ᠬᠤᠪᠣᠷ ᠰᠢᠷᠣᠶ ᠶᠢᠨ ᠵᠠᠮ ᠵᠡᠭᠡᠯᠢ ᠭᠤᠳᠤᠮᠵᠢ ᠵᠢᠨ‌ᠨᠦ᠋ᠬᠦᠷᠯᠡᠯ‌ᠨᠡᠶᠢᠭᠡᠮ ᠲᠣᠭᠤᠷᠢᠭ ᠤᠨ ︽ᠡᠷᠡᠭᠦᠯ ᠴᠢᠭᠢᠷᠠᠭ ᠠᠮᠢᠳᠤᠷᠠᠯ ᠢ ᠬᠠᠮᠲᠤᠪᠠᠷ ᠡᠭᠦᠳᠦᠨ ᠪᠠᠶᠢᠭᠤᠯᠵᠤ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠵᠠᠢ
ᠨᠡᠶᠢᠲᠡᠯᠡᠭᠰᠡᠨ ᠴᠠᠭ᠄
2024/7/4
    ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠵᠦ᠂ ᠰᠠᠭᠤᠭᠠᠯᠢ ᠠᠷᠠᠳ ᠲᠤ  ᠰᠢᠯᠢᠳᠡᠭ ᠡᠷᠡᠭᠦᠯ ᠮᠡᠨᠳᠦ ᠶᠢᠨ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ 7 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠪᠣᠷ ᠰᠢᠷᠣᠶ ᠶᠢᠨ ᠵᠠᠮ ᠵᠡᠭᠡᠯᠢ ᠭᠤᠳᠤᠮᠵᠢ ᠶᠢᠨ ᠨᠦᠬᠦᠷᠯᠡᠯ ᠨᠡᠶᠢᠭᠡᠮ ᠲᠣᠭᠤᠷᠢᠭ ᠲᠢᠶᠠᠨ ᠾᠧᠩ ᠡᠮᠴᠢᠯᠡᠭᠡ ᠲᠠᠢ  ᠬᠠᠮᠲᠤᠷᠠᠨ ᠲᠢᠶᠠᠨ ᠾᠧᠩ ᠴᠢᠰᠤᠨ ᠳᠠᠷᠤᠯᠲᠠ ᠥᠨᠳᠥᠷ ᠲᠤᠰᠬᠠᠶ ᠰᠠᠯᠠᠭᠠᠨ ᠤ ᠡᠭᠦᠳᠡᠨ ᠡᠮᠨᠡᠯᠭᠡ ᠶᠢᠨ ᠰᠠᠯᠪᠤᠷᠢ ᠳᠤ ︽ᠡᠷᠡᠭᠦᠯ ᠴᠢᠭᠢᠷᠠᠭ ᠠᠮᠢᠳᠤᠷᠠᠯ ᠢ ᠬᠠᠮᠲᠤ ᠪᠠᠷ ᠪᠠᠶᠢᠭᠤᠯᠵᠤ᠂ ᠦᠨ᠎ᠡ ᠲᠥᠯᠥᠪᠦᠷᠢ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾  ᠰᠦᠢᠳᠭᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠡᠮᠨᠡᠯᠭᠡ ᠶᠢᠨ ᠠᠵᠢᠯᠲᠠᠳ ᠲᠤᠬᠠᠶ ᠶᠢᠨ ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠵᠢᠯᠣᠭᠤᠳᠤᠨ ᠬᠠᠪᠰᠤᠷᠴᠤ ᠪᠠᠶᠢᠭᠠᠳ ᠤᠷᠢᠳᠠᠪᠠᠷ ᠳᠠᠩᠰᠠᠯᠠᠭᠤᠯᠵᠤ᠂ ᠳᠠᠷᠠᠭ᠎ᠠ ᠨᠢ ᠴᠢᠰᠤᠨ ᠳᠠᠷᠤᠯᠲᠠ᠂ ᠴᠢᠰᠤᠨ ᠰᠢᠬᠢᠷ᠂ ᠴᠢᠰᠤᠨ ᠤ ᠵᠤᠷᠰᠢᠯ᠂ ᠰᠢᠭᠡᠰᠦᠨ ᠤ ᠵᠤᠷᠰᠢᠯ᠂ ᠡᠯᠢᠭᠡᠨ ᠤ ᠴᠢᠳᠠᠮᠵᠢ᠂ ᠪᠥᠭᠡᠷ᠎ᠡ ᠶᠢᠨ ᠴᠢᠳᠠᠮᠵᠢ᠂ ᠴᠢᠰᠤᠨ ᠥᠭᠡᠬᠦ᠂ ᠵᠢᠷᠦᠬᠡᠨ ᠤ ᠯᠤᠭᠰᠢᠯᠲᠠ ᠶᠢᠨ ᠵᠢᠷᠤᠭ᠂ ᠬᠡᠪᠡᠯᠢ ᠶᠢᠨ ᠬᠡᠰᠡᠭ ᠤᠨ B ᠬᠡᠲᠦ ᠳᠣᠯᠭᠢᠶᠠᠨ ᠵᠡᠷᠭᠡ ᠣᠯᠠᠨ ᠵᠦᠢᠯ ᠤᠨ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠢ ᠡᠮᠬᠢ ᠵᠢᠷᠤᠮ ᠲᠠᠢ ᠪᠠᠷ ᠬᠢᠪᠡ᠃ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ᠂ ᠡᠮᠴᠢ ᠰᠤᠪᠢᠯᠠᠭᠴᠢᠳ ᠰᠠᠭᠤᠭᠠᠯᠢ ᠠᠷᠠᠳ ᠤᠨ ᠪᠡᠶ᠎ᠡ ᠶᠢᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠵᠤ᠂ ᠰᠠᠭᠤᠭᠠᠯᠢ ᠠᠷᠠᠳ ᠨᠢᠭᠡᠪᠦᠷᠢ ᠶᠢᠨ ᠥᠩᠭᠡᠷᠡᠭᠰᠡᠨ ᠤ ᠡᠪᠡᠳᠴᠢᠨ ᠡᠮᠭᠡᠭ ᠢ ᠨᠠᠷᠢᠨ ᠨᠢᠮᠪᠠᠶ ᠠᠰᠠᠭᠤᠨ ᠯᠠᠪᠯᠠᠵᠤ᠂ ᠡᠮ ᠬᠡᠷᠡᠭᠯᠡᠬᠦ᠂ ᠢᠳᠡᠭᠡᠨ ᠤᠮᠳᠠᠭᠠᠨ ᠤ ᠲᠠᠯ᠎ᠠ ᠪᠠᠷ ᠵᠢᠯᠣᠭᠤᠳᠣᠯᠭ᠎ᠠ ᠬᠢᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠠᠰᠠᠭᠤᠳᠠᠯ ᠳᠤ ᠴᠢᠭᠯᠡᠭᠦᠯᠦᠨ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠥᠮᠦᠰ ᠢ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ  ᠪᠤᠯᠬᠤ ᠶᠢ ᠬᠥᠲᠥᠯᠦᠨ ᠵᠢᠯᠤᠭᠤᠳᠴᠠᠢ᠃ ᠵᠠᠩ ᠠᠨᠢᠶ᠎ᠠ ᠢᠯᠡᠷᠬᠡᠶᠢᠯᠡᠬᠦ ᠳᠡᠭᠡᠨ᠄ ︽ᠣᠲᠣ ᠨᠡᠶᠢᠭᠡᠮ ᠲᠣᠭᠤᠷᠢᠭ ᠤᠨ  ᠦᠢᠯᠡᠴᠢᠯᠡᠭᠡ ᠦᠨᠡᠨ ᠳᠣᠲᠣᠨᠣ᠂  ᠰᠦᠢᠳᠭᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ ᠪᠠᠰᠠ ᠲᠤᠰᠬᠠᠶ ᠮᠡᠷᠭᠡᠵᠢᠯ ᠤᠨ ᠡᠮᠴᠢᠯᠡᠭᠡ ᠭᠥᠷᠳᠡᠵᠦ᠂ ᠶᠡᠭᠡ ᠡᠮᠨᠡᠯᠭᠡ ᠶᠢᠨ ᠬᠤᠷᠢᠶᠠᠨ ᠳᠤ ᠣᠴᠢᠵᠤ ᠮᠥᠷᠯᠡᠬᠦ ᠴᠠᠭ ᠢ ᠬᠡᠯᠲᠦᠷᠢᠭᠦᠯᠦᠭᠰᠡᠨ ᠨᠢ ᠦᠨᠡᠬᠡᠷ ᠲᠥᠬᠦᠮ ᠪᠠᠶᠢᠨ᠎ᠠ︾ ᠭᠡᠵᠡᠶ᠃     ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠳᠣᠲᠣᠨᠣ᠂ ᠲᠤᠰᠬᠠᠶ ᠮᠡᠷᠭᠡᠵᠢᠯ ᠤᠨ᠂ ᠪᠦᠷᠢᠨ ᠭᠦᠢᠴᠡᠳ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠣᠯᠠᠨ ᠳᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠬᠥᠮᠦᠰ ᠤᠨ ᠡᠷᠡᠭᠦᠯ ᠮᠡᠨᠳᠦ ᠶᠢ ᠬᠠᠮᠠᠭᠠᠯᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠬᠥᠮᠦᠰ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠨᠥᠬᠦᠷᠯᠡᠯ ᠨᠡᠶᠢᠭᠡᠮ ᠲᠣᠭᠤᠷᠢᠭ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠴᠢᠯᠡᠭᠡᠨ ᠤ ᠵᠣᠷᠢᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠲᠦᠬᠦᠮ ᠪᠠ ᠨᠡᠩ ᠰᠢᠯᠢᠳᠡᠭ ᠦᠢᠯᠡᠴᠢᠯᠡᠭᠡ ᠬᠠᠩᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠦᠨᠡᠨᠬᠦ ᠳᠡᠭᠡᠭᠰᠢᠯᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号