦ᠂ ︽ᠭᠠᠭᠴᠠᠭᠠᠷ ᠶᠠᠷᠢᠯᠴᠠᠬᠤ︾ ᠬᠡᠯᠪᠡᠷᠢ ᠪᠠᠷ ᠠᠵᠤ ᠠᠬᠤᠢᠯᠠᠯ ᠳᠤ ᠬᠤᠯᠪᠣᠭᠳᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠶᠢ ᠨᠡᠢᠲᠡᠯᠡᠨ᠎ᠡ᠃ ᠪᠦᠷᠭᠡ ᠶᠢᠨ ᠳᠠᠩᠰᠠᠨ ᠤ ᠳ᠋ᠤᠭᠠᠷ  ︽ ᠱᠤ᠋ ᠮᠠ ᠱᠢ ᠵᠢᠶᠧ︾ ︽ᠭᠦᠶᠦᠬᠦ ᠳᠤᠷᠠᠲᠠᠢ︾ ︽ᠰᠢᠶᠦ᠋ᠩ ᠠᠬ᠎ᠠ ᠲᠡᠷᠭᠡ ᠬᠠᠶᠢᠷᠠᠯᠠᠨ᠎ᠠ︾ ᠵᠡᠷᠭᠡ ᠰᠦᠯᠵᠢᠶᠡᠨ ᠤ ᠤᠰᠤᠨ ᠴᠡᠷᠢᠭ ᠤᠨ ᠠᠵᠢᠯᠯᠠᠭ᠎ᠠ ᠤᠷᠤᠰᠢᠵᠤ᠂ ᠵᠠᠷᠢᠮ ᠠᠵᠤ ᠠᠬᠤᠢᠯᠠᠯ ᠤᠨ ᠦᠢᠯᠡᠳᠬᠦᠨ ᠢ ᠭᠦᠳᠬᠡᠪᠡ᠃ ᠬᠤᠯᠪᠣᠭᠳᠠᠬᠤ ᠳᠠᠩᠰᠠᠨ ᠤ ᠳ᠋ᠤᠭᠠᠷ ᠨᠢᠭᠡᠨᠲᠡ ᠬᠠᠤᠯᠢ ᠶᠣᠰᠣᠭᠠᠷ ᠪᠣᠯᠵᠤᠭ᠎ᠠ ᠶᠣᠰᠣᠭᠠᠷ ᠬᠠᠭᠠᠭᠳᠠᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号