ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ︽︿ᠮᠢᠩᠭᠠᠨ | ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ | ᠪᠦᠲᠦᠮᠵᠢᠲᠡᠶ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠳᠣᠷᠣᠭᠰᠢ ︽ | ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ︽ᠬᠡᠷᠡᠭᠵᠢᠭᠦᠯᠬᠦ ᠰᠠᠨᠠᠯ︾ | ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠳᠡᠭᠡᠷ᠎ᠡ᠂ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠢ ᠴᠥᠬᠦᠷᠡᠰᠢ | ᠦᠭᠡᠢ ᠰᠠᠶᠢᠲᠤᠷ ᠠᠳᠬᠤᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷ᠎ᠡ ᠴᠢᠬᠤᠯᠠ ᠵᠢᠭᠠᠪᠤᠷᠢ | ᠥᠭᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠲᠠᠷᠢᠶᠠᠯᠠᠩ ᠤᠨ | ᠰᠠᠭᠤᠷᠢ ᠶᠢ ᠴᠥᠬᠦᠷᠡᠰᠢ ᠦᠭᠡᠢ ᠪᠠᠲᠤᠳᠬᠠᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠢᠳᠤᠨᠤᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠮᠠᠨ ᠤ | ᠣᠷᠣᠨ ᠳᠤ ᠪᠡᠶ᠎ᠡ ᠪᠠᠷ ᠢᠶᠠᠨ ᠢᠷᠡᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠴᠢᠬᠤᠯᠠ ᠵᠢᠭᠠᠪᠤᠷᠢ ᠥᠭᠴᠡᠢ᠃ ᠪᠦᠬᠦ ᠣᠷᠣᠨ ᠢᠶᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠵᠦ᠂ | ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠰᠢᠨ᠎ᠡ ᠠᠬᠢᠴᠠ ᠲᠠᠢ | ᠰᠢᠨ᠎ᠡ ᠦᠷ᠎ᠡ ᠪᠦᠲᠦᠮᠵᠢ ᠣᠯᠪᠠ᠃ 2023 ᠣᠨ ᠳᠤ᠂ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ︽20 | ᠵᠢᠯ ᠳᠠᠷᠠᠭᠠᠯᠠᠨ ᠡᠯᠪᠡᠭ ᠬᠤᠷᠢᠶᠠᠯᠲᠠ︾ ᠶᠢ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ | ᠬᠦᠷᠴᠦ᠂ ᠵᠢᠷᠭᠤᠭᠠᠨ ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠠᠮᠤ | ᠪᠤᠳᠠᠭᠠᠨ ᠤ ᠲᠠᠷᠢᠮᠠᠯ ᠤᠨ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠮᠦ ᠳᠤ 755.5 ᠵᠢᠩ ᠬᠦᠷᠴᠦ᠂ 1.0% | ᠨᠡᠮᠡᠭᠳᠡᠪᠡ︔ ᠮᠠᠯ ᠠᠵᠤ ᠠᠬᠤᠢ ᠶᠢᠨ ᠦᠢᠯᠡᠳᠪᠦᠷᠢᠯᠡᠯ ︽ᠠᠷᠪᠠ ᠶᠢᠰᠦᠨ ᠵᠢᠯ ᠳᠠᠷᠠᠭᠠᠯᠠᠨ ᠲᠣᠭᠲᠠᠭᠤᠨ︾ ᠪᠠᠶᠢᠬᠤ ᠶᠢ | ᠪᠡᠶᠡᠯᠡᠭᠦᠯᠵᠦ᠂ ᠪᠦᠬᠦ ᠣᠷᠣᠨ ᠤ ᠭᠤᠣᠯ ᠪᠣᠯᠬᠤ ᠮᠢᠬᠠᠨ ᠤ ᠲᠦᠷᠦᠯ ᠤᠨ ᠭᠠᠷᠤᠯᠲᠠ 285.4 ᠲᠦᠮᠡᠨ ᠲᠣᠨ ᠳᠤ ᠬᠦᠷᠴᠦ | ᠂ ᠦᠨᠢᠶᠡᠨ ᠰᠦ ᠶᠢᠨ ᠭᠠᠷᠤᠯᠲᠠ 792.6 ᠲᠦᠮᠡᠨ ᠲᠣᠨ ᠳᠤ ᠬᠦᠷᠪᠡ︔ ᠮᠠᠯᠵᠢᠬᠤ ᠲᠠᠷᠢᠶᠠᠯᠠᠬᠤ ᠣᠷᠣᠨ ᠤ | ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21221 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠪᠠ GDP ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ | ᠪᠣᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ︔ | ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠨᠡᠶᠢᠭᠡᠮ ᠤᠨ ᠲᠣᠭᠲᠠᠭᠤᠨ ᠠᠮᠤᠷ ᠲᠣᠭᠲᠠᠭᠤᠨ ᠢ ᠪᠠᠲᠤᠯᠠᠪᠠ᠃ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ | ᠮᠥᠨ᠂ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ | ᠬᠤᠯᠪᠣᠭᠳᠠᠯ ᠲᠠᠢ ᠶᠤᠮ᠃ 2 ᠰᠠᠷ᠎ᠠ ᠶᠢᠨ 3 ᠤ ᠡᠳᠦᠷ᠂ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ | ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠵᠢᠩᠬᠢᠨᠢ ᠪᠠᠷ | ᠨᠡᠶᠢᠲᠡᠯᠡᠪᠡ᠂ ᠡᠨᠡ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ︿ᠲᠠᠷᠢᠶᠠᠯᠠᠩ ᠲᠠᠷᠢᠶᠠᠯᠠᠬᠤ ᠣᠷᠣᠨ | ᠲᠠᠷᠢᠶᠠᠴᠢᠨ﹀ ᠤ ᠠᠵᠢᠯ ᠢ ᠵᠢᠯᠣᠭᠤᠳᠤᠭᠰᠠᠨ 12 ᠳ᠋ᠤᠭᠠᠷ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ | ᠪᠣᠯᠣᠨ᠎ᠠ᠂ ᠡᠨᠡ ᠨᠢ ᠨᠠᠮ ᠤᠨ ᠲᠥᠪ ᠬᠤᠷᠢᠶᠠᠨ ᠤ ︿ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ﹀ ᠤ ᠠᠵᠢᠯ ᠢ | ᠴᠢᠩᠭᠠᠳᠬᠠᠬᠤ ᠢᠯᠡ ᠲᠣᠳᠣ ᠣᠪᠣᠷ ᠢ ᠳᠠᠬᠢᠨᠲᠠ ᠬᠠᠷᠠᠭᠤᠯᠵᠤ᠂ ᠲᠠᠷᠢᠶᠠᠯᠠᠩ ᠢ ᠴᠢᠬᠤᠯᠠᠴᠢᠯᠠᠨ ᠲᠠᠷᠢᠶᠠᠯᠠᠩ ᠢ | ᠬᠦᠴᠦᠷᠬᠡᠭᠵᠢᠭᠦᠯᠬᠦ ᠴᠢᠩᠭ᠎ᠠ ᠳᠣᠬᠢᠶ᠎ᠠ ᠶᠢ ᠲᠠᠯᠪᠢᠭᠰᠠᠨ ᠪᠠᠶᠢᠨ᠎ᠠ᠃ | ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ︽ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ | ︽ᠬᠡᠷᠡᠭᠵᠢᠭᠦᠯᠬᠦ ᠰᠠᠨᠠᠯ︾ ᠨᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠱᠤᠭᠤᠮ | ᠪᠣᠯᠭᠠᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠵᠢᠯᠣᠭᠤᠳᠤᠮᠵᠢ | ᠪᠣᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠳᠠᠬᠢᠨ | ᠶᠠᠳᠠᠭᠤᠷᠠᠬᠤ ᠦᠭᠡᠢ ᠪᠠᠶᠢᠬᠤ ᠶᠢ ᠪᠠᠲᠤᠯᠠᠬᠤ ᠪᠠᠷ ᠰᠠᠭᠤᠷᠢ ᠱᠤᠭᠤᠮ ᠪᠣᠯᠭᠠᠵᠤ᠂ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ | ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠥᠭᠡᠷᠡᠴᠢᠯᠡᠯᠲᠡ ᠶᠢᠨ ᠬᠤᠶᠠᠷ ᠬᠦᠷᠳᠦ ᠪᠠᠷ ᠬᠥᠳᠡᠯᠭᠡᠭᠦᠷ ᠪᠣᠯᠭᠠᠬᠤ ᠪᠠ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠪᠠ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ | ᠠᠵᠢᠯ ᠢ ᠢᠮᠠᠭᠲᠠ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠶᠢᠨ ᠪᠠᠶᠢᠷᠢᠨ ᠳᠤ ᠲᠠᠯᠪᠢᠵᠤ᠂ ᠲᠠᠷᠢᠶᠠᠯᠠᠩ ᠮᠠᠯ ᠠᠵᠤ | ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠬᠤ ᠡᠷᠡᠰ ᠵᠣᠷᠢᠭ ᠢ ᠭᠦᠢᠴᠡᠳ | ᠢᠯᠡᠷᠡᠭᠦᠯᠪᠡ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠶ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠨᠢ ᠨᠡᠶᠢᠲᠡ 7 ᠬᠡᠰᠡᠭ 30 ᠵᠣᠷᠪᠣᠰ ᠪᠠᠶᠢᠵᠤ᠂ ᠭᠤᠣᠯ ᠠᠭᠤᠯᠭ᠎ᠠ ᠶᠢ ︽ | ᠬᠤᠶᠠᠷ ᠢ ᠯᠠᠪᠲᠠᠢ ᠪᠠᠲᠤᠯᠠᠬᠤ᠂ ᠭᠤᠷᠪᠠ ᠶᠢ ᠳᠡᠭᠡᠭᠰᠢᠯᠡᠭᠦᠯᠬᠦ᠂ ᠬᠤᠶᠠᠷ ᠢ ᠴᠢᠩᠭᠠᠷᠠᠭᠤᠯᠬᠤ︾ ᠭᠡᠵᠦ ᠬᠤᠷᠢᠶᠠᠩᠭᠤᠶᠢᠯᠠᠵᠤ | ᠪᠣᠯᠣᠨ᠎ᠠ᠃ | ︽ᠬᠤᠶᠠᠷ ᠢ ᠯᠠᠪᠲᠠᠢ ᠪᠠᠲᠤᠯᠠᠬᠤ︾ ᠭᠡᠳᠡᠭ ᠨᠢ ᠳᠠᠷᠤᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ | ᠬᠦ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ | ᠶᠠᠪᠤᠳᠠᠯ ᠪᠣᠯᠣᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠭᠤᠣᠯᠳᠠᠯᠭ᠎ᠠ ᠨᠢ | ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠬᠦ ᠶᠢ | ᠪᠠᠷᠢᠮᠲᠠᠯᠠᠵᠤ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠪᠣᠯᠤᠨ᠎ᠠ︔ ᠬᠡᠪᠴᠢᠶᠡᠵᠢᠯ ᠤᠨ ᠴᠢᠨᠠᠷᠲᠠᠢ | ᠶᠠᠳᠠᠭᠤᠷᠠᠯ ᠳᠠᠬᠢᠨ ᠡᠬᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠭᠤᠣᠯᠳᠠᠯᠭ᠎ᠠ ᠨᠢ ᠶᠠᠳᠠᠭᠤᠷᠠᠯ ᠳᠠᠬᠢᠨ | ᠡᠬᠦᠰᠬᠦ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠵᠤ ᠦᠢᠯᠡᠰ ᠪᠠ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠳᠣᠲᠣᠭᠠᠳᠤ ᠶᠢᠨ | ᠬᠥᠭᠵᠢᠯᠲᠡ ᠶᠢᠨ ᠬᠥᠳᠡᠯᠭᠡᠬᠦ ᠬᠦᠴᠦᠨ ᠢ ᠬᠦᠴᠦᠯᠡᠨ ᠴᠢᠩᠭᠠᠳᠬᠠᠬᠤ ᠶᠠᠪᠤᠳᠠᠯ ᠪᠣᠯᠣᠨ᠎ᠠ᠃ | ︽ᠭᠤᠷᠪᠠ ᠶᠢ ᠳᠡᠭᠡᠭᠰᠢᠯᠡᠭᠦᠯᠬᠦ︾ ᠭᠡᠳᠡᠭ ᠨᠢ ᠳᠠᠷᠤᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠦᠭᠦᠭᠡᠷᠦᠮᠵᠢᠲᠦ ᠲᠠᠷᠢᠶᠠᠯᠠᠩ | ᠮᠠᠯ ᠠᠵᠤ ᠠᠬᠤᠢ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ᠂ ᠬᠠᠰᠢᠶᠠᠯᠠᠨ ᠲᠡᠵᠢᠭᠡᠬᠦ᠂ ᠣᠨᠴᠠᠯᠢᠭᠲᠤ ᠨᠠᠷᠠᠲᠤ ᠲᠡᠮᠳᠡᠭᠲᠦ | ᠵᠡᠷᠭᠡ ᠶᠢ ᠶᠡᠬᠡᠪᠡᠷ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠢ ᠠᠬᠤᠢ ᠶᠢᠨ ᠲᠠᠷᠢᠶᠠᠯᠠᠩ ᠮᠠᠯ ᠠᠵᠤ | ᠠᠬᠤᠢ ᠪᠠᠷ ᠤᠳᠤᠷᠢᠳᠤᠮᠵᠢ ᠪᠣᠯᠭᠠᠭᠰᠠᠨ᠂ 7 ᠵᠤᠷᠪᠤᠰ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠪᠠ ᠳᠠᠪᠠᠭᠤᠯᠢᠭ ᠣᠨᠴᠠᠯᠢᠭᠲᠤ ᠠᠵᠤ ᠦᠢᠯᠡᠰ ᠢ ᠣᠯᠠᠨ ᠪᠣᠯᠪᠠᠰᠤᠷᠠᠭᠤᠯᠤᠨ ᠬᠥᠭᠵᠢᠭᠦᠯᠦᠭᠰᠡᠨ ︽ | 1+7+N︾ ᠲᠣᠮᠣ ᠲᠠᠷᠢᠶᠠᠯᠠᠩ ᠤᠨ ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠨᠠᠷᠠᠲᠤ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠢ | ᠣᠲᠣ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠭᠦᠭᠡᠷᠦᠮᠵᠢ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ | ᠣᠯᠠᠨ ᠨᠡᠶᠢᠲᠡ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠲᠣᠭᠲᠠᠭᠤᠨ | ᠠᠮᠤᠷ ᠲᠣᠭᠲᠠᠭᠤᠨ ᠢ ᠦᠨᠡᠨᠬᠦ ᠪᠠᠲᠤᠯᠠᠨ᠎ᠠ᠃ | ︽ᠬᠤᠶᠠᠷ ᠢ ᠴᠢᠩᠭᠠᠳᠬᠠᠬᠤ︾ ᠭᠡᠳᠡᠭ ᠨᠢ ᠳᠠᠷᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ | ᠥᠭᠡᠷᠡᠴᠢᠯᠡᠯᠲᠡ ᠶᠢᠨ ᠬᠤᠶᠠᠷ ᠬᠦᠷᠳᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠶᠠᠷ ᠬᠦᠷᠳᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠦᠷᠢᠮ ᠤᠨ ᠰᠢᠨ᠎ᠡ ᠶᠢ ᠡᠭᠦᠳᠬᠦ ᠶᠢ ᠬᠠᠮᠵᠢᠯᠴᠠᠨ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠨ᠎ᠡ᠃ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠶᠢᠨ ᠭᠤᠣᠯᠳᠠᠯᠭ᠎ᠠ ᠨᠢ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ | ᠶᠡᠬᠡᠪᠡᠷ ᠬᠥᠭᠵᠢᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠦᠨ ᠪᠠᠶᠠᠵᠢᠨ | ᠴᠢᠨᠡᠭᠡᠯᠢᠭᠵᠢᠬᠦ ᠶᠢ ᠳᠡᠮᠵᠢᠵᠦ᠂ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠨ᠎ᠠ᠃ | ᠠᠰᠠᠭᠤᠯᠲᠠ᠄ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠲᠠᠯ᠎ᠠ ᠪᠠᠷ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠪᠤᠢ︖ | ᠬᠠᠷᠢᠭᠤᠯᠲᠠ᠄ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠲᠤᠮᠤ ᠶᠠᠪᠤᠳᠠᠯ︾ ᠮᠥᠨ᠃ ᠡᠨᠡ ᠵᠢᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠲᠦᠷᠭᠡᠳᠬᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠬᠤᠰᠢᠭᠤᠴᠢ ᠪᠣᠯᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ | ᠠᠳᠬᠤᠬᠤ ᠪᠠᠷ ᠭᠤᠣᠯᠳᠠᠯᠭ᠎ᠠ ᠪᠣᠯᠭᠠᠵᠤ᠂ ᠲᠠᠯᠠᠪᠠᠶ ᠶᠢ ᠲᠣᠭᠲᠠᠪᠤᠷᠢᠵᠢᠭᠤᠯᠬᠤ᠂ ᠲᠠᠯᠠᠪᠠᠶ ᠨᠢᠭᠡᠴᠢ ᠶᠢᠨ ᠤᠨᠠᠯᠲᠠ ᠶᠢ | ᠨᠡᠮᠡᠭᠳᠡᠭᠦᠯᠬᠦ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠢ ᠲᠣᠭᠲᠠᠭᠠᠪᠠ᠃ | ᠨᠢᠭᠡ ᠳᠤ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠎ᠠ᠃ ᠤᠯᠤᠰ ᠤᠨ ᠨᠥᠬᠦᠪᠦᠷᠢ᠂ ᠦᠨ᠎ᠡ ᠬᠠᠩᠰᠢ᠂ ᠳᠠᠭᠠᠳᠬᠠᠯ | ᠵᠡᠷᠭᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠴᠢᠨ ᠤ ᠠᠮᠤ ᠪᠤᠳᠠᠭ᠎ᠠ ᠳᠠᠷᠢᠬᠤ | ᠢᠳᠡᠪᠬᠢᠵᠢᠯ ᠢ ᠭᠦᠢᠴᠡᠳ ᠳᠠᠶᠢᠴᠢᠯᠠᠨ᠂ ᠠᠮᠤ ᠪᠤᠳᠠᠭ᠎ᠠ᠂ ᠰᠢᠷ᠎ᠠ ᠪᠤᠷᠴᠠᠭ ᠳᠠᠷᠢᠬᠤ ᠲᠠᠯᠠᠪᠠᠶ ᠶᠢ ᠲᠣᠰ ᠲᠣᠰ 1 | ᠳ᠋ᠦᠩᠰᠢᠭᠤᠷ ᠮᠦ᠂ 1800 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ | ᠬᠤᠶᠠᠷ ᠲᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠᠷ ᠭᠤᠣᠯᠯᠠᠭᠤᠯᠤᠨ᠎ᠠ᠃ ᠠᠮᠤ ᠪᠤᠳᠠᠭᠠᠨ ᠤ | ᠤᠨᠠᠯᠲᠠ ᠶᠢ ᠨᠡᠮᠡᠭᠳᠡᠭᠦᠯᠬᠦ ᠶᠢᠨ ᠭᠤᠣᠯᠳᠠᠯᠭ᠎ᠠ ᠶᠢ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠲᠠᠯᠠᠪᠠᠢ ᠪᠠᠷ ᠳᠡᠭᠡᠭᠰᠢᠯᠡᠭᠦᠯᠬᠦ | ᠳᠡᠭᠡᠷ᠎ᠡ ᠲᠠᠯᠪᠢᠵᠤ᠂ ᠠᠮᠤ ᠪᠤᠳᠠᠭ᠎ᠠ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ | ᠲᠠᠯᠠᠪᠠᠢ ᠪᠠᠷ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠰᠠᠶᠢᠨ ᠲᠠᠷᠢᠶ᠎ᠠ ᠰᠠᠶᠢᠨ ᠡᠭᠦᠯᠳᠡᠷ ᠰᠠᠶᠢᠨ ᠲᠣᠬᠢᠶᠠᠯ ᠰᠠᠶᠢᠨ | ᠬᠠᠤᠯᠢ ᠰᠠᠶᠢᠨ ᠳᠦᠷᠢᠮ ᠢ ᠲᠥᠪᠯᠡᠷᠡᠭᠦᠯᠦᠨ ᠳᠡᠯᠭᠡᠷᠡᠭᠦᠯᠵᠦ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠢ ᠪᠦᠬᠦᠯᠢ ᠴᠣᠭᠴᠠ ᠪᠠᠷ ᠨᠢ 600 ᠲᠦᠮᠡᠨ ᠮᠦ ᠪᠠᠶᠢᠭᠤᠯᠤᠨ᠎ᠠ᠃ ᠦᠷ᠎ᠡ ᠪᠠ | ᠲᠠᠷᠢᠶᠠᠨ ᠭᠠᠵᠠᠷ ᠤᠨ ᠬᠤᠶᠠᠷ ᠵᠠᠩᠭᠢᠯᠠᠭ᠎ᠠ ᠶᠢ ᠴᠢᠩᠭ᠎ᠠ ᠠᠳᠬᠤᠵᠤ᠂ ᠦᠷ᠎ᠡ ᠶᠢᠨ ᠲᠠᠯ᠎ᠠ ᠪᠠᠷ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠦᠷ᠎ᠡ ᠪᠤᠶᠢᠵᠢᠭᠤᠯᠬᠤ ᠠᠵᠢᠯ ᠢ ᠬᠠᠮᠲᠤᠷᠠᠨ ᠪᠡᠷᠬᠡ | ᠰᠡᠳᠦᠪ ᠢ ᠰᠢᠢᠳᠪᠦᠷᠢᠯᠡᠬᠦ ᠪᠠ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠲᠠᠯ᠎ᠠ ᠪᠠᠷ᠂ | ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ | ᠬᠦᠴᠦ ᠰᠢᠮ᠎ᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ 850 ᠲᠦᠮᠡᠨ ᠮᠦ ᠣᠷᠴᠢᠮ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | ᠭᠤᠷᠪᠠ ᠳᠤ ᠢᠳᠡᠭᠡᠨ ᠤ ᠵᠦᠢᠯ ᠤᠨ ᠢᠷᠡᠯᠲᠡ ᠶᠢ ᠦᠷᠭᠡᠳᠭᠡᠨ᠎ᠡ᠃ ᠲᠣᠮᠣ ᠲᠠᠷᠢᠶᠠᠯᠠᠩ ᠤᠨ ᠦᠵᠡᠯᠲᠡ᠂ ᠲᠣᠮᠣ | ᠢᠳᠡᠭᠡᠨ ᠤ ᠵᠦᠢᠯ ᠤᠨ ᠦᠵᠡᠯᠲᠡ ᠶᠢ ᠪᠤᠢ ᠪᠣᠯᠭᠠᠵᠤ᠂ ᠤᠯᠠᠨ ᠡᠰᠢᠴᠢᠯᠡᠭᠰᠡᠨ ᠢᠳᠡᠭᠡᠨ ᠤ ᠵᠦᠢᠯ ᠤᠨ ᠬᠠᠩᠭᠠᠯᠭ᠎ᠠ ᠶᠢᠨ | ᠰᠢᠰᠲ᠋ᠧᠮ ᠢ ᠪᠠᠶᠢᠭᠤᠯᠤᠨ᠎ᠠ᠃ ᠮᠢᠬᠠᠨ ᠤ ᠲᠥᠷᠥᠯ᠂ ᠰᠦ ᠶᠢᠨ ᠲᠥᠷᠥᠯ ᠤᠨ ᠢᠳᠡᠭᠡᠨ ᠤ ᠬᠠᠩᠭᠠᠯᠭ᠎ᠠ ᠶᠢ | ᠲᠣᠭᠲᠠᠪᠤᠷᠢᠵᠢᠭᠤᠯᠵᠤ᠂ ︽ᠢᠳᠡᠰᠢᠨ ᠨᠣᠭᠤᠭ᠎ᠠ︾᠂ ︽ᠵᠢᠮᠢᠰ ᠤᠨ ᠰᠠᠭᠰᠤ︾᠂ ︽ᠮᠦᠭᠦ ᠶᠢᠨ ᠰᠠᠭᠰᠤ︾᠂ ︽ | ᠴᠡᠴᠡᠭ ᠤᠨ ᠰᠠᠭᠰᠤ︾᠂ ︽ᠡᠮ ᠤᠨ ᠰᠠᠭᠰᠤ︾ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠢᠨᠵᠢᠯᠡᠬᠦ | ᠤᠬᠠᠭᠠᠨᠴᠢ ᠪᠠᠷ ᠪᠠᠶᠢᠷᠢᠰᠢᠭᠤᠯᠵᠤ᠂ ᠠᠮᠢ ᠠᠬᠤᠢ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠᠷ ᠭᠤᠣᠯ ᠪᠣᠯᠭᠠᠭᠰᠠᠨ | ᠣᠲᠣ ᠦᠶ᠎ᠡ ᠶᠢᠨ ᠲᠦᠭᠦᠭᠡᠷᠦᠮᠵᠢᠲᠦ ᠵᠢᠭᠠᠰᠤᠨ ᠤ ᠠᠵᠤ ᠦᠢᠯᠡᠰ ᠢ ᠠᠬᠢᠭᠤᠯᠤᠨ᠂ ᠣᠨᠴᠠᠯᠢᠭᠲᠤ ᠣᠶ ᠵᠢᠮᠢᠰ᠂ ᠣᠶ | ᠰᠢᠭᠤᠢ ᠶᠢᠨ ᠢᠳᠡᠭᠡᠨ ᠵᠡᠷᠭᠡ ᠠᠵᠤ ᠦᠢᠯᠡᠰ ᠢ ᠬᠥᠭᠵᠢᠭᠦᠯᠵᠦ᠂ ᠠᠷᠠᠳ ᠤᠨ ᠬᠤᠭᠤᠯᠠᠨ ᠰᠢᠷᠡᠭᠡ ᠶᠢ ᠲᠠᠰᠤᠷᠠᠯᠲᠠ ᠦᠭᠡᠢ | ᠪᠠᠶᠠᠯᠢᠭᠵᠢᠭᠤᠯᠤᠨ᠎ᠠ᠃ | ᠳᠥᠷᠪᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠠᠬᠢᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠨ᠂ | ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ᠂ ᠰᠦ ᠰᠠᠭᠠᠯᠢ ᠶᠢᠨ ᠰᠢᠨ᠎ᠡ ᠶᠢ ᠡᠭᠦᠳᠬᠦ ᠲᠥᠪ᠂ ᠡᠪᠡᠰᠦ | ᠪᠡᠯᠴᠢᠭᠡᠷ ᠤᠨ ᠰᠢᠨ᠎ᠡ ᠶᠢ ᠡᠭᠦᠳᠬᠦ ᠲᠥᠪ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠲᠥᠪ ᠢ | ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ | ᠪᠠᠶᠢᠭᠤᠯᠬᠤ ᠶᠢ ᠦᠷᠭᠦᠯᠵᠢᠯᠡᠨ ᠳᠡᠮᠵᠢᠨ᠎ᠡ᠃ ︽ᠮᠧᠩ ᠺᠧ ᠵᠢᠦᠢ︾ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷᠡᠬᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 110︾ ᠶᠢᠨ | ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠲᠤᠰᠠᠯᠠᠬᠤ ︽ | ᠡᠴᠦᠰ ᠤᠨ ᠨᠢᠭᠡ ᠺᠢᠯᠣᠮᠧᠳ᠋ᠷ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ | ᠲᠠᠪᠤ ᠳᠤ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠴᠢᠩᠭᠠᠳᠬᠠᠨ᠎ᠠ᠃ ᠪᠢᠴᠢᠭ ᠮᠠᠲ᠋ᠧᠷᠢᠶᠠᠯ ᠳᠤ᠂ ︽ | ᠦᠢᠯᠡᠳᠪᠦᠷᠢᠯᠡᠬᠦ ᠲᠡᠭᠡᠭᠡᠪᠦᠷᠢᠯᠡᠬᠦ ᠬᠠᠳᠠᠭᠠᠯᠠᠬᠤ ᠪᠣᠯᠪᠠᠰᠤᠷᠠᠭᠤᠯᠬᠤ ᠪᠣᠷᠤᠯᠠᠭᠤᠯᠬᠤ︾ ᠪᠥᠬᠦ ᠬᠡᠯᠬᠢᠶᠡᠨ ᠤ ᠠᠮᠤ ᠪᠤᠳᠠᠭᠠᠨ ᠤ | ᠬᠤᠬᠢᠷᠠᠯ ᠢ ᠪᠠᠭᠠᠰᠬᠠᠬᠤ ᠶᠢ ᠲᠦᠯᠬᠢᠨ ᠠᠬᠢᠭᠤᠯᠬᠤ ᠶᠢ ᠴᠢᠬᠤᠯᠠᠴᠢᠯᠠᠪᠠ᠃ ᠪᠣᠯᠪᠠᠰᠤᠨ ᠬᠤᠭᠤᠯᠠᠨ ᠰᠢᠷᠡᠭᠡᠨ ᠤ | ᠠᠵᠢᠯᠯᠠᠭ᠎ᠠ ᠶᠢ ᠥᠷᠨᠢᠭᠦᠯᠵᠦ᠂ ︽ᠠᠷᠪᠢᠳᠠᠢ ᠬᠤᠭᠤᠯᠠᠯᠠᠬᠤ ᠠᠵᠢᠯᠯᠠᠭ᠎ᠠ︾ ᠶᠢ ᠶᠡᠭᠡ ᠪᠠᠷ ᠰᠠᠨᠠᠭᠠᠴᠢᠯᠠᠵᠤ᠂ ᠡᠷᠡᠭᠦᠯ | ᠢᠳᠡᠭᠡᠨ ᠤᠮᠳᠠᠭᠠᠨ ᠪᠠ ᠢᠳᠡᠭᠡᠨ ᠤᠮᠳᠠᠭᠠᠨ ᠤ ᠪᠦᠷᠢᠯᠭᠡᠯᠲᠡ ᠶᠢ ᠬᠤᠷᠢᠭᠯᠠᠬᠤ ᠶᠢ ᠪᠣᠯᠪᠠᠰᠤᠨ ᠢᠶᠠᠷ ᠪᠤᠶᠢᠵᠢᠭᠤᠯᠬᠤ᠂ | ᠪᠣᠯᠪᠠᠰᠤᠨ ᠢᠶᠠᠷ ᠦᠢᠯᠡᠳᠦᠯᠭᠡᠵᠢᠭᠦᠯᠬᠦ᠂ ᠪᠣᠯᠪᠠᠰᠤᠨ ᠢᠶᠠᠷ ᠡᠭᠦᠳᠦᠨ ᠪᠠᠶᠢᠭᠤᠯᠬᠤ ᠠᠭᠤᠯᠭ᠎ᠠ ᠳᠤ ᠣᠷᠣᠭᠤᠯᠵᠤ᠂ ᠠᠮᠤ | ᠪᠤᠳᠠᠭ᠎ᠠ ᠶᠢ ᠠᠷᠪᠢᠯᠠᠨ ᠭᠠᠮᠨᠠᠬᠤ ᠶᠢ ᠨᠡᠶᠢᠭᠡᠮ ᠳᠠᠶᠠᠭᠠᠷ ᠤᠨ ᠬᠡᠪ ᠵᠠᠩᠰᠢᠯ ᠪᠣᠯᠭᠠᠨ᠎ᠠ᠃ | ᠠᠰᠠᠭᠤᠯᠲᠠ᠄ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ | ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠬᠠᠷᠢᠭᠤᠯᠲᠠ᠄ ᠠᠵᠤ ᠦᠢᠯᠡᠰ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ | ᠲᠤᠯᠭᠠᠭᠤᠷᠢᠯᠠᠯ ᠮᠥᠨ᠃ ᠮᠠᠨ ᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠣᠷᠣᠰᠢᠵᠤ | ᠪᠠᠶᠢᠭ᠎ᠠ ᠠᠵᠤ ᠦᠢᠯᠡᠰ ᠤᠨ ᠬᠡᠯᠬᠢᠶ᠎ᠡ ᠣᠬᠤᠷ᠂ ᠪᠣᠯᠪᠠᠰᠤᠷᠠᠭᠤᠯᠬᠤ ᠴᠢᠳᠠᠪᠤᠷᠢ ᠪᠠᠭᠤᠷᠠᠢ᠂ ᠭᠤᠣᠯ ᠴᠣᠭᠴᠠ ᠶᠢᠨ | ᠳᠠᠶᠢᠴᠢᠯᠠᠬᠤ ᠴᠢᠳᠠᠪᠤᠷᠢ ᠴᠢᠩᠭ᠎ᠠ ᠪᠤᠰᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠡᠨᠡ ᠵᠢᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠠᠮᠢ ᠠᠬᠤᠢ ᠶᠢᠨ ᠲᠠᠷᠢᠶᠠᠯᠠᠩ | ᠮᠠᠯ ᠠᠵᠤ ᠠᠬᠤᠢ ᠶᠢᠨ ᠬᠥᠭᠵᠢᠯᠲᠡ ᠶᠢᠨ ᠤᠷᠢᠳᠠᠪᠠᠷ ᠬᠡᠷᠡᠭᠵᠢᠭᠦᠯᠬᠦ ᠣᠷᠣᠨ ᠢ ᠪᠦᠲᠦᠭᠡᠨ ᠪᠠᠶᠢᠭᠤᠯᠬᠤ ᠶᠢ ᠳᠤᠷᠠᠳᠴᠤ᠂ | ᠳᠣᠣᠷᠠᠬᠢ ᠬᠡᠳᠦᠨ ᠲᠠᠯ᠎ᠠ ᠪᠠᠷ ᠭᠤᠣᠯᠳᠠᠯᠭ᠎ᠠ ᠲᠠᠢ ᠪᠠᠶᠢᠷᠢᠯᠠᠭᠤᠯᠪᠠ᠃ | ᠨᠢᠭᠡ ᠳᠤ ᠠᠵᠤ ᠠᠬᠤᠶᠢᠯᠠᠯ ᠤᠨ ᠬᠡᠯᠬᠢᠶ᠎ᠡ ᠶᠢ ᠤᠷᠲᠤᠳᠬᠠᠬᠤ ᠶᠢ ᠴᠢᠬᠤᠯᠠᠴᠢᠯᠠᠨ᠎ᠠ᠃ ᠬᠡᠯᠬᠢᠶᠡᠵᠢᠭᠦᠯᠦᠭᠰᠡᠨ ᠰᠡᠳᠬᠢᠬᠦᠢ | ᠪᠠ ᠠᠵᠤ ᠦᠢᠯᠡᠳᠪᠦᠷᠢᠵᠢᠭᠦᠯᠦᠭᠰᠡᠨ ᠰᠡᠳᠬᠢᠬᠦᠢ ᠶᠢ ᠪᠠᠷᠢᠮᠲᠠᠯᠠᠵᠤ᠂ 100 ᠡᠷᠦᠬᠡ ᠠᠴᠠ ᠳᠡᠭᠡᠭᠰᠢᠬᠢ ᠠᠵᠤ ᠦᠢᠯᠡᠰ ᠤᠨ | ᠬᠡᠯᠬᠢᠶᠡᠵᠢᠭᠦᠯᠬᠦ ᠳᠠᠭᠠᠭᠤᠯᠤᠭᠴᠢ ᠠᠵᠤ ᠠᠬᠤᠶᠢᠯᠠᠯ ᠢ ᠲᠣᠪᠤᠶᠢᠮ᠎ᠠ ᠪᠤᠶᠢᠵᠢᠭᠤᠯᠤᠨ ᠪᠤᠵᠠᠭᠠᠶᠢᠷᠠᠭᠤᠯᠵᠤ᠂ 100 ᠣᠷᠴᠢᠮ | ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ | ᠡᠷᠳᠡᠨᠢ ᠰᠢᠰᠢ᠂ ᠠᠯᠠᠰᠢᠨ ᠦᠬᠡᠷ᠂ ᠠᠯᠠᠰᠢᠨ ᠬᠤᠨᠢ ᠵᠡᠷᠭᠡ 7 ᠵᠦᠢᠯ ᠤᠨ ᠲᠠᠷᠢᠶᠠᠯᠠᠩ ᠮᠠᠯ ᠠᠵᠤ ᠠᠬᠤᠢ ᠶᠢᠨ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ | ᠡᠷᠳᠡᠨᠢ ᠰᠢᠰᠢ ᠶᠢᠨ ᠠᠵᠤ ᠦᠢᠯᠡᠰ ᠲᠤ ᠥᠩᠭᠡᠲᠦ ᠰᠢᠪᠲᠦᠷᠲᠦ ᠬᠦᠴᠢᠯ᠂ ᠨᠠᠷᠢᠯᠢᠭ ᠰᠢᠪᠲᠦᠷᠲᠦ ᠬᠦᠴᠢᠯ᠂ ᠬᠤᠸᠠᠩ | ᠶᠤᠸᠠᠨ ᠵᠢᠶᠣᠣ ᠵᠡᠷᠭᠡ ᠥᠨᠳᠥᠷ ᠨᠡᠮᠡᠯᠲᠡ ᠥᠷᠲᠡᠭᠲᠦ ᠪᠦᠲᠦᠭᠡᠭᠳᠡᠬᠦᠨ ᠢ ᠭᠤᠣᠯᠳᠠᠯᠭ᠎ᠠ ᠲᠠᠢ ᠤᠷᠲᠤᠳᠬᠠᠨ ᠬᠥᠭᠵᠢᠭᠦᠯᠵᠦ᠂ | ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠲᠤ ᠳᠠᠭᠠᠭᠤᠯᠤᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ | ᠪᠦᠲᠦᠭᠡᠨ ᠪᠠᠶᠢᠭᠤᠯᠤᠨ ᠪᠤᠵᠠᠭᠠᠶᠢᠷᠠᠭᠤᠯᠵᠤ᠂ ︽ᠠᠯᠠᠰᠢᠨ ᠬᠤᠨᠢ ᠠᠯᠠᠰᠢᠨ ᠦᠬᠡᠷ︾ ᠢ ᠬᠤᠪᠢᠷᠠᠭᠤᠯᠤᠨ ︽ᠬᠤᠨᠢᠨ ᠮᠢᠬ᠎ᠠ | ᠦᠬᠡᠷ ᠤᠨ ᠮᠢᠬ᠎ᠠ︾ ᠪᠣᠯᠭᠠᠵᠤ᠂ ᠦᠢᠯᠡᠳᠬᠦᠨ ᠤ ᠥᠷᠲᠡᠭ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ | ᠥᠷᠭᠡᠳᠬᠡᠨ᠎ᠡ᠃ | ᠬᠤᠶᠠᠷ ᠲᠤ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠯᠲᠠ ᠶᠢ ᠴᠢᠬᠤᠯᠠᠴᠢᠯᠠᠨ᠎ᠠ᠃ ᠡᠯᠡᠰᠦᠷᠬᠡᠭᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠬᠢᠭᠡᠳ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ | ᠯᠠᠪᠳᠠᠭᠤᠨ ᠢᠶᠠᠷ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠥᠨᠳᠥᠷ ᠦᠷ᠎ᠡ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ | ᠤᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠡᠳᠤ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠢᠭ᠋ ᠢ | ᠥᠷᠨᠢᠭᠦᠯᠦᠨ᠎ᠡ᠃ ᠬᠢᠩᠭᠠᠨ ᠠᠶᠢᠮᠠᠭ ᠤᠨ ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ ᠠᠬᠤᠢ ᠶᠢᠨ | ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃ | ᠭᠤᠷᠪᠠ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠶᠢ ᠴᠢᠩᠭᠠᠳᠬᠠᠨ᠎ᠠ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠳᠡᠮᠵᠢᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠣᠯᠪᠠᠰᠤᠷᠠᠭᠤᠯᠬᠤ ᠲᠦᠭᠦᠭᠡᠷᠦᠮᠵᠢ ᠶᠢ | ᠥᠭᠡᠷᠡᠴᠢᠯᠡᠨ ᠳᠡᠭᠡᠭᠰᠢᠯᠡᠭᠦᠯᠵᠦ᠂ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠭᠦᠨᠵᠡᠭᠡᠢ ᠪᠣᠯᠪᠠᠰᠤᠷᠠᠭᠤᠯᠬᠤ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠶᠢᠨ ᠥᠷᠭᠡᠴᠡ ᠪᠠ ᠭᠦᠨᠴᠡ ᠶᠢ ᠤᠯᠠᠮ ᠨᠢᠭᠡ ᠠᠯᠬᠤᠮ ᠥᠷᠭᠡᠳᠬᠡᠨ | ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠲᠦᠮᠡᠨ | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ ᠪᠡᠶᠡᠯᠡᠭᠦᠯᠦᠨ᠎ᠡ᠃ | ᠳᠥᠷᠪᠡ ᠳᠤ ᠣᠨᠴᠠᠯᠢᠭᠲᠤ ᠨᠡᠷᠡᠲᠦ ᠲᠡᠮᠳᠡᠭᠲᠦ ᠶᠢ ᠡᠭᠦᠳᠦᠨ᠎ᠡ᠃ ᠪᠣᠬᠢᠷᠲᠤᠯ ᠦᠭᠡᠢ ᠣᠷᠭᠠᠨᠢᠭ ᠨᠠᠷᠠᠲᠤ | ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠠᠷᠢᠶᠠᠯᠠᠩ ᠮᠠᠯ ᠠᠵᠤ | ᠠᠬᠤᠢ ᠶᠢᠨ ᠰᠣᠳᠣᠨ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠶᠢ ᠬᠡᠷᠡᠭᠯᠡᠬᠦ ᠶᠢ ᠪᠠᠷᠢᠮᠲᠠᠯᠠᠵᠤ᠂ ᠪᠥᠬᠦ | ᠤᠯᠤᠰ ᠤᠨ ᠭᠤᠣᠯᠳᠠᠯᠭ᠎ᠠ ᠲᠠᠢ ᠬᠤᠲᠠ ᠳᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠳᠡᠯᠭᠡᠨ ᠪᠣᠷᠣᠯᠠᠭᠤᠯᠬᠤ ᠲᠤᠭᠴᠢ ᠳᠡᠯᠭᠡᠭᠦᠷ ᠢ 100 ᠣᠷᠴᠢᠮ ᠪᠠᠶᠢᠷᠢᠰᠢᠭᠤᠯᠤᠨ ᠪᠠᠶᠢᠭᠤᠯᠵᠤ᠂ ᠪᠦᠲᠦᠭᠡᠭᠳᠡᠬᠦᠨ ᠤ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠭᠦᠨ ᠤ ᠬᠠᠮᠲᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ | ᠭᠦᠢᠯᠭᠡᠭᠡᠨ ᠤ ᠰᠢᠰᠲ᠋ᠧᠮᠵᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ︽ᠦᠪᠦᠷ ᠮᠣᠩᠭᠤᠯ︾ ᠥᠰᠥᠭ ᠤᠨ | ᠲᠡᠮᠳᠡᠭ — ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠬᠥᠮᠥᠨ ᠪᠦᠬᠦᠨ ᠤ ᠮᠡᠳᠡᠳᠡᠭ ᠨᠠᠷᠠᠲᠤ ᠲᠡᠮᠳᠡᠭ ᠪᠣᠯᠭᠠᠨ᠎ᠠ | ᠃ | ᠠᠰᠠᠭᠤᠯᠲᠠ᠄ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠶᠠᠮᠠᠷ | ᠶᠠᠮᠠᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠲᠠ᠄ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠂ ᠲᠠᠷᠢᠶᠠᠨ | ᠭᠠᠵᠠᠷ ᠤᠨ ᠠᠮᠤᠷ ᠲᠦᠪᠰᠢᠨ ᠪᠠᠶᠢᠬᠤ ᠦᠭᠡᠢ ᠪᠣᠯ ᠠᠮᠤ ᠪᠤᠳᠠᠭᠠᠨ ᠤ ᠠᠮᠤᠷ ᠲᠦᠪᠰᠢᠨ ᠪᠠᠶᠢᠵᠤ ᠴᠢᠳᠠᠬᠤ ᠦᠭᠡᠢ᠃ ᠡᠨᠡ | ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ | ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠷᠪᠠᠨ | ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠲᠤᠯᠠᠭ᠎ᠠ ᠲᠠᠢ᠂ ᠶᠠᠰᠤ ᠴᠢᠨᠠᠷ ᠢ | ᠳᠡᠭᠡᠭᠰᠢᠯᠡᠭᠦᠯᠬᠦ ᠶᠢ ᠦᠨᠡᠨ ᠬᠦ ᠪᠠᠳᠤᠯᠠᠨ᠎ᠠ᠃ | ᠨᠢᠭᠡ ᠳᠤ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠴᠢᠩᠭ᠎ᠠ ᠰᠠᠬᠢᠬᠤ ᠬᠡᠷᠡᠭᠲᠡᠢ᠃ ᠲᠠᠷᠢᠶᠠᠨ ᠭᠠᠵᠠᠷ ᠢ | ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠬᠤᠷᠢᠭ᠎ᠠ | ᠱᠤᠭᠤᠮ ᠢ ᠴᠢᠩᠭ᠎ᠠ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠨ ᠭᠠᠵᠠᠷ ᠢ ᠬᠠᠤᠯᠢ ᠶᠣᠰᠣᠭᠠᠷ ᠡᠵᠡᠯᠡᠨ ᠬᠡᠷᠡᠭᠯᠡᠬᠦ ᠶᠢᠨ ᠭᠤᠣᠯᠳᠠᠯᠭ᠎ᠠ ᠨᠢ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠪᠣᠳᠠᠲᠠᠢ ᠠᠳᠬᠤᠵᠤ᠂ ︽ | ᠨᠥᠬᠦᠪᠦᠷᠢᠯᠡᠬᠦ ᠪᠠᠷ ᠡᠵᠡᠯᠡᠨ ᠬᠡᠷᠡᠭᠯᠡᠬᠦ ᠶᠢ ᠲᠣᠭᠲᠠᠭᠠᠬᠤ︾ ᠶᠢ ᠪᠠᠷᠢᠮᠳᠠᠯᠠᠬᠤ ᠬᠡᠷᠡᠭᠲᠡᠢ᠃ ᠲᠠᠷᠢᠶᠠᠨ ᠭᠠᠵᠠᠷ ᠢ ᠨᠥᠬᠦᠪᠦᠷᠢᠯᠡᠬᠦ | ᠶᠠᠰᠤ ᠴᠢᠨᠠᠷ ᠢ ᠰᠢᠯᠭᠠᠨ ᠠᠪᠬᠤ ᠶᠢ ᠴᠢᠩᠭᠠᠳᠬᠠᠵᠤ᠂ ᠲᠠᠷᠢᠶᠠᠨ ᠭᠠᠵᠠᠷ ᠢ ᠨᠥᠬᠦᠪᠦᠷᠢᠯᠡᠬᠦ ᠵᠠᠯᠭᠠᠮᠵᠢ ᠬᠠᠮᠢᠶᠠᠷᠤᠨ | ᠬᠠᠮᠠᠭᠠᠯᠠᠬᠤ ᠪᠠ ᠲᠠᠬᠢᠨ ᠦᠨᠡᠯᠡᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠨ ᠭᠠᠵᠠᠷ ᠢ | ᠳᠤᠷ᠎ᠠ ᠪᠠᠷ ᠢᠶᠠᠨ ᠡᠵᠡᠯᠡᠭᠰᠡᠨ᠂ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ᠂ ᠡᠭᠦᠨ ᠳᠤ ᠳᠤᠷ᠎ᠠ ᠪᠠᠷ ᠢᠶᠠᠨ ︽ | ᠲᠣᠮᠣ ᠰᠠᠷᠠᠪᠴᠢᠨ ᠭᠡᠷ︾ ᠢ ᠪᠠᠶᠢᠭᠤᠯᠤᠭᠰᠠᠨ᠂ ᠬᠠᠷ᠎ᠠ ᠬᠥᠷᠥᠰᠥ ᠶᠢ ᠡᠪᠳᠡᠭᠰᠡᠨ᠂ ᠬᠠᠤᠯᠢ ᠪᠤᠰᠤ ᠪᠠᠷ ᠰᠢᠷᠣᠢ ᠠᠪᠤᠭᠰᠠᠨ | ᠵᠡᠷᠭᠡ ᠶᠢ ᠪᠠᠭᠲᠠᠭᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠢᠶᠠᠷ ᠴᠡᠭᠴᠡᠯᠡᠨ ᠵᠠᠰᠠᠵᠤ᠂ ᠴᠢᠩᠭ᠎ᠠ ᠴᠣᠬᠢᠯᠲᠠ | ᠦᠭᠬᠦ ᠬᠡᠷᠡᠭᠲᠡᠢ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠳᠤ᠂ ᠠᠮᠤ ᠪᠤᠳᠠᠭᠠᠨ ᠤ ᠦᠢᠯᠡᠳᠪᠦᠷᠢᠯᠡᠯ | ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠠᠲᠤᠯᠠᠭ᠎ᠠ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ | ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠥᠷᠥᠯ ᠬᠤᠪᠢᠶᠠᠨ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠢ᠃ | | ᠬᠤᠶᠠᠷ ᠲᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠠᠷᠢᠶᠠᠨ ᠭᠠᠵᠠᠷ ᠤᠨ ᠰᠢᠮ᠎ᠡ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠬᠦᠯᠢ ᠣᠷᠣᠨ ᠪᠦᠰᠡ ᠶᠢᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠬᠤ ᠬᠡᠷᠡᠭᠲᠡᠢ᠃ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠪᠠ ᠬᠠᠷ᠎ᠠ ᠬᠥᠷᠥᠰᠥ ᠶᠢ | ᠬᠠᠮᠠᠭᠠᠯᠠᠬᠤ ᠴᠢᠨᠠᠷᠲᠠᠢ ᠲᠠᠷᠢᠶᠠᠯᠠᠬᠤ ᠡᠭᠦᠷᠭᠡ ᠶᠢ ᠪᠡᠶᠡᠯᠡᠬᠦᠯᠬᠦ ᠬᠡᠷᠡᠭᠲᠡᠢ᠃ ᠡᠭᠦᠨ ᠤ ᠬᠠᠮᠲᠤ᠂ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠷ᠎ᠡ ᠨᠢᠳᠡᠷ ᠲᠡᠭᠡᠨ ᠨᠡᠶᠢᠴᠡᠭᠦᠯᠵᠦ᠂ ᠨᠢᠭᠡ | ᠬᠡᠰᠡᠭ ᠪᠠᠶᠢᠭᠤᠯᠵᠤ ᠨᠢᠭᠡ ᠬᠡᠰᠡᠭ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ ᠳᠤ ᠪᠡᠯᠡᠳᠬᠡᠯ ᠲᠠᠷᠢᠶᠠᠨ ᠭᠠᠵᠠᠷ ᠤᠨ ᠡᠬᠢ ᠪᠠᠶᠠᠯᠢᠭ ᠢ ᠠᠭᠤᠳᠠᠯᠬᠤ ᠬᠡᠷᠡᠭᠲᠡᠢ᠃ ︽ᠬᠤᠶᠠᠷ ᠬᠡᠰᠡᠭ ᠭᠠᠵᠠᠷ︾ | ᠤᠨ ᠠᠵᠢᠯ ᠢ ᠰᠠᠶᠢᠲᠤᠷ ᠬᠢᠬᠦ ᠪᠠᠷ ᠭᠤᠣᠯᠳᠠᠯᠭ᠎ᠠ ᠪᠣᠯᠭᠠᠵᠤ᠂ ᠨᠢᠭᠡ ᠬᠡᠰᠡᠭ ᠨᠢ ᠠᠲᠠᠷᠰᠢᠭᠤᠯᠤᠭᠰᠠᠨ ᠭᠠᠵᠠᠷ᠂ ᠡᠯ᠎ᠡ | ᠭᠠᠵᠠᠷ ᠤᠨ ᠬᠢᠨ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠠᠲᠠᠷᠰᠢᠭᠤᠯᠤᠭᠰᠠᠨ ᠭᠠᠵᠠᠷ ᠢᠶᠠᠨ ᠠᠰᠢᠭᠯᠠᠬᠤ ᠶᠢ | ᠵᠣᠷᠢᠭᠵᠢᠭᠤᠯᠵᠤ᠂ ᠠᠮᠤ ᠪᠤᠳᠠᠭ᠎ᠠ ᠳᠤ ᠲᠣᠬᠢᠷᠠᠪᠠᠯ ᠠᠮᠤ ᠪᠤᠳᠠᠭ᠎ᠠ ᠲᠠᠷᠢᠵᠤ᠂ ᠠᠵᠤ ᠠᠬᠤᠢ ᠳᠤ ᠲᠣᠬᠢᠷᠠᠪᠠᠯ ᠠᠵᠤ | ᠠᠬᠤᠢ ᠳᠤ ᠬᠡᠷᠡᠭᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠣᠯᠠᠨ | ᠠᠷᠭ᠎ᠠ ᠵᠠᠮ ᠢᠶᠠᠷ ᠰᠠᠶᠢᠲᠤᠷ ᠳᠠᠷᠢᠵᠤ ᠰᠠᠶᠢᠲᠤᠷ ᠬᠡᠷᠡᠭᠯᠡᠬᠦ ᠶᠢ ᠳᠡᠮᠵᠢᠬᠦ ᠬᠡᠷᠡᠭᠲᠡᠢ︔ ᠨᠥᠭᠦᠭᠡ ᠨᠢᠭᠡ ᠬᠡᠰᠡᠭ ᠨᠢ ᠬᠤᠵᠢᠷᠯᠢᠭ | ᠭᠠᠵᠠᠷ᠂ ᠪᠠᠶᠠᠨᠨᠠᠭᠤᠷ ᠬᠤᠲᠠ ᠳᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠢᠭ᠋ ᠤᠨ ᠠᠵᠢᠯ ᠢ | ᠡᠬᠢᠯᠡᠭᠦᠯᠵᠦ᠂ ︽ᠳᠠᠷᠢᠬᠤ ᠳᠤ ᠲᠣᠬᠢᠷᠠᠮᠵᠢᠲᠠᠢ ᠭᠠᠵᠠᠷ ᠢ ᠰᠤᠩᠭᠤᠬᠤ︾ ᠢ ︽ᠭᠠᠵᠠᠷ ᠲᠤᠨᠢ ᠲᠣᠬᠢᠷᠠᠮᠵᠢᠲᠠᠢ ᠳᠠᠷᠢᠬᠤ︾ | ᠲᠠᠢ ᠤᠶᠠᠯᠳᠤᠭᠤᠯᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠬᠦ | ᠬᠡᠷᠡᠭᠲᠡᠢ᠃ | ᠠᠰᠠᠭᠤᠯᠲᠠ᠄ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ ᠶᠠᠮᠠᠷ | ᠪᠠᠶᠢᠷᠢᠯᠠᠭᠤᠯᠤᠯᠲᠠ ᠬᠢᠭᠰᠡᠨ ᠪᠣᠶ︖ | ᠬᠠᠷᠢᠭᠤᠯᠲᠠ᠄ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠣᠯ ︽ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ ᠠᠵᠢᠯ ᠤᠨ ᠭᠤᠣᠯ ᠡᠭᠦᠷᠭᠡ ᠪᠣᠯᠣᠨ᠎ᠠ᠂ ᠭᠤᠣᠯᠳᠠᠭᠤ ᠳᠣᠣᠷᠠᠬᠢ ᠳᠥᠷᠪᠡᠨ | ᠲᠠᠯ᠎ᠠ ᠪᠠᠷ ᠪᠠᠶᠢᠷᠢᠯᠠᠭᠤᠯᠪᠠ᠃ | ᠨᠢᠭᠡ ᠳᠤ ᠮᠠᠯᠴᠢᠨ ᠲᠠᠷᠢᠶᠠᠴᠢᠨ ᠤ ᠡᠵᠡᠩᠨᠡᠯᠲᠡ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ ᠬᠦᠷᠢᠶ᠎ᠡ | ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ | ᠂ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶ᠎ᠡ︾ ᠶᠢᠨ ᠠᠵᠢᠯᠯᠠᠭ᠎ᠠ ᠶᠢ ᠥᠷᠨᠢᠭᠦᠯᠦᠨ᠂ ᠮᠠᠯᠴᠢᠨ | ᠲᠠᠷᠢᠶᠠᠴᠢᠳ ᠤᠨ ᠭᠡᠷ ᠪᠠᠶᠢᠰᠢᠩ ᠤᠨ ᠡᠮᠦᠨ᠎ᠡ ᠬᠤᠶᠢᠨ᠎ᠠ ᠵᠡᠷᠭᠡ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢᠨ ᠣᠷᠣᠨ ᠵᠠᠢ ᠶᠢ | ᠠᠰᠢᠭᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠳᠠᠷᠢᠵᠤ ᠲᠡᠵᠢᠭᠡᠬᠦ᠂ ᠣᠨᠴᠠᠯᠢᠭᠲᠤ | ᠠᠷᠠᠳ ᠤᠨ ᠣᠷᠣᠨ ᠰᠠᠭᠤᠴᠠ᠂ ᠭᠠᠷ ᠦᠢᠯᠡᠳᠬᠡᠯ ᠤᠨ ᠭᠠᠵᠠᠷ ᠵᠡᠷᠭᠡ ᠬᠦᠷᠢᠶ᠎ᠡ ᠬᠠᠰᠢᠶ᠎ᠠ ᠶᠢᠨ ᠠᠵᠤ ᠠᠬᠤᠢ ᠶᠢ | ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ︽ᠨᠢᠭᠡᠳᠦᠯᠲᠡᠢ ᠳᠠᠷᠢᠵᠤ ︵ᠲᠡᠵᠢᠭᠡᠬᠦ︶ ᠬᠠᠮᠲᠤᠪᠠᠷ ᠪᠠᠶᠠᠵᠢᠬᠤ︾ | ᠵᠠᠭᠪᠤᠷ ᠢ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ | | ᠬᠤᠶᠠᠷ ᠲᠤ ᠮᠠᠯᠴᠢᠨ ᠲᠠᠷᠢᠶᠠᠴᠢᠨ ᠤ ᠠᠵᠢᠯ ᠬᠥᠳᠡᠯᠮᠦᠷᠢ ᠶᠢᠨ ᠣᠷᠣᠯᠭ᠎ᠠ ᠶᠢ ᠲᠣᠭᠲᠠᠪᠤᠷᠢᠵᠢᠭᠤᠯᠬᠤ ᠬᠡᠷᠡᠭᠲᠡᠢ᠃ | ᠠᠵᠢᠯ ᠤᠯᠭᠤᠯᠳᠠ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ | ᠥᠷᠭᠡᠳᠬᠡᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ︽ᠭᠤᠷᠪᠠᠨ ᠤᠮᠠᠷᠠᠲᠤ︾ ᠶᠢᠨ | ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠵᠤ᠂ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠡᠪᠴᠢᠶ᠎ᠡ ᠶᠢ ᠭᠡᠷ᠎ᠡ ᠶᠢᠨ | ᠲᠣᠭᠠᠨ ᠤ 10% ᠠᠴᠠ ᠳᠣᠣᠷ᠎ᠠ ᠪᠠᠶᠢᠯᠭᠠᠬᠤ ᠦᠭᠡᠢ᠃ ᠨᠠᠰᠤ ᠠᠬᠢᠭᠰᠠᠨ ᠮᠠᠯᠴᠢᠨ ᠲᠠᠷᠢᠶᠠᠴᠢᠨ ᠤ ᠠᠵᠢᠯ ᠤᠯᠭᠤᠯᠳᠠ ᠶᠢ | ᠲᠡᠳᠬᠦᠵᠦ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠵᠦ ᠠᠵᠢᠯ ᠣᠯᠣᠭᠰᠠᠨ ᠬᠥᠳᠡᠯᠮᠦᠷᠢᠴᠢᠳ ᠲᠤ ᠵᠠᠬᠢᠶᠠᠯᠠᠭ᠎ᠠ᠂ | ᠬᠠᠨᠳᠤᠯᠭ᠎ᠠ ᠲᠠᠢ᠂ ᠠᠵᠢᠯ ᠤᠨ ᠪᠠᠶᠢᠷᠢ ᠲᠣᠭᠲᠠᠭᠠᠨ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠵᠤ᠂ ᠮᠠᠯᠴᠢᠨ | ᠲᠠᠷᠢᠶᠠᠴᠢᠳ ᠤᠨ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ | ᠭᠤᠷᠪᠠ ᠳᠤ ᠮᠠᠯᠴᠢᠨ ᠲᠠᠷᠢᠶᠠᠴᠢᠨ ᠤ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢ ᠦᠷᠭᠡᠳᠭᠡᠬᠦ ᠬᠡᠷᠡᠭᠲᠡᠢ᠃ | ᠰᠢᠯᠵᠢᠯᠲᠡ ᠶᠢᠨ ᠴᠢᠨᠠᠷᠲᠠᠢ ᠣᠷᠣᠯᠭ᠎ᠠ ᠪᠣᠯ ᠡᠩ ᠤᠨ ᠲᠠᠷᠢᠶᠠᠯᠠᠬᠤ ᠮᠠᠯᠵᠢᠬᠤ ᠡᠷᠦᠬᠡ ᠢᠯᠠᠩᠭᠤᠶ᠎ᠠ ᠣᠷᠣᠯᠭ᠎ᠠ ᠪᠠᠭᠠᠲᠠᠢ | ᠬᠥᠮᠥᠨ ᠠᠮᠠ ᠶᠢᠨ ᠣᠷᠣᠯᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠲᠠᠷᠢᠶᠠᠯᠠᠩ ᠮᠠᠯ ᠠᠵᠤ ᠠᠬᠤᠢ ᠳᠤ | ᠬᠤᠯᠪᠣᠭᠳᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠪᠥᠬᠦ ᠶᠠᠪᠤᠴᠠ ᠶᠢᠨ | ᠬᠠᠮᠢᠶᠠᠷᠤᠯᠲᠠ ᠬᠢᠨᠠᠯᠲᠠ ᠲᠠᠯᠪᠢᠵᠤ ᠰᠡᠷᠡᠮᠵᠢᠯᠡᠭᠦᠯᠬᠦ ᠳᠦᠷᠢᠮ ᠢ ᠲᠣᠭᠲᠠᠭᠠᠵᠤ᠂ ᠲᠤᠰᠬᠠᠢ ᠵᠦᠢᠯ ᠤᠨ ᠪᠡᠯᠡ ᠮᠥᠩᠭᠦ ᠶᠢᠨ | ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠵᠤ᠂ ᠮᠠᠯᠴᠢᠨ ᠲᠠᠷᠢᠶᠠᠴᠢᠳ ᠲᠤ ᠣᠯᠭᠤᠬᠤ ᠡᠯ᠎ᠡ ᠵᠦᠢᠯ ᠤᠨ ᠨᠥᠬᠦᠪᠦᠷᠢ | ᠮᠦᠩᠭᠦ ᠶᠢ ᠪᠣᠳᠠᠲᠠᠶᠢᠵᠢᠭᠤᠯᠵᠤ᠂ ᠮᠠᠯᠴᠢᠨ ᠲᠠᠷᠢᠶᠠᠴᠢᠳ ᠲᠤ ᠦᠨᠡᠨᠬᠦ ᠪᠣᠳᠠᠲᠤ ᠠᠰᠢᠭ ᠬᠦᠷᠲᠡᠭᠡᠬᠦ ᠬᠡᠷᠡᠭᠲᠡᠢ᠃ | ᠳᠥᠷᠪᠡ ᠳᠤ ᠮᠠᠯᠴᠢᠨ ᠲᠠᠷᠢᠶᠠᠴᠢᠨ ᠳᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠯᠬᠤ ᠬᠡᠷᠡᠭᠲᠡᠢ᠃ | ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠲᠡᠳᠬᠦᠨ ᠳᠡᠮᠵᠢᠬᠦ | ᠠᠵᠢᠯᠯᠠᠭ᠎ᠠ ᠶᠢ ᠬᠡᠷᠡᠭᠵᠢᠭᠦᠯᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠯᠠ | ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠪᠠ ᠣᠷᠣᠨ ᠰᠠᠭᠤᠴᠠ ᠶᠢᠨ ᠰᠠᠭᠤᠷᠢ ᠭᠠᠵᠠᠷ ᠵᠡᠷᠭᠡ ᠡᠬᠢ ᠪᠠᠶᠠᠯᠢᠭ ᠢ | ᠠᠮᠢᠳᠤᠯᠢᠭᠵᠢᠭᠤᠯᠤᠨ ᠠᠰᠢᠭᠯᠠᠵᠤ᠂ ᠨᠥᠬᠦᠴᠡᠯ ᠡᠭᠦᠳᠴᠦ ᠪᠠᠶᠢᠭᠠᠳ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ | ᠴᠢᠨᠠᠷᠲᠠᠢ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠬᠦ ᠬᠡᠷᠡᠭᠲᠡᠢ᠃ | ᠠᠰᠠᠭᠤᠯᠲᠠ᠄ ᠬᠡᠪᠴᠢᠶᠡᠵᠢᠯ ᠤᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠶᠢ ᠦᠨᠡᠨ ᠬᠦ ᠪᠠᠲᠤᠯᠠᠬᠤ ᠨᠠᠭᠠᠲᠤ | ᠵᠠᠬ᠎ᠠ ᠶᠢᠨ ᠪᠠᠷᠢᠮᠵᠢᠶ᠎ᠠ ᠶᠢ ᠬᠡᠷᠬᠢᠨ ᠰᠠᠬᠢᠬᠤ ᠪᠣᠶ︖ | ᠬᠠᠷᠢᠭᠤᠯᠲᠠ᠄ ᠬᠡᠪᠴᠢᠶᠡᠵᠢᠯ ᠤᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠶᠢ ᠰᠡᠷᠭᠡᠶᠢᠯᠡᠬᠦ ᠪᠣᠯ ᠴᠢᠬᠤᠯᠠ ᠶᠡᠭᠡ ᠠᠵᠤ | ᠠᠬᠤᠢ ᠶᠢᠨ ᠡᠭᠦᠷᠭᠡ ᠮᠥᠨ ᠪᠥᠭᠡᠳ ᠪᠠᠰᠠ ᠴᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ ᠪᠣᠯᠬᠤᠷ ᠡᠷᠬᠡᠪᠰᠢ | ᠦᠷᠭᠦᠯᠵᠢᠯᠡᠨ ᠬᠦᠴᠦᠯᠡᠬᠦ ᠬᠡᠷᠡᠭᠲᠡᠢ᠃ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠳᠤ ᠳᠣᠣᠷᠠᠬᠢ ᠭᠤᠷᠪᠠᠨ ᠲᠠᠯ᠎ᠠ ᠶᠢ ᠭᠤᠣᠯᠳᠠᠯᠭ᠎ᠠ ᠲᠠᠢ ᠴᠢᠬᠤᠯᠠᠴᠢᠯᠠᠪᠠ᠃ | ᠨᠢᠭᠡ ᠳᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ | ᠭᠠᠵᠠᠷ ᠣᠷᠣᠨ᠂ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠯᠦᠩᠭᠦᠢ ᠪᠠᠷ ᠬᠢᠨᠠᠨ ᠬᠡᠮᠵᠢᠵᠦ | ᠵᠢᠭᠰᠠᠭᠠᠨ ᠪᠠᠶᠢᠴᠠᠭᠠᠬᠤ ᠪᠠ ᠴᠢᠭᠯᠡᠭᠦᠯᠦᠭᠰᠡᠨ ᠴᠢᠨᠠᠷᠲᠠᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ | ᠭᠠᠮᠰᠢᠭ᠂ ᠡᠪᠡᠳᠴᠢᠨ ᠠᠴᠠ ᠪᠣᠯᠵᠤ ᠶᠠᠳᠠᠭᠤᠷᠠᠯ ᠳᠠᠬᠢᠨ ᠡᠭᠦᠰᠬᠦ ᠠᠴᠠ ᠪᠣᠯᠵᠤ ᠶᠠᠳᠠᠭᠤᠷᠠᠬᠤ ᠠᠶᠤᠯ ᠲᠦᠭᠰᠢᠭᠦᠷᠢ ᠶᠢ | ᠬᠦᠴᠦᠯᠡᠨ ᠠᠷᠢᠯᠭᠠᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠭᠠᠮᠰᠢᠭᠳᠠᠭᠰᠠᠨ ᠮᠠᠯᠵᠢᠬᠤ ᠲᠠᠷᠢᠶᠠᠯᠠᠬᠤ | ᠡᠷᠦᠬᠡ ᠳᠤ ᠤᠷᠢᠳᠠᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠪᠤᠷᠠᠨ ᠲᠤᠰᠠᠯᠠᠬᠤ | ᠨᠥᠬᠦᠴᠡᠯ ᠳᠤ ᠨᠡᠶᠢᠴᠡᠬᠦ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠡᠭᠦᠷᠭᠡᠯᠡᠯ ᠲᠠᠢ ᠡᠪᠡᠳᠴᠢᠲᠡᠨ ᠳᠤ | ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠵᠦ᠂ ᠶᠠᠳᠠᠭᠤᠷᠠᠯ ᠳᠠᠬᠢᠨ ᠡᠭᠦᠰᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ | ᠪᠠᠲᠤ ᠰᠠᠬᠢᠬᠤ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠠᠮᠲᠤᠪᠠᠷ | ᠡᠳ᠋ᠯᠡᠬᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠬᠡᠮᠵᠢᠬᠦ ᠡᠲᠡᠭᠡᠳ ᠤᠨ ᠰᠤᠷᠭᠠᠨ | ᠬᠥᠮᠦᠵᠢᠯ᠂ ᠡᠮᠴᠢᠯᠡᠭᠡ᠂ ᠣᠷᠣᠨ ᠰᠠᠭᠤᠴᠠ ᠪᠠ ᠤᠰᠤ ᠤᠮᠳᠠ ᠶᠢᠨ ᠠᠶᠤᠯᠭᠦᠢ ᠪᠠᠶᠢᠳᠠᠯ ᠤᠨ ᠲᠤᠭ᠎ᠠ ᠪᠠᠷᠢᠮᠲᠠ ᠶᠢ | ᠬᠠᠷᠢᠯᠴᠠᠨ ᠬᠤᠯᠪᠣᠭᠠᠯᠠᠵᠤ ᠬᠠᠮᠲᠤᠪᠠᠷ ᠡᠳ᠋ᠯᠡᠬᠦ ᠶᠢ ᠠᠬᠢᠭᠤᠯᠬᠤ ᠬᠡᠷᠡᠭᠲᠡᠢ᠃ | ᠬᠤᠶᠠᠷ ᠲᠤ ᠠᠵᠤ ᠦᠢᠯᠡᠰ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠬᠤ ᠬᠡᠷᠡᠭᠲᠡᠢ᠃ | ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ ᠲᠥᠷᠥᠯ ᠬᠤᠪᠢᠶᠠᠨ ᠥᠷᠨᠢᠭᠦᠯᠵᠦ᠂ ᠬᠠᠪᠰᠤᠷᠤᠨ ᠲᠡᠳᠬᠦᠬᠦ ᠲᠥᠷᠥᠯ | ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ᠂ ᠦᠷᠭᠦᠯᠵᠢᠯᠡᠬᠦ᠋ᠢᠴᠡ ᠬᠥᠭᠵᠢᠯᠲᠡ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠲᠥᠪ ᠪᠠ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ | ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ | 65% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠪᠣᠯᠤᠨ᠎ᠠ᠃ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠶᠢ ᠨᠢ ᠭᠠᠴᠠᠭ᠎ᠠ ᠲᠣᠰᠬᠤᠨ ᠤ ᠬᠠᠮᠲᠤ ᠶᠢᠨ | ᠡᠳ᠋ ᠬᠥᠷᠥᠩᠭᠡ ᠶᠢᠨ ᠨᠢᠭᠡᠳᠦᠯᠲᠡᠢ ᠬᠠᠮᠢᠶᠠᠷᠤᠯᠲᠠ ᠳᠤ ᠣᠷᠤᠭᠤᠯᠬᠤ ᠬᠡᠷᠡᠭᠲᠡᠢ᠃ ᠶᠠᠳᠠᠭᠤᠷᠠᠯ ᠲᠠᠬᠢᠨ ᠡᠭᠦᠰᠬᠦ ᠠᠵᠢᠯ | ᠣᠯᠬᠤ ᠶᠢ ᠰᠡᠷᠭᠡᠶᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠲᠦᠯᠬᠢᠨ ᠠᠬᠢᠭᠤᠯᠵᠤ᠂ ᠠᠵᠢᠯ ᠣᠯᠭᠤᠯᠲᠠ ᠶᠢᠨ | ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠠᠷᠭ᠎ᠠ ᠵᠠᠮ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠬᠤ ᠬᠡᠷᠡᠭᠲᠡᠢ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ︽ᠥᠪᠥᠷ ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ | ᠣᠷᠣᠭᠤᠯᠬᠤ · ᠵᠠᠭᠤᠨ ᠠᠵᠤ ᠠᠬᠤᠶᠢᠯᠠᠯ ᠢ ᠬᠠᠮᠲᠤ ᠳᠤᠨᠢ ᠶᠠᠪᠤᠭᠤᠯᠬᠤ︾ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ | ᠣᠷᠣᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠦᠷᠭᠡᠳᠭᠡᠬᠦ ᠭᠡᠷᠡᠭᠲᠡᠢ᠃ | ᠭᠤᠷᠪᠠ ᠳᠤ ᠭᠤᠣᠯᠳᠠᠯᠭ᠎ᠠ ᠲᠠᠢ ᠭᠠᠵᠠᠷ ᠣᠷᠣᠨ ᠤ ᠬᠠᠪᠰᠤᠷᠤᠨ ᠲᠡᠳᠬᠦᠵᠦ ᠳᠡᠮᠵᠢᠬᠦ ᠶᠢ ᠴᠢᠩᠭᠠᠳᠬᠠᠬᠤ ᠬᠡᠷᠡᠭᠲᠡᠢ᠃ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠲᠡᠶᠢᠰᠢ | ᠬᠡᠯᠪᠠᠶᠢᠯᠭᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠣᠨᠳᠣᠣ ᠭᠠᠵᠠᠷ ᠲᠤ ᠨᠡᠭᠦᠭᠰᠡᠨ ᠤᠯᠠᠨ ᠲᠦᠮᠡᠨ ᠤ | ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠ ᠠᠵᠤ ᠦᠢᠯᠡᠰ ᠢ ᠲᠡᠳᠬᠦᠨ ᠳᠡᠮᠵᠢᠬᠦ ᠶᠢ ᠴᠢᠩᠭᠠᠳᠬᠠᠵᠤ᠂ | ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ | ᠭᠠᠵᠠᠷ ᠣᠷᠣᠨ ᠤ ᠬᠥᠭᠵᠢᠯᠲᠡ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠬᠥᠭᠵᠢᠯᠲᠡ ᠶᠢᠨ ᠴᠢᠳᠠᠪᠤᠷᠢ ᠶᠢ | ᠨᠡᠮᠡᠭᠳᠡᠭᠦᠯᠦᠨ᠂ ᠮᠠᠯᠴᠢᠨ ᠲᠠᠷᠢᠶᠠᠴᠢᠨ ᠢ ᠬᠠᠪᠰᠤᠷᠤᠨ ᠥᠪᠡᠷ ᠤᠨ ᠴᠢᠷᠮᠠᠶᠢᠯᠭ᠎ᠠ ᠪᠠᠷ ᠢᠶᠠᠨ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠭᠤᠯᠬᠤ ᠶᠢ ᠨᠠᠩ ᠢᠯᠡᠭᠦᠦ ᠪᠡᠶᠡᠯᠡᠬᠦᠯᠬᠦ ᠬᠡᠷᠡᠭᠲᠡᠢ᠃ | ᠠᠰᠠᠭᠤᠯᠲᠠ᠄ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ ᠶᠠᠮᠠᠷ | ᠪᠠᠶᠢᠷᠢᠯᠠᠭᠤᠯᠤᠯᠲᠠ ᠬᠢᠭᠰᠡᠨ ᠪᠣᠶ︖ | ᠬᠠᠷᠢᠭᠤᠯᠲᠠ᠄ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠭᠤᠷᠪᠠᠨ ᠲᠠᠯ᠎ᠠ ᠠᠴᠠ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ | ᠨᠢᠭᠡ ᠳᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠦᠨ᠎ᠡ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 | ᠵᠢᠯ ᠤᠷᠲᠤᠳᠬᠠᠬᠤ ᠤᠯᠤᠰ ᠤᠨ ᠲᠤᠷᠰᠢᠯᠲᠠ ᠶᠢᠨ ᠴᠢᠭ᠋ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ 10 ᠰᠢᠶᠠᠩ | ᠪᠠᠯᠭᠠᠰᠤ ᠶᠢ ᠰᠣᠩᠭᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠴᠢᠭ᠋ ᠢ ᠦᠷᠨᠢᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ 100 ᠣᠷᠴᠢᠮ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠵᠦ᠂ | ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠤᠨ᠂ ︽ᠮᠢᠩᠭᠠᠨ | ᠬᠥᠮᠥᠨ ᠢᠶᠠᠷ ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠶᠢ ᠦᠷᠨᠢᠭᠦᠯᠦᠨ᠎ᠡ᠃ ᠦᠨᠳᠦᠰᠦᠨ ᠱᠠᠲᠤᠨ ᠤ ᠬᠠᠩᠭᠠᠨ | ᠪᠣᠷᠣᠯᠠᠭᠤᠯᠬᠤ ᠬᠤᠷᠰᠢᠶ᠎ᠠ ᠶᠢ ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠳᠬᠡᠵᠦ᠂ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡ ᠶᠢ ᠲᠥᠪᠯᠡᠷᠡᠭᠦᠯᠦᠨ ᠵᠠᠯᠭᠠᠯᠳᠤᠭᠤᠯᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠵᠢᠵᠢᠭ ᠲᠠᠷᠢᠶᠠᠴᠢᠨ ᠡᠷᠦᠬᠡ ᠪᠠ ᠤᠳᠤ ᠦᠶ᠎ᠡ ᠶᠢᠨ ᠲᠠᠷᠢᠶᠠᠯᠠᠩ ᠤᠨ | ᠣᠷᠭᠠᠨᠢᠭ ᠵᠤᠯᠭᠠᠯᠴᠠᠭ᠎ᠠ ᠶᠢ ᠠᠬᠢᠭᠤᠯᠤᠨ᠎ᠠ᠃ | ᠬᠤᠶᠠᠷ ᠲᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ | ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠷᠰᠢᠯᠭ᠎ᠠ ᠶᠢ ᠳᠡᠯᠭᠡᠷᠡᠭᠦᠯᠵᠦ᠂ | ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠪᠠ ᠣᠷᠣᠨ ᠰᠠᠭᠤᠴᠠ ᠶᠢᠨ ᠭᠠᠵᠠᠷ ᠢ ᠠᠰᠢᠭᠯᠠᠨ ᠬᠥᠳᠡᠭᠡ ᠲᠣᠰᠬᠤᠨ ᠤ | ᠰᠡᠯᠡᠭᠦᠴᠡᠯ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠮᠢᠳᠤᠯᠢᠭ ᠪᠤᠯᠭᠠᠨ᠎ᠠ᠃ ᠭᠠᠵᠠᠷ | ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ︽ᠬᠤᠭᠤᠰᠤᠨ | ᠲᠣᠰᠬᠤᠨ︾ ᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ | ᠮᠠᠶ᠋ᠢᠭ ᠤᠨ ᠬᠠᠮᠲᠤ ᠶᠢᠨ ᠠᠵᠤ ᠠᠬᠤᠢ ᠶᠢᠨ ᠡᠷᠡᠭᠦᠯ ᠬᠦᠭᠵᠢᠯᠳᠡ ᠶᠢ ᠠᠬᠢᠭᠤᠯᠤᠨ᠎ᠠ᠃ | ᠭᠤᠷᠪᠠ ᠳᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠦᠢᠯᠡᠴᠢᠯᠡᠭᠡᠨ ᠤ ᠭᠠᠵᠠᠷ | ᠰᠢᠷᠣᠢ ᠶᠢ ᠡᠷᠭᠢᠯᠲᠡ ᠳᠤ ᠣᠷᠣᠭᠤᠯᠬᠤ ᠦᠢᠯᠡᠴᠢᠯᠡᠭᠡᠨ ᠤ ᠲᠥᠪ ︵ᠥᠷᠲᠡᠭᠡ ᠴᠢᠭ᠋︶ ᠢ ᠰᠢᠨ᠎ᠡ ᠪᠠᠷ ᠪᠠᠶᠢᠭᠤᠯᠵᠤ᠂ ᠭᠠᠵᠠᠷ | ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢ ︽ᠵᠣᠭᠤᠰ ᠢᠶᠠᠷ ᠲᠦᠷᠢᠶᠡᠰᠦ ᠲᠣᠭᠲᠠᠭᠠᠬᠤ︾ ᠪᠠᠶᠢᠭᠰᠠᠨ ᠠᠴᠠ ︽ | ᠠᠮᠤ ᠪᠤᠳᠠᠭ᠎ᠠ ︵ᠮᠠᠯ︶ ᠪᠠᠷ ᠲᠦᠷᠢᠶᠡᠰᠦ ᠲᠣᠭᠲᠠᠭᠠᠬᠤ︾ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ | ᠠᠰᠠᠭᠤᠯᠲᠠ᠄ ᠣᠳᠣᠬᠠᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠨᠢ | ᠶᠠᠭᠤ ᠪᠤᠢ︖ ᠪᠦᠲᠦᠭᠡᠨ ᠪᠠᠶᠢᠭᠤᠯᠤᠯᠲᠠ ᠶᠢ ᠬᠡᠷᠬᠢᠨ ᠠᠬᠢᠭᠤᠯᠬᠤ ᠪᠤᠢ︖ | ᠬᠠᠷᠢᠭᠤᠯᠲᠠ᠄ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯ ᠬᠤᠲᠠ ᠬᠥᠳᠡᠭᠡ ᠶᠢᠨ ᠬᠥᠭᠵᠢᠯᠲᠡ ᠶᠢᠨ | ᠲᠡᠩᠴᠡᠭᠦᠷᠢ ᠦᠭᠡᠢ ᠵᠥᠷᠢᠴᠡᠯ ᠢ ᠰᠢᠢᠳᠪᠦᠷᠢᠯᠡᠬᠦ ᠬᠦᠴᠦᠯᠡᠬᠦ ᠴᠡᠭ ᠮᠥᠨ᠃ ᠡᠨᠡ ᠵᠢᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠳᠤᠮᠳᠠᠬᠢ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠢᠩᠭᠠᠨ ᠲᠦᠮᠡᠨ | ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠡᠯ᠎ᠡ ᠭᠠᠵᠠᠷ ᠤᠨ ᠪᠣᠳᠠᠲᠠᠢ ᠪᠠᠶᠢᠳᠠᠯ ᠪᠠ ᠮᠠᠯᠴᠢᠨ | ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠶᠠᠪᠤᠳᠠᠯ ᠢ | ᠠᠳᠬᠤᠨ᠂ ᠨᠢᠭᠡ ᠵᠦᠢᠯ ᠢ ᠬᠢᠪᠡᠯ ᠨᠢᠭᠡ ᠵᠦᠢᠯ ᠢ ᠪᠦᠲᠦᠭᠡᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ | ᠨᠢᠭᠡ ᠳᠤ ᠬᠥᠳᠡᠭᠡ ᠲᠣᠰᠬᠤᠨ ᠤ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ ︽ᠣᠯᠠᠨ ᠲᠥᠯᠦᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ︾ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠵᠤ᠂ ᠲᠥᠷᠥᠯ ᠬᠤᠪᠢᠶᠠᠨ ᠵᠢᠯᠤᠭᠤᠳᠬᠤ ᠶᠢ ᠴᠢᠩᠭᠠᠳᠬᠠᠨ᠂ | ᠨᠠᠶᠢᠷᠠᠭᠤᠯᠤᠨ ᠵᠣᠬᠢᠶᠠᠬᠤ ᠴᠢᠬᠤᠯᠠ ᠦᠭᠡᠢ ᠶᠢ ᠨᠢ ᠰᠢᠶᠠᠨ ᠰᠢᠶᠠᠩ ᠤᠨ ᠱᠠᠲᠤᠨ ᠤ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠳᠤ ᠶᠡᠷᠦᠩᠬᠡᠢ ᠳᠦᠷᠢᠮ ᠤᠨ ᠮᠠᠶ᠋ᠢᠭ ᠤᠨ ᠬᠠᠮᠢᠶᠠᠷᠤᠯᠲᠠ ᠶᠢᠨ ᠲᠣᠭᠲᠠᠭᠠᠯ ᠢ | ᠲᠤᠳᠤᠷᠬᠠᠶᠢᠯᠠᠨ᠎ᠠ᠃ ︽ᠡᠭᠦᠳᠡ ᠪᠠᠨ ᠨᠡᠭᠡᠭᠡᠵᠦ ᠲᠥᠯᠦᠪᠵᠢᠭᠦᠯᠭᠡ ᠲᠣᠭᠲᠠᠭᠠᠬᠤ︾ ᠶᠢ ᠪᠠᠷᠢᠮᠲᠠᠯᠠᠵᠤ᠂ | ᠲᠥᠯᠦᠪᠵᠢᠭᠦᠯᠭᠡ ᠶᠢ ᠭᠠᠴᠠᠭ᠎ᠠ ᠲᠣᠰᠬᠤᠨ ᠤ ᠪᠣᠳᠠᠲᠤ ᠪᠠᠶᠢᠳᠠᠯ ᠪᠠ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠳᠤ | ᠨᠡᠶᠢᠴᠡᠭᠦᠯᠬᠦ ᠶᠢ ᠦᠨᠡᠨᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠺᠠᠳ᠋ᠷ ᠣᠯᠠᠨ ᠲᠦᠮᠡᠨ ᠳᠤ ᠲᠥᠯᠦᠪᠵᠢᠭᠦᠯᠭᠡ ᠶᠢ | ᠣᠶᠢᠯᠠᠭᠠᠨ᠂ ᠲᠥᠯᠦᠪᠵᠢᠭᠦᠯᠭᠡ ᠶᠢ ᠰᠠᠬᠢᠵᠤ᠂ ᠲᠥᠯᠦᠪᠵᠢᠭᠦᠯᠭᠡ ᠶᠢ ᠰᠠᠶᠢᠲᠤᠷ ᠬᠡᠷᠡᠭᠯᠡᠭᠦᠯᠦᠨ᠎ᠡ᠃ | ᠬᠤᠶᠠᠷ ᠲᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠲᠠᠭᠠᠯᠠᠮᠵᠢ ᠶᠢᠨ ᠬᠡᠮᠵᠢᠶ᠎ᠡ ᠶᠢ | ᠲᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠡᠶᠡᠯᠳᠡᠭ ᠰᠠᠶᠢᠬᠠᠨ ᠬᠥᠳᠡᠭᠡ | ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠵᠦ᠂ ᠤᠮᠠᠷᠠᠲᠤ ᠬᠢᠯᠢ ᠶᠢᠨ ᠣᠨᠴᠠᠯᠢᠭ ᠢ ᠢᠯᠡᠷᠡᠭᠦᠯᠦᠭᠰᠡᠨ ᠨᠢᠭᠡ ᠪᠦᠯᠦᠭ ᠵᠢᠱᠢᠶ᠎ᠡ ᠦᠵᠡᠭᠦᠯᠬᠦ ᠵᠠᠭᠪᠤᠷ ᠢ ᠪᠦᠯᠦᠭ | ᠬᠤᠪᠢᠶᠠᠨ ᠡᠭᠦᠳᠦᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠡᠷᠦᠬᠡ ᠶᠢᠨ ᠰᠠᠶᠢᠨ ᠳᠤᠷ᠎ᠠ ᠠᠴᠠ ᠪᠠᠨ ᠪᠠᠷᠢᠮᠵᠢᠶ᠎ᠠ | ᠶᠣᠰᠣᠭᠠᠷ ᠵᠣᠷᠯᠣᠩ ᠢ ᠥᠭᠡᠷᠡᠴᠢᠯᠡᠬᠦ᠂ ᠵᠠᠰᠠᠭ ᠤᠨ ᠣᠷᠳᠣᠨ ᠠᠴᠠ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ | ᠨᠥᠬᠦᠪᠦᠷᠢ ᠶᠢ ᠡᠷᠦᠬᠡ ᠳᠤ ᠬᠦᠷᠲᠡᠯ᠎ᠡ ᠣᠯᠭᠤᠬᠤ ᠱᠠᠩᠨᠠᠵᠤ ᠨᠥᠬᠦᠪᠦᠷᠢᠯᠡᠬᠦ ᠵᠠᠭᠪᠤᠷ ᠢ ᠰᠦᠪᠡᠭᠴᠢᠯᠡᠨ ᠠᠬᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ ᠬᠠᠷᠢᠴᠠᠩᠭᠤᠢ ᠪᠠᠷ ᠲᠥᠪᠯᠡᠷᠡᠭᠰᠡᠨ ᠭᠠᠵᠠᠷ ᠣᠷᠣᠨ ᠤ ᠬᠤᠭ ᠨᠣᠪᠰᠢ ᠪᠠ | ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135︾ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ︽ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ | ᠢᠯᠭᠠᠷᠠᠭᠤᠯᠬᠤ᠂ ᠶᠡᠬᠡᠪᠡᠷ ᠴᠡᠭᠴᠡᠯᠡᠨ ᠵᠠᠰᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ | ᠭᠤᠷᠪᠠ ᠳᠤ ᠰᠠᠭᠤᠷᠢ ᠲᠥᠬᠦᠭᠡᠷᠦᠮᠵᠢ ᠶᠢᠨ ᠲᠡᠭᠦᠯᠳᠡᠷᠵᠢᠯ ᠤᠨ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠲᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠭᠠᠴᠠᠭ᠎ᠠ ᠪᠠᠯᠭᠠᠰᠤᠨ ᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠲᠥᠬᠦᠭᠡᠷᠦᠮᠵᠢ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ | ᠳᠥᠷᠪᠡ ᠳᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠰᠤᠷᠭᠠᠨ | ᠬᠥᠮᠦᠵᠢᠯ ᠤᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠣᠯᠣᠨ | ᠴᠢᠬᠤᠯᠠ ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠮᠠᠯᠵᠢᠬᠤ | ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠡᠮᠴᠢᠯᠡᠭᠡᠨ ᠤ ᠲᠠᠯ᠎ᠠ ᠪᠠᠷ᠂ ᠰᠤᠮᠤ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠬᠡᠪᠴᠢᠶᠡᠨ ᠳᠠᠬᠢ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠬᠡᠷᠡᠭᠯᠡᠬᠦ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠠᠯᠬᠤᠮ ᠠᠯᠬᠤᠮ ᠢᠶᠠᠷ ᠡᠮᠴᠢᠯᠡᠭᠡᠨ ᠤ ᠳᠠᠭᠠᠳᠬᠠᠯ ᠤᠨ ᠴᠢᠭ᠋ ᠲᠣᠭᠲᠠᠭᠠᠨ | ᠬᠠᠮᠢᠶᠠᠷᠬᠤ ᠳᠤ ᠣᠷᠣᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠳᠤ ᠨᠠᠩ | ᠲᠥᠬᠦᠮ ᠪᠤᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠢ ᠡᠷᠬᠢᠨ | ᠦᠵᠡᠵᠦ ᠬᠠᠯᠠᠮᠵᠢᠯᠠᠨ ᠬᠠᠶᠢᠷᠠᠯᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ | ᠲᠠᠪᠤ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠦᠷ᠎ᠡ ᠪᠦᠲᠦᠮᠵᠢ ᠶᠢ ᠡᠵᠡᠮᠳᠡᠨ᠎ᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠮᠠᠯᠴᠢᠨ ᠲᠠᠷᠢᠶᠠᠴᠢᠨ ᠤ ᠲᠥᠯᠥᠭᠡ ᠪᠦᠲᠦᠭᠡᠨ ᠪᠠᠶᠢᠭᠤᠯᠬᠤ ᠶᠢ | ᠲᠤᠪᠤᠶᠢᠯᠭᠠᠵᠤ᠂ ᠦᠷᠭᠦᠯᠵᠢᠯᠡᠬᠦ᠋ᠢᠴᠡ ᠪᠠᠷ ᠭᠤᠣᠯᠳᠠᠯᠭ᠎ᠠ ᠪᠣᠯᠭᠠᠵᠤ᠂ ᠥᠩᠭᠡᠪᠴᠢ ᠠᠵᠢᠯ ᠬᠢᠬᠦ᠂ ᠠᠷᠠᠳ ᠢ ᠵᠦᠳᠡᠭᠡᠵᠦ | ᠡᠳ᠋ ᠢ ᠰᠦᠢᠳᠬᠡᠬᠦ᠂ ︽ᠨᠢᠭᠡ ᠯᠡ ᠠᠳᠠᠯᠢ ᠪᠠᠷ ᠱᠠᠭᠠᠷᠳᠠᠬᠤ︾᠂ ᠠᠯᠪᠠᠳᠠᠨ ᠵᠠᠷᠯᠢᠭᠳᠠᠬᠤ ᠦᠵᠡᠭᠳᠡᠯ ᠭᠠᠷᠬᠤ ᠠᠴᠠ | ᠵᠠᠶᠢᠯᠠᠰᠬᠢᠨ᠎ᠠ᠃ ᠡᠷᠬᠡᠪᠰᠢ ᠪᠣᠳᠠᠲᠤ ᠪᠠᠶᠢᠳᠠᠯ ᠠᠴᠠ ᠡᠭᠦᠰᠬᠦ᠂ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ ᠠᠬᠢᠴᠠ ᠨᠢ | ᠪᠣᠳᠠᠲᠤ ᠦᠷ᠎ᠡ ᠪᠦᠲᠦᠮᠵᠢ ᠶᠢ ᠳᠠᠭᠠᠬᠤ ᠶᠢ ᠪᠠᠷᠢᠮᠲᠠᠯᠠᠬᠤ ᠬᠡᠷᠡᠭᠲᠡᠢ᠂ ᠬᠥᠭᠵᠢᠯᠲᠡ ᠶᠢᠨ ᠱᠠᠲᠤ ᠦᠶ᠎ᠡ ᠠᠴᠠ ᠳᠠᠪᠠᠵᠤ | ᠰᠣᠬᠤᠷ ᠪᠠᠯᠠᠢ ᠪᠠᠷ ᠥᠷᠢ ᠲᠠᠯᠪᠢᠵᠤ ᠪᠦᠲᠦᠭᠡᠨ ᠪᠠᠶᠢᠭᠤᠯᠤᠯᠲᠠ ᠬᠢᠵᠦ ᠪᠣᠯᠬᠤ ᠦᠭᠡᠢ᠂ ᠬᠡᠯᠪᠡᠷᠢ ᠶᠢᠨ ᠦᠵᠡᠯ ᠤᠨ ᠰᠢᠨ᠎ᠡ | ᠠᠰᠠᠭᠤᠳᠠᠯ ᠭᠠᠷᠬᠤ ᠶᠢ ᠡᠷᠡᠰ ᠬᠤᠷᠢᠭᠯᠠᠨ᠎ᠠ᠃ | ᠠᠰᠠᠭᠤᠯᠲᠠ᠄ ᠣᠳᠣᠬᠠᠨ ᠤ ᠬᠥᠳᠡᠭᠡ ᠲᠣᠰᠬᠤᠨ ᠤ ᠵᠠᠰᠠᠯᠲᠠ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ | ᠬᠡᠷᠬᠢᠨ ᠰᠢᠢᠳᠪᠦᠷᠢᠯᠡᠵᠦ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠪᠤᠢ︖ | ᠬᠠᠷᠢᠭᠤᠯᠲᠠ᠄ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠨᠢ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ | ᠭᠤᠣᠯᠳᠠᠯᠭ᠎ᠠ ᠲᠠᠢ ᠬᠡᠳᠦᠨ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ | ᠨᠢᠭᠡ ᠳᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠨ᠎ᠠ᠃ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠬᠤᠰᠢᠭᠤ | ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠰᠢᠶᠠᠩ ᠢ ᠠᠳᠬᠤᠵᠤ ᠲᠣᠰᠬᠤᠨ ᠢ ᠠᠬᠢᠭᠤᠯᠬᠤ ᠬᠠᠷᠢᠭᠤᠴᠠᠯᠭ᠎ᠠ ᠶᠢ | ᠴᠢᠩᠭᠠᠷᠠᠭᠤᠯᠤᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ | ᠪᠠᠶᠢᠭᠤᠯᠤᠯᠲᠠ ᠶᠢᠨ ᠴᠢᠳᠠᠮᠵᠢ ᠶᠢ ᠦᠨᠡᠨᠬᠦ ᠴᠢᠩᠭᠠᠳᠬᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠲᠣᠣᠷᠵᠢᠭᠤᠯᠤᠭᠰᠠᠨ ᠵᠠᠰᠠᠯᠲᠠ᠂ ᠶᠡᠭᠡ ᠪᠠᠷ | ᠳᠡᠯᠭᠡᠷᠡᠭᠦᠯᠦᠨ ᠪᠢᠴᠢᠯ ᠵᠠᠰᠠᠯᠲᠠ᠂ ᠬᠤᠪᠢ ᠬᠤᠷᠠᠮᠳᠤᠭᠤᠯᠬᠤ ᠳᠦᠷᠢᠮ ᠵᠡᠷᠭᠡ ᠵᠠᠰᠠᠯᠲᠠ ᠶᠢᠨ ᠠᠷᠭ᠎ᠠ ᠬᠡᠯᠪᠡᠷᠢ ᠶᠢ ᠶᠢ ᠪᠦᠬᠦ | ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ᠃ ︽ᠵᠡᠭᠡᠯᠢ | ᠬᠥᠳᠡᠭᠡ ᠳᠤ ᠱᠦᠭᠯᠦ ᠦᠯᠢᠶᠡᠬᠦ᠂ ᠰᠠᠯᠠᠭ᠎ᠠ ᠮᠥᠴᠢᠷ ᠤᠳ ᠨᠡᠷ᠎ᠡ ᠮᠡᠳᠡᠭᠦᠯᠬᠦ︾ ᠵᠡᠷᠭᠡ ᠪᠦᠲᠦᠮᠵᠢᠲᠡᠶ ᠠᠷᠭ᠎ᠠ ᠬᠢᠳᠡᠯ ᠢ | ᠳᠡᠯᠭᠡᠷᠡᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠯ ᠢ | ᠴᠢᠩᠳᠠᠯᠠᠵᠤ᠂ ︽ᠵᠢᠵᠢᠭ ᠮᠣᠷᠢ ᠪᠠᠷ ᠲᠣᠮᠦ ᠲᠡᠷᠭᠡ ᠴᠢᠩᠭᠠᠬᠤ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠡᠬᠢ ᠡᠭᠦᠰᠦᠯ ᠠᠴᠠ ᠨᠢ ᠵᠠᠰᠠᠬᠤ ᠪᠠ ᠳᠦᠷᠢᠮ ᠤᠨ ᠪᠠᠶᠢᠭᠤᠯᠤᠯᠲᠠ ᠶᠢ | ᠴᠢᠩᠭᠠᠳᠬᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠦᠷ᠎ᠡ ᠪᠦᠲᠦᠭᠡᠯ ᠢ | ᠭᠦᠨᠵᠡᠭᠡᠶᠢᠷᠡᠭᠦᠯᠦᠨ ᠥᠷᠭᠡᠳᠬᠡᠵᠦ᠂ ᠦᠨᠳᠦᠰᠦᠨ ᠱᠠᠲᠤᠨ ᠤ ᠨᠡᠩ ᠤᠯᠠᠨ ᠤᠶᠤᠨ ᠴᠢᠳᠠᠯ ᠢ ᠤᠯᠠᠨ ᠲᠦᠮᠡᠨ ᠲᠠᠢ | ᠬᠠᠷᠢᠯᠴᠠᠬᠤ᠂ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠨ᠎ᠠ᠃ | ᠬᠤᠶᠠᠷ ᠲᠤ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠯᠳᠤᠯ ᠢ ᠲᠦᠯᠬᠢᠨ ᠠᠬᠢᠭᠤᠯᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ | ᠲᠠᠯ᠎ᠠ ᠶᠢ ᠴᠢᠩᠭ᠎ᠠ ᠠᠳᠬᠤᠬᠤ ᠶᠢ ᠪᠠᠷᠢᠮᠳᠠᠯᠠᠨ᠎ᠠ᠃ ᠴᠢᠨᠠᠷ ᠰᠠᠶᠢᠲᠠᠢ ᠤᠶᠤᠨ ᠤ ᠰᠣᠶᠣᠯ ᠤᠨ ᠪᠦᠲᠦᠭᠡᠭᠳᠡᠬᠦᠨ ᠤ | ᠬᠠᠩᠭᠠᠯᠭ᠎ᠠ ᠶᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠤᠬᠠᠭᠤᠯᠭ᠎ᠠ ᠬᠥᠮᠦᠵᠢᠯ ᠪᠣᠯᠪᠠᠰᠤᠷᠠᠯ ᠢ ᠪᠠᠲᠤ ᠪᠠᠬᠢ ᠪᠤᠢ ᠪᠣᠯᠭᠠᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ᠂ ᠴᠢᠨᠠᠷ ᠰᠠᠶᠢᠲᠠᠢ ᠰᠣᠶᠣᠯ ᠤᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ | ᠲᠡᠶᠢᠰᠢ ᠥᠷᠭᠡᠳᠬᠡᠬᠦ ᠶᠢ ᠠᠬᠢᠭᠤᠯᠤᠨ᠎ᠠ᠃ ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ | ᠥᠷᠨᠢᠭᠦᠯᠬᠦ ᠬᠡᠷᠡᠭᠲᠡᠢ᠃ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠤᠯᠠᠭᠠᠨᠮᠥ᠋ᠴᠢᠷ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ ᠮᠠᠯᠵᠢᠬᠤ ᠲᠠᠷᠢᠶᠠᠯᠠᠬᠤ | ᠣᠷᠣᠨ ᠤ ᠵᠠᠩ ᠳᠠᠳᠬᠠᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠠᠭᠤᠳᠠᠯᠤᠨ ᠳᠡᠯᠭᠡᠷᠡᠭᠦᠯᠵᠦ᠂ ︽ᠨᠢᠭᠡ | ᠭᠡᠷ᠎ᠡ ᠳᠥᠷᠪᠡᠨ ᠴᠢᠳᠠᠯ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠤᠭ ᠤᠨ ᠶᠠᠪᠤᠳᠠᠯ ᠢ ᠰᠢᠨ᠎ᠡ ᠪᠠᠷ ᠡᠷᠭᠢᠯᠡᠬᠦ᠂ | ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠭᠦᠢᠴᠡᠳᠬᠡᠬᠦ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ | ᠬᠦᠨᠳᠦᠯᠡᠬᠦ᠂ ᠦᠨᠡᠨᠴᠢ ᠢᠲᠡᠭᠡᠮᠵᠢᠲᠡᠢ ᠨᠥᠬᠦᠷᠰᠡᠭ ᠪᠠᠶᠢᠬᠤ ᠵᠡᠷᠭᠡ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠵᠤ᠂ ᠮᠠᠯᠴᠢᠨ | ᠲᠠᠷᠢᠶᠠᠴᠢᠨ ᠤ ᠬᠤᠷᠢᠮ ᠪᠡᠯᠪᠡᠰᠦᠷᠡᠯ ᠵᠡᠷᠭᠡ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠵᠤ᠂ ᠨᠠᠶᠢᠷ ᠲᠠᠯ᠎ᠠ ᠪᠠ ᠶᠣᠰᠣ ᠵᠠᠩᠰᠢᠯ ᠤᠨ ᠳᠠᠷᠤᠭᠠᠰᠤ ᠶᠢ ᠬᠦᠩᠭᠡᠷᠡᠭᠦᠯᠦᠨ᠎ᠡ᠃ | ᠭᠤᠷᠪᠠ ᠳᠤ ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ | ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠤ ᠬᠠᠷᠢᠶ᠎ᠠ ᠣᠷᠣᠨ ᠳᠤ | ᠰᠢᠢᠳᠪᠦᠷᠢᠯᠡᠬᠦ ᠶᠢ ᠠᠬᠢᠭᠤᠯᠤᠨ᠎ᠠ᠃ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭ᠎ᠠ᠂ ᠰᠢᠲᠠᠮᠠᠬᠠᠢ ᠬᠡᠢ᠂ ᠭᠠᠯ ᠤᠨᠲᠠᠷᠠᠭᠠᠬᠤ᠂ ᠵᠢᠭᠠᠰᠤᠨ ᠣᠩᠭᠤᠴᠠ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭᠠᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠬᠦ | ᠬᠡᠷᠡᠭᠲᠡᠢ᠃ ᠡᠭᠦᠨ ᠤ ᠬᠠᠮᠲᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠦᠷᠭᠦᠯᠵᠢᠯᠡᠨ | ᠴᠣᠬᠢᠯᠲᠠ ᠥᠭᠴᠦ᠂ ᠠᠮᠤᠷ ᠠᠮᠤᠭᠤᠯᠠᠩ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃ |