ᠰᠢ ᠶᠢᠨ ᠫᠢᠩ ᠢᠲ᠋ᠠᠯᠢ ᠶᠢᠨ ᠶᠡᠷᠦᠩᠬᠡᠢ ᠰᠠᠶᠢᠳ ᠮᠦᠢᠯᠦ᠋ᠸᠧᠨᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/30
   ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 29 ᠤ ᠴᠠᠭᠢᠯᠭᠠᠨ ᠮᠡᠳᠡᠭᠡ 7 ᠰᠠᠷ᠎ᠠ ᠶᠢᠨ 29 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠢᠲ᠋ᠠᠯᠢ ᠶᠢᠨ ᠶᠡᠷᠦᠩᠬᠡᠢ ᠰᠠᠶᠢᠳ ᠮᠦᠢᠯᠦ᠋ᠸᠧᠨᠢ ᠲᠠᠢ ᠠᠭᠤᠯᠵᠠᠪᠠ᠃
    ᠰᠢ ᠶᠢᠨ ᠫᠢᠩ᠂ ᠳᠤᠮᠳᠠᠳᠤ ᠤᠯᠤᠰ ᠪᠣᠯᠣᠨ ᠢᠲ᠋ᠠᠯᠢ ᠡᠷᠲᠡᠨ ᠤ ᠲᠣᠷᠭᠠᠨ ᠵᠠᠮ ᠤᠨ ᠬᠤᠶᠠᠷ ᠦᠵᠦᠭᠦᠷ ᠲᠤ ᠪᠠᠶᠢᠷᠢᠯᠠᠵᠤ᠂ ᠬᠤᠶᠠᠷ ᠤᠯᠤᠰ ᠤᠨ ᠥᠨᠢ ᠤᠳᠠᠭᠠᠨ ᠲᠡᠦᠬᠡ ᠲᠠᠢ ᠨᠥᠭᠦᠷᠰᠡᠭ ᠶᠠᠪᠤᠯᠴᠠᠭ᠎ᠠ ᠨᠢ ᠳᠣᠷᠣᠨᠠᠳᠠᠬᠢᠨ ᠥᠷᠥᠨᠡᠳᠠᠬᠢᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠪᠣᠯᠣᠨ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠲᠠᠪᠰᠢᠯᠳᠠ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠨᠠᠶᠢᠷᠠᠮᠳᠠᠯ ᠢᠶᠠᠷ ᠬᠠᠮᠲᠤᠷᠠᠯᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠠᠷ ᠭᠤᠣᠯ ᠪᠤᠯᠭᠠᠬᠰᠠᠨ ᠲᠣᠷᠭᠠᠨ ᠵᠠᠮ ᠤᠨ ᠵᠣᠷᠢᠭ ᠰᠠᠨᠠᠭ᠎ᠠ ᠪᠣᠯ ᠳᠤᠮᠳᠠᠳᠤ ᠢᠲ᠋ᠠᠯᠢ ᠬᠤᠶᠠᠷ ᠤᠯᠤᠰ ᠤᠨ ᠬᠠᠮᠲᠤ ᠶᠢᠨ ᠡᠳ᠋ ᠪᠠᠶᠠᠯᠢᠭ ᠮᠥᠨ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠳᠦᠨ᠂ ᠡᠯ᠎ᠡ ᠤᠯᠤᠰ ᠬᠠᠷᠢᠯᠴᠠᠨ ᠨᠡᠪᠲᠡᠷᠡᠯᠴᠡᠵᠦ᠂ ᠪᠦᠯᠬᠦᠮᠳᠡᠪᠡᠯ ᠬᠠᠮᠲᠤ ᠪᠠᠷ ᠤᠷᠤᠭᠰᠢᠯᠠᠵᠤ᠂ ᠪᠢᠲᠡᠭᠦᠮᠵᠢᠯᠡᠵᠦ ᠬᠠᠭᠠᠴᠠᠪᠠᠯ ᠪᠦᠷ ᠤᠬᠤᠷᠢᠬᠤ ᠪᠣᠯᠣᠨ᠎ᠠ᠃ ᠳᠤᠮᠳᠠᠳᠤ ᠢᠲ᠋ᠠᠯᠢ ᠬᠤᠶᠠᠷ ᠤᠯᠤᠰ ᠲᠣᠷᠭᠠᠨ ᠵᠠᠮ ᠤᠨ ᠵᠣᠷᠢᠭ ᠰᠠᠨᠠᠭ᠎ᠠ ᠶᠢ ᠪᠠᠷᠢᠮᠲᠠᠯᠠᠨ ᠪᠠᠳᠠᠷᠠᠭᠤᠯᠵᠤ᠂ ᠲᠡᠦᠬᠡ ᠶᠢᠨ ᠬᠠᠷᠠᠭᠠᠰᠤ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠬᠥᠭᠵᠢᠭᠦᠯᠵᠦ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠡᠷᠡᠭᠦᠯ ᠲᠣᠭᠲᠠᠭᠤᠨ ᠢᠶᠠᠷ ᠬᠥᠭᠵᠢᠬᠦ ᠨᠢ ᠬᠤᠶᠠᠷ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠲᠠᠢ ᠨᠡᠶᠢᠴᠡᠨ᠎ᠡ᠃ ᠬᠡᠳᠦ᠋ᠢᠪᠡᠷ ᠣᠳᠣᠬᠠᠨ ᠤ ᠳᠡᠯᠡᠬᠡᠢ ᠶᠢᠨ ᠪᠠᠶᠢᠳᠠᠯ ᠦᠷᠭᠦᠯᠵᠢᠯᠡᠨ ᠭᠦᠨᠵᠡᠭᠡᠢ ᠬᠤᠪᠢᠰᠤᠭᠰᠠᠨ ᠴᠤ ᠳᠤᠮᠳᠠᠳᠤ ᠢᠲ᠋ᠠᠯᠢ ᠶᠢᠨ ᠬᠠᠷᠢᠯᠴᠠᠭ᠎ᠠ ᠶᠢ ᠴᠢᠬᠤᠯᠠᠴᠢᠯᠠᠨ ᠬᠥᠭᠵᠢᠭᠦᠯᠬᠦ ᠳᠤᠮᠳᠠᠳᠤ ᠤᠯᠤᠰ ᠤᠨ ᠬᠦᠰᠡᠯ ᠡᠷᠡᠮᠡᠯᠵᠡᠯ ᠬᠤᠪᠢᠷᠠᠭ᠎ᠠ ᠦᠭᠡᠢ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠮᠥᠨ ᠴᠢᠨᠠᠷ ᠬᠤᠪᠢᠷᠠᠭ᠎ᠠ ᠦᠭᠡᠢ᠂ ᠬᠤᠶᠠᠷ ᠤᠯᠤᠰ ᠤᠨ ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠬᠤᠪᠢᠷᠠᠭ᠎ᠠ ᠦᠭᠡᠢ᠃ ᠬᠤᠶᠠᠷ ᠲᠠᠯ᠎ᠠ ᠪᠠᠷ ᠢᠶᠠᠨ ᠨᠥᠭᠦᠷᠰᠡᠭ ᠶᠠᠪᠤᠯᠴᠠᠭ᠎ᠠ ᠶᠢᠨ ᠤᠯᠠᠮᠵᠢᠯᠠᠯ ᠢᠶᠠᠨ ᠦᠷᠭᠦᠯᠵᠢᠯᠡᠭᠦᠯᠵᠦ᠂ ᠲᠤᠰ ᠲᠤᠰ ᠤᠨ ᠰᠣᠩᠭᠤᠭᠰᠠᠨ ᠬᠥᠭᠵᠢᠯᠲᠡ ᠶᠢᠨ ᠵᠠᠮ ᠢᠶᠠᠨ ᠦᠷᠭᠦᠯᠵᠢᠯᠡᠨ ᠣᠶᠢᠯᠠᠭᠠᠯᠴᠠᠵᠤ ᠬᠦᠨᠳᠦᠳᠬᠡᠶ᠎ᠡ᠃ ᠳᠤᠮᠳᠠᠳᠤ ᠢᠲ᠋ᠠᠯᠢ ᠬᠤᠶᠠᠷ ᠤᠯᠤᠰ ᠤᠨ ᠠᠵᠤ ᠦᠢᠯᠡᠰ ᠤᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠠᠵᠠ ᠲᠣᠭᠢᠶᠠᠯ ᠪᠤᠯᠭᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠪᠠᠯ ᠵᠣᠬᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠰᠠᠶ᠋ᠢᠬᠠᠨ ᠲᠡᠭᠦᠰᠪᠡ ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠣᠯᠭᠤᠬᠤ ᠪᠥᠭᠡᠳ ᠢᠲ᠋ᠠᠯᠢ ᠵᠡᠷᠭᠡ ᠡᠯ᠎ᠡ ᠤᠯᠤᠰ ᠯᠤᠭ᠎ᠠ ᠬᠠᠮᠲᠤᠷᠠᠯᠴᠠᠭ᠎ᠠ ᠪᠠᠨ ᠥᠷᠭᠡᠳᠬᠡᠬᠦ ᠳᠤ ᠰᠢᠨ᠎ᠡ ᠠᠵᠠ ᠲᠣᠭᠢᠶᠠᠯ ᠣᠯᠭᠤᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠢᠲ᠋ᠠᠯᠢ ᠶᠢᠨ ᠬᠢᠨ ᠲᠠᠢ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠠᠵᠤ ᠦᠢᠯᠡᠳᠪᠦᠷᠢ ᠶᠢᠨ ᠦᠢᠯᠡᠳᠬᠡᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠭᠤᠷᠪᠠᠳᠠᠭᠴᠢ ᠲᠠᠯ᠎ᠠ ᠶᠢᠨ ᠵᠠᠬ᠎ᠠ ᠳᠡᠯᠭᠡᠭᠦᠷ ᠵᠡᠷᠭᠡ ᠤᠯᠠᠮᠵᠢᠯᠠᠯᠲᠤ ᠬᠠᠮᠲᠤᠷᠠᠯᠴᠠᠭ᠎ᠠ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠵᠣᠬᠢᠶᠠᠮᠠᠯ ᠤᠶᠤᠯᠢᠭ ᠵᠡᠷᠭᠡ ᠰᠢᠨ᠎ᠡ ᠪᠠᠷ ᠬᠥᠭᠵᠢᠭᠰᠡᠨ ᠬᠦᠷᠢᠶᠡᠨ ᠤ ᠬᠠᠮᠲᠤᠷᠠᠯᠴᠠᠭ᠎ᠠ ᠶᠢ ᠰᠤᠳᠤᠯᠤᠨ ᠶᠠᠷᠢᠯᠴᠠᠨ᠎ᠠ᠃ ᠳᠤᠮᠳᠠᠳᠤ ᠤᠯᠤᠰ ᠢᠲ᠋ᠠᠯᠢ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ ᠢᠲ᠋ᠠᠯᠢ ᠶᠢᠨ ᠨᠠᠩ ᠣᠯᠠᠨ ᠴᠢᠨᠠᠷ ᠰᠠᠶᠢᠲᠠᠢ ᠦᠢᠯᠡᠳᠬᠦᠨ ᠢ ᠣᠷᠣᠭᠤᠯᠵᠤ᠂ ᠢᠲ᠋ᠠᠯᠢ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠲ᠋ᠠᠯᠢ ᠳᠤ ᠬᠦᠷᠴᠦ ᠬᠥᠭᠵᠢᠬᠦ ᠳᠤ ᠡᠷᠬᠡ ᠲᠡᠭᠰᠢ᠂ ᠢᠯᠡ ᠲᠣᠳᠣ᠂ ᠠᠮᠤᠷ ᠲᠦᠪᠰᠢᠨ᠂ ᠦᠯᠤ ᠭᠠᠳᠠᠭᠤᠷᠴᠢᠯᠠᠬᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠳᠠᠭᠰᠠᠨ ᠦᠷ᠎ᠡ ᠪᠦᠲᠦᠭᠡᠯ ᠢᠶᠠᠨ ᠨᠠᠨᠳᠢᠩᠨᠠᠵᠤ᠂ ᠰᠣᠶᠣᠯ ᠤᠨ ᠤᠯᠠᠮᠵᠢᠯᠠᠯ ᠪᠣᠯᠣᠨ ᠰᠢᠨ᠎ᠡ ᠶᠢ ᠡᠭᠦᠳᠬᠦ ᠶᠢᠨ ᠬᠤᠣᠰ ᠴᠢᠭᠯᠡᠯ ᠢᠶᠠᠷ ᠬᠠᠷᠢᠯᠴᠠᠨ ᠠᠬᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠤᠨ ᠰᠡᠳᠬᠢᠯ ᠤᠨ ᠳᠣᠲᠣᠨᠣ ᠪᠠᠶᠢᠬᠤ ᠶᠢ ᠠᠬᠢᠭᠤᠯᠤᠶ᠎ᠠ᠃ ᠳᠤᠮᠳᠠᠳᠤ ᠤᠯᠤᠰ ᠢᠲ᠋ᠠᠯᠢ ᠶᠢᠨ 2026 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠭᠢᠯᠡᠭᠦ ᠶᠢ ᠳᠡᠮᠵᠢᠨ᠎ᠠ᠂ ᠢᠲ᠋ᠠᠯᠢ ᠶᠢᠨ ᠬᠢᠨ ᠳᠤᠮᠳᠠᠳᠤ ᠤᠯᠤᠰ ᠤᠨ ᠠᠷᠠᠳ ᠢᠷᠭᠡᠨ ᠤ ᠢᠲ᠋ᠠᠯᠢ ᠳᠤ ᠣᠴᠢᠬᠤ ᠳᠤ ᠲᠦᠭᠦᠮ ᠦᠵᠡᠭᠦᠯᠭᠦ ᠠᠷᠭ᠎ᠠ ᠬᠡᠮᠵᠢᠶ᠎ᠡ ᠬᠠᠩᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠳᠤ᠂ ᠭᠠᠭᠴᠠ ᠬᠦ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠨᠡᠭᠡᠭᠡᠯᠲᠡᠲᠤ ᠬᠠᠮᠲᠤᠷᠠᠯᠴᠠᠭ᠎ᠠ ᠶᠢ ᠪᠠᠷᠢᠮᠲᠠᠯᠠᠪᠠᠯ ᠰᠠᠶ᠋ᠢ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠠᠪᠴᠢᠷᠠᠵᠤ ᠴᠢᠳᠠᠨ᠎ᠠ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠶᠡᠷᠦ ᠠᠴᠠ ᠡᠵᠡᠷᠬᠡᠬᠦ ᠡᠷᠬᠡ ᠶᠢ ᠬᠥᠭᠡᠭᠡᠴᠡᠯᠳᠦᠬᠦ ᠦᠭᠡᠢ᠂ ᠳᠤᠷᠠᠲᠠᠶ᠎ᠠ ᠡᠯ᠎ᠡ ᠤᠯᠤᠰ ᠯᠤᠭ᠎ᠠ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠨ᠎ᠠ᠃ ᠢᠲ᠋ᠠᠯᠢ ᠶᠢᠨ ᠬᠢᠨ ᠳᠤᠮᠳᠠᠳᠤ ᠤᠯᠤᠰ ᠤᠨ ᠬᠥᠭᠵᠢᠯᠲᠡ ᠶᠢᠨ ᠣᠶᠢᠯᠠᠭᠠᠭᠳᠠᠬᠤᠨ ᠢ ᠣᠶᠢᠯᠠᠭᠠᠨ ᠳᠡᠮᠵᠢᠵᠦ᠂ ᠳᠤᠮᠳᠠᠳᠤ ᠡᠸᠦ᠋ᠷᠦᠫᠡ ᠶᠢᠨ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠢᠳᠡᠪᠬᠢᠲᠡᠢ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠮᠦᠢᠯᠦ᠋ᠸᠧᠨᠢ᠂ 2022 ᠣᠨ ᠤ 11 ᠰᠠᠷ᠎ᠠ ᠳᠤ ᠪᠠᠯᠢ ᠠᠷᠠᠯ ᠳᠤ ᠠᠭᠤᠯᠵᠠᠭᠰᠠᠨ ᠤ ᠳᠠᠷᠠᠭ᠎ᠠ ᠪᠣᠯᠵᠤᠭ᠎ᠠ ᠪᠠᠷ ᠳᠤᠮᠳᠠᠳᠤ ᠤᠯᠤᠰ ᠲᠤ ᠢᠷᠡᠵᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠡᠨᠡ ᠵᠢᠯ ᠪᠣᠯ ᠢᠲ᠋ᠠᠯᠢ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠠ ᠮᠠᠷᠺᠤ • ᠫᠣᠯᠣ ᠶᠢᠨ ᠨᠠᠰᠤ ᠪᠠᠷᠠᠭᠰᠠᠨ 700 ᠵᠢᠯ ᠤᠨ ᠤᠢ ᠪᠣᠯᠣᠨ᠎ᠠ᠃ ᠢᠲ᠋ᠠᠯᠢ ᠳᠤᠮᠳᠠᠳᠤ ᠬᠤᠶᠠᠷ ᠤᠯᠤᠰ ᠡᠷᠲᠡᠨ ᠤ ᠪᠣᠯᠪᠠᠰᠤᠨ ᠤᠯᠤᠰ ᠪᠣᠯᠤᠭᠰᠠᠨ ᠤ ᠬᠤᠪᠢ ᠳᠤ᠂ ᠬᠠᠷᠢᠯᠴᠠᠨ ᠪᠠᠭ᠋ᠠᠷᠬᠠᠵᠤ᠂ ᠬᠠᠷᠢᠯᠴᠠᠨ ᠲᠣᠯᠢ ᠪᠣᠯᠭᠠᠭᠰᠠᠭᠠᠷ ᠢᠷᠡᠵᠠᠢ᠃ ᠣᠳᠣᠬᠠᠨ ᠤ ᠳᠡᠯᠡᠬᠡᠢ ᠶᠢᠨ ᠪᠠᠶᠢᠳᠠᠯ ᠭᠦᠨᠵᠡᠭᠡᠢ ᠤᠯᠠᠷᠢᠨ ᠬᠤᠪᠢᠷᠠᠵᠤ ᠪᠠᠶᠢᠨ᠎ᠠ᠂ ᠳᠤᠮᠳᠠᠳᠤ ᠤᠯᠤᠰ ᠴᠢᠬᠤᠯᠠ ᠶᠡᠭᠡ ᠤᠯᠤᠰ ᠪᠣᠯᠤᠭᠰᠠᠨ ᠤ ᠬᠤᠪᠢ ᠳᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠬᠤ ᠲᠠᠯ᠎ᠠ ᠪᠠᠷ ᠬᠢ ᠦᠢᠯᠡᠳᠦᠯ ᠢ ᠣᠷᠣᠯᠠᠭᠤᠯᠵᠤ ᠪᠣᠯᠣᠰᠢ ᠦᠭᠡᠢ ᠶᠤᠮ᠃ ᠢᠲ᠋ᠠᠯᠢ ᠶᠢᠨ ᠬᠢᠨ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠥᠨᠢ ᠤᠳᠠᠭᠠᠨ ᠲᠡᠦᠬᠡ ᠲᠠᠢ ᠲᠣᠷᠭᠠᠨ ᠵᠠᠮ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠤᠯᠤᠰ ᠯᠤᠭ᠎ᠠ ᠨᠡᠩ ᠨᠢᠭᠲᠠ ᠂ ᠨᠡᠩ ᠥᠨᠳᠥᠷ ᠲᠦᠪᠰᠢᠨ ᠪᠦᠬᠦᠢ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠵᠦ᠂ ᠢᠲ᠋ᠠᠯᠢ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠲᠠᠪᠰᠢᠯᠳᠠ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠢᠲ᠋ᠠᠯᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠳᠠᠯᠳᠠ ᠬᠦᠴᠦᠨ ᠢ ᠠᠭᠤᠳᠠᠯᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠵᠣᠬᠢᠶᠠᠮᠠᠯ ᠤᠶᠤᠯᠢᠭ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠨᠡᠩ ᠤᠯᠠᠨ ᠢᠲ᠋ᠠᠯᠢ ᠶᠢᠨ ᠦᠢᠯᠡᠳᠬᠦᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠃ ᠢᠲ᠋ᠠᠯᠢ ︽ᠬᠠᠷᠢᠴᠠᠭ᠎ᠠ ᠪᠠᠨ ᠲᠠᠰᠤᠯᠬᠤ ᠬᠡᠯᠬᠢᠶ᠎ᠡ ᠪᠠᠨ ᠰᠠᠯᠭᠠᠬᠤ︾ ᠪᠠ ᠬᠠᠮᠠᠭᠠᠯᠠᠬᠤ ᠦᠵᠡᠯ ᠢ ᠡᠰᠡᠷᠭᠦᠴᠡᠵᠦ᠂ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃    ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠢᠲ᠋ᠠᠯᠢ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠲᠤᠬᠠᠢ ᠠᠵᠢᠯᠯᠠᠭᠠᠨ ᠤ ᠲᠥᠯᠥᠪᠯᠡᠭᠡ ︵2024 — 2027 ᠣᠨ︶︾ ᠶᠢ ᠨᠡᠶᠢᠲᠡᠯᠡᠪᠡ᠃    ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号