ᠳᠤᠮᠳᠠᠳᠤ ᠤᠯᠤᠰ ᠤᠨ 2024 ᠣᠨ ᠤ ᠵᠠᠭᠤᠨ ᠬᠦᠴᠦᠷᠬᠡᠭ ᠰᠢᠶᠠᠨ ᠤ ᠨᠡᠷᠡᠰ ᠤᠨ ᠵᠢᠭᠰᠠᠭᠠᠯᠲᠠ ᠶᠢ 5 | ᠰᠠᠷ᠎ᠠ ᠶᠢᠨ 6 ᠤ ᠡᠳᠤᠷ ᠨᠡᠶᠢᠳᠡᠯᠡᠬᠦ ᠳᠤ ᠮᠠᠨ ᠤ ᠤᠷᠤᠨ ᠤ ᠣᠷᠳᠣᠰ ᠬᠤᠲᠠ ᠶᠢᠨ ᠵᠡᠭᠦᠨᠭᠠᠷ ᠬᠤᠰᠢᠭᠤ᠂ ᠡᠵᠡᠨ | ᠬᠤᠷᠤᠭ᠎ᠠ ᠬᠤᠰᠢᠭᠤ᠂ ᠦᠦᠰᠢᠨ ᠬᠤᠰᠢᠭᠤ ᠨᠡᠷᠡᠰ ᠤᠨ ᠵᠢᠭᠰᠠᠭᠠᠯᠲᠠ ᠳᠤ ᠣᠷᠣᠪᠠ᠃ | 2023 ᠣᠨ ᠳᠤ ᠵᠡᠭᠦᠨᠭᠠᠷ ᠬᠤᠰᠢᠭᠤᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ | ᠥᠷᠲᠡᠭ 1400.26 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 9.7% ᠪᠠᠶᠢᠵᠤ᠂ | ᠵᠠᠭᠤᠨ ᠬᠦᠴᠦᠷᠬᠡᠭ ᠰᠢᠶᠠᠨ ᠤ GDP ᠶᠢᠨ ᠳᠣᠲᠣᠷ᠎ᠠ 29 ᠳ᠋ᠤᠭᠠᠷ ᠲᠤ ᠵᠢᠭᠰᠠᠭᠠᠭᠳᠠᠵᠠᠢ᠃ ᠡᠵᠡᠨ ᠬᠤᠷᠤᠭ᠎ᠠ | ᠬᠤᠰᠢᠭᠤᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ 1220.9 ᠳ᠋ᠦᠩᠰᠢᠭᠤᠷ | ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 3.5%᠂ ᠵᠠᠭᠤᠨ ᠬᠦᠴᠦᠷᠬᠡᠭ ᠰᠢᠶᠠᠨ ᠤ GDP ᠶᠢᠨ | ᠳᠣᠲᠣᠷ᠎ᠠ 41 ᠳ᠋ᠦᠭᠡᠷ ᠲᠤ ᠵᠢᠭᠰᠠᠭᠠᠭᠳᠠᠵᠠᠢ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ | ᠲᠠᠯ᠎ᠠ ᠪᠠᠷ᠂ ᠵᠡᠭᠦᠨᠭᠠᠷ ᠬᠤᠰᠢᠭᠤ 173.3 ᠳ᠋ᠦᠩᠰᠢᠭᠤᠷ ᠲᠥᠭᠦᠷᠢᠭ ᠢᠶᠠᠷ 7 ᠳ᠋ᠤᠭᠠᠷ ᠲᠤ ᠵᠢᠭᠰᠠᠭᠠᠭᠳᠠᠵᠤ᠂ | ᠡᠵᠡᠨ ᠬᠤᠷᠤᠭ᠎ᠠ ᠬᠤᠰᠢᠭᠤ 154.23 ᠳ᠋ᠦᠩᠰᠢᠭᠤᠷ ᠲᠥᠭᠦᠷᠢᠭ ᠢᠶᠠᠷ 9 ᠳ᠋ᠤᠭᠠᠷ ᠲᠤ ᠵᠢᠭᠰᠠᠭᠠᠭᠳᠠᠵᠤ᠂ | ᠦᠦᠰᠢᠨ ᠬᠤᠰᠢᠭᠤ 50.92 ᠳ᠋ᠦᠩᠰᠢᠭᠤᠷ ᠲᠥᠭᠦᠷᠢᠭ ᠢᠶᠠᠷ 86 ᠳ᠋ᠤᠭᠠᠷ ᠲᠤ ᠵᠢᠭᠰᠠᠭᠠᠭᠳᠠᠵᠠᠢ᠃ 2023 | ᠣᠨ ᠳᠤ ᠵᠡᠭᠦᠨᠭᠠᠷ ᠬᠤᠰᠢᠭᠤᠨ ᠤ 69 ᠭᠤᠣᠯᠳᠠᠯᠭ᠎ᠠ ᠲᠠᠢ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠠᠶᠢᠭᠤᠯᠵᠤ᠂ | 300 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ ᠪᠦᠬᠦ ᠤᠯᠤᠰ ᠤᠨ ᠠᠩᠬᠠᠳᠠᠭᠴᠢ | ᠲᠦᠮᠡᠨ ᠲᠣᠨ ᠤ ᠲᠡᠰ ᠤᠨ ᠰᠢᠨ᠎ᠡ ᠡᠨᠧᠷᠭᠢ ᠶᠢᠨ ᠤᠰᠤᠲᠥ᠋ᠷᠥᠭᠴᠢ ᠶᠢ ᠦᠢᠯᠡᠳᠬᠦ ᠲᠦᠷᠦᠯ ᠵᠦᠢᠯ | ᠠᠮᠵᠢᠯᠲᠠ ᠲᠠᠢ ᠪᠠᠷ ︽ᠤᠰᠤᠲᠥ᠋ᠷᠥᠭᠴᠢ︾ ᠶᠢ ᠭᠠᠷᠭᠠᠵᠤ᠂ ᠢᠦᠢ ᠵᠢᠩ ᠰᠢᠯ ᠤᠨ ᠨᠢᠭᠡᠳᠦᠭᠡᠷ ᠬᠤᠭᠤᠴᠠᠭ᠎ᠠ᠂ ︽ | ᠶᠤᠸᠠᠨ ᠵᠢᠩ︾ 5 ᠵᠢᠸ᠎ᠠ ᠰᠠᠯᠬᠢᠨ ᠬᠦᠴᠦᠨ ᠤ ᠮᠠᠰᠢᠨ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠪᠠ᠃ ᠪᠦᠬᠦ ᠵᠢᠯ ᠳᠤ 3.65 ᠳ᠋ᠦᠩᠰᠢᠭᠤᠷ ᠲᠣᠨ ᠨᠡᠭᠦᠷᠡᠰᠦ ᠶᠢ ᠪᠣᠷᠣᠯᠠᠭᠤᠯᠵᠤ᠂ | 480 ᠳ᠋ᠦᠩᠰᠢᠭᠤᠷ ᠭᠷᠡᠳᠦ᠋ᠰ ᠤᠨ ᠴᠠᠬᠢᠯᠭᠠᠨ ᠭᠠᠷᠭᠠᠵᠤ᠂ 25 ᠮᠤᠵᠢ ᠣᠷᠣᠨ ᠬᠤᠳᠠ ᠶᠢᠨ ᠡᠨᠧᠷᠭᠢ ᠶᠢᠨ | ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠪᠠ᠃ | 2023 ᠣᠨ ᠳᠤ ᠡᠵᠡᠨ ᠬᠤᠷᠤᠭ᠎ᠠ ᠬᠤᠰᠢᠭᠤᠨ ᠳᠤ 2.03 ᠳ᠋ᠦᠩᠰᠢᠭᠤᠷ ᠲᠣᠨ ᠨᠡᠭᠦᠷᠡᠰᠦ | ᠦᠢᠯᠡᠳᠪᠦᠷᠢᠯᠡᠵᠦ ᠪᠣᠷᠣᠯᠠᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 13.7 ᠳ᠋ᠦᠩᠰᠢᠭᠤᠷ | ᠭᠷᠡᠳᠦ᠋ᠰ ᠲᠤ ᠬᠦᠷᠴᠦ᠂ 104% ᠪᠠᠷ ᠨᠡᠮᠡᠭᠳᠡᠪᠡ᠃ ᠪᠥᠬᠦ ᠵᠢᠯ ᠳᠤ 10 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 22 ᠬᠡᠷᠡᠭᠵᠢᠭᠦᠯᠵᠦ᠂ ︽ᠯᠦᠩ ᠵᠢᠢ︾᠂ ︽ᠬᠤᠸᠠ ᠵᠢᠩ︾ ︽ | ᠵᠢᠶᠧ ᠴᠢᠩ︾ ᠵᠡᠷᠭᠡ ᠴᠢᠬᠤᠯᠠ ᠶᠡᠭᠡ ᠦᠢᠯᠡᠳᠬᠦ ᠦᠢᠯᠡᠰ ᠤᠨ ᠲᠥᠷᠥᠯ ᠵᠦᠢᠯ ᠢ ᠵᠠᠯᠭᠠᠭ᠎ᠠ ᠪᠠᠷ ᠪᠠᠷᠢᠯᠭ᠎ᠠ | ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ 200 | ᠳ᠋ᠦᠩᠰᠢᠭᠤᠷ ᠲᠥᠭᠦᠷᠢᠭ ᠲᠤ ᠬᠥᠷᠪᠡ᠃ ᠵᠡᠭᠦᠨᠭᠠᠷ ᠬᠤᠰᠢᠭᠤ ᠪᠣᠯᠣᠨ ᠡᠵᠡᠨ ᠬᠤᠷᠤᠭ᠎ᠠ ᠬᠤᠰᠢᠭᠤ ᠪᠦᠬᠦ | ᠤᠯᠤᠰ ᠤᠨ ᠵᠠᠭᠤᠨ ᠬᠦᠴᠦᠷᠬᠡᠭ ᠰᠢᠶᠠᠨ ᠤ ᠨᠡᠷᠡᠰ ᠤᠨ ᠵᠢᠭᠰᠠᠭᠠᠯᠲᠠ ᠳᠤ ᠤᠯᠠᠨᠳᠠ ᠤᠷᠤᠵᠤ ᠪᠠᠶᠢᠨ᠎ᠠ᠃ | ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠪᠣᠯᠤᠭᠰᠠᠨ ᠤ ᠬᠤᠪᠢ ᠳᠤ ᠦᠦᠰᠢᠨ ᠬᠤᠰᠢᠭᠤᠨ ᠤ ᠬᠢᠨ | ᠦᠨᠤ ᠵᠢᠯ ᠤᠨ ᠲᠦᠷᠤᠬᠦᠤ ᠤᠯᠠᠷᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 113.8 | ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 289.9% ᠪᠠᠷ ᠨᠡᠮᠡᠭᠳᠡᠨ᠂ ᠣᠷᠳᠣᠰ ᠬᠤᠲᠠ ᠳᠤ ᠲᠡᠷᠢᠬᠦᠯᠡᠪᠡ᠃ ᠥᠪᠥᠷ | ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠢ ᠰᠤᠳᠤᠯᠬᠤ ᠭᠠᠵᠠᠷ ᠤᠨ ᠳᠡᠳ᠋ | ᠳᠠᠷᠤᠭ᠎ᠠ ᠯᠢ ᠶᠢᠩ᠄ ︽ᠤᠷᠴᠢᠮ ᠤᠨ ᠵᠢᠯ ᠡᠨᠡ ᠭᠤᠷᠪᠠᠨ ᠬᠤᠰᠢᠭᠤ ᠰᠢᠶᠠᠨ ᠤ ᠠᠵᠤ ᠠᠬᠤᠢ ᠶᠢᠨ ᠪᠦᠲᠦᠴᠡ ᠶᠢᠨ | ᠲᠠᠯ᠎ᠠ ᠪᠠᠷ ᠲᠠᠰᠤᠷᠠᠯᠲᠠ ᠦᠭᠡᠢ ᠰᠢᠯᠢᠳᠡᠭᠵᠢᠵᠦ᠂ ᠠᠵᠤ ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠨᠠᠩ | ᠪᠠᠲᠤᠳᠬᠠᠨ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠡᠯᠪᠡᠷᠢ ᠶᠢ ᠬᠥᠭᠵᠢᠭᠦᠯᠬᠦ ᠶᠢ | ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠂ ᠡᠨᠡ ᠨᠢ ᠰᠢᠶᠠᠨ ᠤ ᠬᠡᠪᠴᠢᠶᠡᠨ ᠤ ᠡᠬᠢ ᠪᠠᠶᠠᠯᠢᠭ ᠤᠨ ᠡᠬᠢ | ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ | ᠳᠠᠯᠳᠠ ᠬᠦᠴᠦᠨ ᠢ ᠪᠠᠳᠠᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠣᠬᠢᠷᠲᠤᠯ ᠦᠭᠡᠢ | ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠵᠤ ᠶᠠᠷᠢᠵᠠᠢ᠃ |