ᠮᠠᠨ ᠤ ᠤᠷᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠥᠬᠦ ᠤᠯᠤᠰ ᠤᠨ ᠳᠤᠮᠳᠠᠴᠢ ᠲᠦᠪᠰᠢᠨ ᠠᠴᠠ ᠲᠠᠪᠠᠪᠠ
ᠨᠡᠶᠢᠲᠡᠯᠡᠭᠰᠡᠨ ᠴᠠᠭ᠄
2024/7/4
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ ᠦᠨᠤ ᠵᠢᠯ ᠤᠨ 1 — 5 ᠳ᠋ᠤᠭᠠᠷ ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠵᠦ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢᠨ ᠳᠤᠮᠳᠠᠴᠢ ᠲᠦᠪᠰᠢᠨ ᠠᠴᠠ 1% ᠲᠠᠪᠠᠪᠠ᠃    ᠦᠨᠤ ᠵᠢᠯ ᠪᠥᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠢᠯᠡᠳᠲᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠵᠤ᠂ ᠠᠵᠤ ᠦᠢᠯᠡᠳᠪᠦᠷᠢ ᠶᠢᠨ ᠴᠢᠨᠠᠷᠯᠢᠭ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃     ᠭᠤᠷᠪᠠᠨ ᠶᠡᠭᠡ ᠲᠦᠷᠦᠯ ᠤᠨ ᠠᠵᠤ ᠦᠢᠯᠡᠳᠪᠦᠷᠢ ᠶᠢᠨ ᠬᠠᠮᠵᠢᠯᠴᠠᠭᠰᠠᠨ ᠬᠥᠭᠵᠢᠯᠲᠡ ᠠᠴᠠ ᠦᠵᠡᠪᠡᠯ᠂ 1 — 5 ᠰᠠᠷ᠎ᠠ ᠳᠤ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ 4.2% ᠢᠶᠠᠷ ᠲᠠᠪᠠᠪᠠ᠃ ᠪᠥᠬᠦ ᠣᠷᠣᠨ ᠤ ᠴᠠᠬᠢᠯᠭᠠᠨ ᠬᠦᠴᠦᠨ ᠤ ᠢᠯᠴᠢ ᠶᠢᠨ ᠬᠦᠴᠦᠨ ᠤ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.8% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 4.6% ᠥᠨᠳᠥᠷ ᠪᠣᠯᠪᠠ︔ ᠪᠥᠬᠦ ᠣᠷᠣᠨ ᠤ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 37 ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ᠂ 26 ᠠᠵᠢᠯ ᠲᠥᠷᠥᠯ ᠤᠨ ᠨᠡᠮᠡᠭᠳᠡᠯ ᠥᠷᠲᠡᠭ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 70.3% ᠪᠣᠯᠣᠨ᠎ᠠ᠃    ᠦᠢᠯᠡᠳᠬᠦ ᠦᠢᠯᠡᠰ ᠤᠨ ᠴᠢᠨᠠᠷᠯᠢᠭ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ 4 ᠳ᠋ᠤᠬᠡᠷ ᠰᠠᠷ᠎ᠠ ᠠᠴᠠ ᠨᠠᠭᠠᠰᠢᠬᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠬᠠᠨᠳᠤᠰᠢ ᠶᠢ ᠦᠷᠭᠦᠯᠵᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠤᠰ ᠲᠤᠰ ᠠᠳᠠᠯᠢ ᠬᠤᠭᠤᠴᠠᠭᠠᠨ ᠤ ᠬᠢ ᠠᠴᠠ 51.3% ᠪᠠ 35.0% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ  ᠠᠴᠠ 44.1% ᠪᠠ 27.8% ᠲᠠᠪᠠᠵᠠᠢ᠃ ᠰᠢᠨ᠎ᠡ ᠪᠦᠲᠦᠭᠡᠭᠳᠡᠬᠦᠨ ᠠᠴᠠ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠨᠡᠷᠡᠨ ᠡᠨᠧᠷᠭᠢ ᠶᠢᠨ ᠳ᠋ᠢᠶᠠᠨ ᡂᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 16.5 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 62.1% ᠪᠠ 97.5% ᠨᠡᠮᠡᠭᠳᠡᠵᠡᠢ᠃    ᠡᠨᠧᠷᠭᠢ ᠶᠢᠨ ᠬᠠᠩᠭᠠᠯᠭ᠎ᠠ ᠠᠴᠠ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 2.8% ᠢᠶᠠᠷ ᠳᠠᠶᠢᠴᠢᠯᠠᠪᠠ᠃    ᠠᠵᠢᠯ ᠲᠥᠷᠥᠯ ᠤᠨ ᠬᠢᠨ᠄ ︽ᠶᠡᠷᠦᠩᠬᠡᠢ ᠳᠤ ᠨᠢ ᠠᠪᠴᠤ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠭᠰᠡᠨ ᠪᠣᠯᠪᠠᠴᠤ ᠨᠡᠮᠡᠭᠳᠡᠯ ᠤᠨ ᠬᠥᠳᠡᠯᠭᠡᠬᠦ ᠬᠦᠴᠦᠨ ᠴᠢᠩᠭ᠎ᠠ ᠪᠢᠰᠢ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠠᠵᠤ ᠠᠬᠤᠶᠢᠯᠠᠯ ᠤᠨ ᠡᠵᠡᠩᠨᠡᠯᠲᠡ ᠳᠤ ᠵᠣᠬᠢᠬᠤ ᠳᠠᠷᠤᠯᠲᠠ ᠣᠷᠣᠰᠢᠵᠤ ᠪᠠᠶᠢᠬᠤ ᠵᠡᠷᠭᠡ ᠠᠰᠠᠭᠤᠳᠠᠯ ᠮᠥᠨ ᠬᠦ ᠲᠤᠯᠭᠠᠷᠠᠵᠤ ᠪᠠᠶᠢᠨ᠎ᠠ᠃ ᠳᠠᠷᠠᠭᠠᠴᠢ ᠪᠠᠷ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢ ᠪᠠᠬᠢᠵᠢᠭᠦᠯᠬᠦ ᠬᠡᠷᠡᠭᠲᠡᠢ︾ ᠬᠡᠵᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号