ᠤᠨᠳᠤᠷᠤᠯᠳᠠ ᠶᠢᠨ ᠨᠣᠷᠮ᠎ᠠ 98% ᠶᠢ ᠲᠠᠪᠠᠭᠠᠳ ᠮᠠᠨ ᠤ ᠤᠷᠤᠨ ᠤ ᠬᠢᠨ ᠲᠦᠷᠤᠬᠦᠤ ᠤᠯᠠᠷᠢᠯ ᠳᠤ 3077 ᠲᠦᠮᠡᠨ ᠪᠤᠳᠠ ᠪᠤᠭ ᠮᠠᠯ ᠤᠨ ᠲᠦᠯ ᠲᠤᠰᠤᠯ᠎ᠠ
ᠨᠡᠶᠢᠲᠡᠯᠡᠭᠰᠡᠨ ᠴᠠᠭ᠄
2024/7/4
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ  ᠬᠢᠨ ᠠᠴᠠ ᠣᠶᠢᠯᠠᠭᠠᠭᠰᠠᠨ ᠢᠶᠠᠷ᠂ ᠲᠦᠷᠤᠬᠦᠤ ᠤᠯᠠᠷᠢᠯ ᠳᠤ᠂ ᠮᠠᠨ ᠤ ᠣᠷᠣᠨ ᠤ ᠪᠤᠳᠠ ᠪᠤᠭ ᠮᠠᠯ ᠤᠨ ᠲᠦᠯ ᠤᠨ ᠤᠨᠳᠤᠷᠤᠯᠳᠠ ᠶᠢᠨ ᠨᠣᠷᠮ᠎ᠠ 3077 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.65% ᠪᠠᠷ ᠨᠡᠮᠡᠭᠳᠡᠨ᠂ ᠲᠥᠯ ᠤᠨ ᠤᠨᠳᠤᠷᠤᠯᠲᠠ ᠶᠢᠨ ᠨᠣᠷᠮ᠎ᠠ 98% ᠶᠢ ᠲᠠᠪᠠᠪᠠ᠃ ᠲᠦᠷᠤᠬᠦᠤ ᠤᠯᠠᠷᠢᠯ ᠳᠤ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 44 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ᠂ ᠡᠭᠦᠨ ᠳᠤ ᠦᠬᠡᠷ ᠤᠨ ᠮᠢᠬ᠎ᠠ᠂ ᠬᠤᠨᠢᠨ ᠤ ᠮᠢᠬ᠎ᠠ ᠲᠣᠰ ᠲᠣᠰ 9.8% ᠪᠠ 4.9% ᠪᠠᠷ ᠨᠡᠮᠡᠭᠳᠡᠪᠡ᠃ 592.5 ᠲᠦᠮᠡᠨ ᠭᠠᠭ᠋ᠠᠢ ᠲᠠᠢ ᠪᠤᠯᠵᠤ᠂ ᠠᠳᠠᠯᠢ ᠬᠤᠭᠤᠴᠠᠭᠠᠨ ᠤ  ᠬᠢ ᠠᠴᠠ 2.6% ᠨᠡᠮᠡᠭᠳᠡᠪᠡ᠃ ᠠᠯᠠᠰᠢᠨ ᠦᠬᠡᠷ 950.1 ᠲᠦᠮᠡ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 7.9% ᠨᠡᠮᠡᠭᠳᠡᠪᠡ᠃ 6947.7 ᠲᠦᠮᠡᠨ ᠬᠤᠨᠢ ᠲᠡᠵᠢᠭᠡᠵᠦ᠂ ᠠᠳᠠᠯᠢ ᠬᠤᠭᠤᠴᠠᠭᠠᠨ ᠤ ᠬᠢ ᠠᠴᠠ 0. 9% ᠨᠡᠮᠡᠭᠳᠡᠪᠡ᠃     ᠲᠥᠯ ᠲᠤᠰᠴᠤ ᠪᠤᠶᠢᠵᠢᠭᠤᠯᠬᠤ ᠪᠣᠯ ᠲᠡᠵᠢᠭᠡᠨ ᠦᠷᠡᠵᠢᠭᠦᠯᠬᠦ ᠦᠢᠯᠡᠰ ᠤᠨ ᠵᠠᠩᠭᠢᠯᠠᠭ᠎ᠠ ᠶᠢᠨ ᠭᠤᠭᠴᠤᠭ᠎ᠠ ᠪᠣᠯᠬᠤ ᠪᠥᠭᠡᠳ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠲᠠᠢ ᠰᠢᠭᠤᠳ ᠬᠤᠯᠪᠣᠭᠳᠠᠵᠤ ᠪᠠᠶᠢᠳᠠᠭ᠃ ᠲᠥᠯ ᠲᠤᠰᠴᠤ ᠪᠤᠶᠢᠵᠢᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ ᠮᠠᠨ ᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ ᠂ ᠮᠠᠯ ᠤᠨ ᠳᠤᠯᠠᠭᠠᠨ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ ᠪᠠ ᠳᠠᠷᠤᠰᠢᠭᠤᠯᠬᠤ ᠲᠦᠬᠦᠬᠡᠷᠤᠮᠵᠢ ᠵᠡᠷᠭᠡ ᠶᠢ ᠲᠡᠰ ᠲᠡᠪᠰᠢᠬᠦᠯᠤᠨ ᠲᠦᠯ ᠲᠤᠰᠬᠤ ᠠᠵᠢᠯ ᠤᠨ ᠠᠮᠤᠷ ᠲᠦᠪᠰᠢᠨ ᠪᠠ ᠡᠬᠡ ᠮᠠᠯ ᠤᠨ ᠲᠠᠷᠭᠤ ᠬᠦᠴᠦ ᠶᠢ ᠬᠠᠮᠠᠭᠠᠯᠠᠬᠤ ᠠᠵᠢᠯ ᠢ ᠪᠦᠲᠦᠮᠵᠢᠲᠡᠶ ᠳᠡᠭᠡᠭᠰᠢᠯᠡᠭᠦᠯᠪᠡ᠃    ᠡᠭᠦᠨ ᠤ ᠬᠠᠮᠲᠤ ᠮᠠᠨ ᠤ ᠣᠷᠣᠨ ᠤ ᠬᠢᠨ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠡᠪᠡᠰᠦ ᠪᠣᠷᠳᠤᠭ᠎ᠠ ᠬᠤᠳᠠᠯᠳᠤᠨ ᠠᠪᠬᠤ ᠠᠷᠭ᠎ᠠ ᠵᠠᠮ ᠲᠠᠢ ᠣᠯᠠᠨ ᠲᠠᠯ᠎ᠠ ᠪᠠᠷ ᠬᠤᠯᠪᠣᠭᠳᠠᠭᠤᠯᠵᠤ᠂ ᠡᠬᠡ ᠮᠠᠯ ᠳᠤ ᠲᠡᠵᠢᠭᠡᠯ ᠨᠥᠬᠦᠪᠦᠷᠢᠯᠡᠬᠦ ᠠᠵᠢᠯ ᠢ ᠰᠠᠶᠢᠲᠤᠷ ᠬᠢᠵᠦ᠂ ᠲᠥᠯ ᠮᠠᠯ ᠤᠨ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠵᠦᠢ ᠵᠣᠬᠢᠰᠲᠠᠢ᠂ ᠬᠠᠩᠭᠠᠯᠭ᠎ᠠ ᠬᠦᠢᠴᠡᠳ ᠪᠠᠶᠢᠬᠤ ᠶᠢ ᠪᠠᠳᠤᠯᠠᠯ᠎ᠠ᠃ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠴᠠᠭ ᠲᠤᠬᠠᠢ ᠳᠤ ᠨᠢ ᠬᠠᠰᠢᠶ᠎ᠠ ᠪᠠᠨ ᠨᠥᠬᠦᠪᠦᠷᠢᠯᠡᠵᠦ᠂ ᠡᠬᠡ ᠮᠠᠯ ᠤᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠲᠥᠯ ᠮᠠᠯ ᠤᠨ ᠤᠨᠳᠤᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ᠂ ᠰᠢᠯᠢᠳᠡᠭ ᠪᠡᠯᠡᠳᠬᠡᠯ ᠡᠬᠡ ᠮᠠᠯ ᠢ ᠰᠣᠩᠭᠤᠵᠤ ᠴᠠᠭ  ᠲᠤ ᠨᠢ ᠲᠣᠬᠢᠷᠠᠭᠤᠯᠤᠨ ᠬᠠᠰᠢᠶ᠎ᠠ ᠶᠢ ᠨᠢ ᠨᠦᠬᠦᠪᠤᠷᠢᠯᠡᠬᠦᠯᠪᠡ᠃ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠬᠠᠰᠢᠶ᠎ᠠ ᠰᠠᠷᠠᠪᠴᠢ ᠬᠠᠰᠢᠶᠠᠯᠠᠨ ᠠᠷᠢᠭᠤᠳᠬᠠᠬᠤ ᠠᠵᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠡᠷᠤᠭᠡ ᠳᠤ ᠪᠠᠲᠤ ᠪᠠᠬᠢ ᠮᠡᠷᠭᠡᠵᠢᠯ ᠤᠨ ᠪᠠᠲᠤᠯᠠᠭ᠎ᠠ ᠶᠢ ᠬᠠᠨᠭ᠍ᠭᠠᠬᠰᠠᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号