ᠮᠠᠨ ᠤ ᠤᠷᠤᠨ ᠤ ᠬᠢᠨ 11 ᠲᠥᠷᠥ ᠶᠢᠨ ᠪᠣᠳᠣᠯᠭ᠎ᠠ ᠪᠠᠷ ᠡᠪᠡᠰᠦᠨ ᠤ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/4
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠰᠦ ᠮᠢᠬ᠎ᠠ ᠨᠣᠯᠤᠤᠷ ᠤᠨ ᠠᠵᠤ ᠦᠢᠯᠡᠰ ᠤᠨ ᠪᠣᠬᠢᠷᠲᠤᠯ ᠥᠬᠡᠶ ᠡᠷᠡᠭᠦᠯ ᠬᠦᠭᠵᠢᠯᠳᠡ ᠶᠢ ᠪᠠᠳᠤᠯᠠᠵᠤ᠂ ᠮᠠᠨ ᠤ ᠤᠷᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠢᠨ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ︵︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠭᠡᠵᠦ ᠲᠤᠪᠴᠢᠯᠠᠶ᠎ᠠ︶ ᠶᠢ ᠳᠠᠷᠤᠮᠠᠯᠯᠠᠨ ᠲᠠᠷᠬᠠᠭᠠᠪᠠ᠃    ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠳᠤ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ᠂ ᠡᠭᠦᠯᠳᠡᠷ ᠪᠤᠶᠢᠵᠢᠭᠤᠯᠬᠤ ᠶᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ᠂ ᠡᠪᠡᠰᠦ ᠪᠣᠷᠳᠤᠭ᠎ᠠ ᠶᠢᠨ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠵᠡᠷᠭᠡ ᠲᠠᠯ᠎ᠠ ᠪᠠᠷ 11 ᠵᠦᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠪᠠ᠃ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠪᠠ ᠬᠢᠨᠠᠨ ᠲᠣᠭᠲᠠᠭᠠᠬᠤ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠵᠢᠯ ᠪᠦᠷᠢ ᠶᠢᠨ ᠴᠤᠭᠯᠠᠭᠤᠯᠤᠭᠰᠠᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ 2000 ᠬᠤᠪᠢ ᠠᠴᠠ ᠳᠤᠲᠠᠭᠤ ᠦᠭᠡᠢ ᠪᠠᠶᠢᠯᠭᠠᠵᠤ᠂ ᠬᠢᠨᠠᠨ ᠲᠣᠭᠲᠠᠭᠠᠵᠤ ᠦᠨᠡᠯᠡᠬᠦ ᠶᠢ 1000 ᠬᠤᠪᠢ ᠠᠴᠠ ᠳᠤᠲᠠᠭᠤ ᠦᠭᠡᠢ ᠪᠠᠶᠢᠯᠭᠠᠵᠤ᠂ ᠮᠠᠨ ᠤ ᠣᠷᠣᠨ ᠳᠤ ᠪᠥᠬᠦ ᠤᠯᠤᠰ ᠤᠨ ᠲᠡᠷᠢᠭᠦᠨ ᠲᠠᠰ ᠤᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠪᠡᠰᠦᠨ ᠤ ᠦᠷ᠎ᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠨᠥᠬᠦᠪᠦᠷᠢᠯᠡᠬᠦ ᠠᠷᠭ᠎ᠠ ᠪᠠᠷ 300 ᠮᠤ᠋  ᠠᠴᠠ ᠳᠡᠭᠡᠭᠰᠢ ᠰᠢᠨ᠎ᠡ ᠪᠠᠷ ᠪᠠᠶᠢᠭᠤᠯᠤᠭᠰᠠᠨ ᠲᠦᠪᠯᠡᠷᠡᠩᠭᠦᠢ ᠡᠪᠡᠰᠦᠨ ᠤ ᠦᠷ᠎ᠡ ᠶᠢᠨ ᠲᠠᠷᠢᠰᠢᠨ ᠭᠠᠵᠠᠷ ᠲᠤ ᠨᠢᠭᠡ ᠯᠨ ᠤᠳᠠᠭ᠎ᠠ 500 ᠲᠥᠭᠦᠷᠢᠭ / ᠮᠤ᠋ ᠶᠢᠨ ᠨᠥᠬᠦᠪᠦᠷᠢ ᠥᠭᠴᠦ᠂ ᠬᠤᠶᠢᠰᠢᠳᠠ ᠦᠷᠭᠦᠯᠵᠢᠯᠡᠨ ᠦᠢᠯᠡᠳᠪᠦᠷᠢᠯᠡᠬᠦ ᠶᠢᠨ ᠬᠠᠮᠲᠤ ᠵᠣᠬᠢᠬᠤ ᠤᠨᠠᠯᠲᠠ ᠶᠢᠨ ᠬᠡᠮᠵᠢᠶ᠎ᠡ ᠳᠤ ᠬᠥᠷᠥᠭᠰᠡᠨ ᠪᠣᠯ ᠵᠢᠯ ᠪᠦᠷᠢ 200 ᠲᠥᠭᠦᠷᠢᠭ / ᠮᠤ᠋ ᠶᠢᠨ ᠪᠠᠲᠤᠳᠬᠠᠨ ᠳᠡᠭᠡᠭᠰᠢᠯᠡᠭᠦᠯᠬᠦ ᠨᠥᠬᠦᠪᠦᠷᠢ ᠣᠯᠭᠤᠨ᠎ᠠ᠃ ᠡᠪᠡᠰᠦ ᠪᠣᠷᠳᠤᠭ᠎ᠠ ᠳᠠᠷᠢᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠪᠡᠯᠴᠢᠬᠡᠷ ᠡᠪᠡᠰᠦ ᠶᠢ ᠬᠥᠮᠥᠨ ᠤ ᠬᠦᠴᠦ ᠪᠠᠷ ᠳᠠᠷᠢᠬᠤ ᠶᠢ ᠳᠡᠮᠵᠢᠵᠦ᠂ ᠬᠠᠷᠢᠴᠠᠩᠭᠤᠢ ᠪᠠᠷ ᠲᠦᠪᠯᠡᠷᠡᠭᠰᠡᠨ ᠪᠥᠭᠡᠳ ᠪᠠᠷᠢᠮᠵᠢᠶᠠᠵᠢᠭᠤᠯᠤᠨ ᠳᠠᠷᠢᠭᠰᠠᠨ 200 ᠮᠦ ᠠᠴᠠ ᠳᠡᠭᠡᠭᠰᠢᠬᠢ ᠪᠡᠯᠴᠢᠬᠡᠷ ᠡᠪᠡᠰᠦ ᠶᠢ ᠬᠥᠮᠥᠨ ᠤ ᠬᠦᠴᠦ ᠪᠠᠷ ᠳᠠᠷᠢᠬᠤ ᠳᠤ ᠮᠦ ᠪᠦᠷᠢ ᠳᠤ ᠭᠤᠷᠪᠠᠨ ᠵᠢᠯ ᠬᠤᠪᠢᠶᠠᠨ 1000 ᠲᠥᠭᠦᠷᠢᠭ ᠤᠨ ᠨᠥᠬᠦᠪᠦᠷᠢ ᠣᠯᠭᠤᠨ᠎ᠠ᠃ ᠲᠡᠵᠢᠭᠡᠯ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ ᠳᠠᠷᠢᠬᠤ ᠶᠢ ᠳᠡᠮᠵᠢᠵᠦ᠂ ᠬᠠᠷᠢᠴᠠᠩᠭᠤᠢ ᠲᠦᠪᠯᠡᠷᠡᠭᠰᠡᠨ᠂ ᠪᠠᠷᠢᠮᠵᠢᠶᠠᠵᠢᠭᠤᠯᠤᠨ ᠳᠠᠷᠢᠭᠰᠠᠨ 300 ᠮᠦ ᠠᠴᠠ ᠳᠡᠭᠡᠭᠰᠢᠬᠢ ᠲᠡᠵᠢᠭᠡᠯ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ ᠡᠪᠡᠰᠦᠨ ᠲᠠᠷᠢᠶᠠᠨ ᠳᠤ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ 100 ᠲᠥᠭᠦᠷᠢᠭ / ᠮᠦ ᠳᠤ ᠬᠦᠷᠴᠦ᠂ ᠡᠭᠦᠨ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 70% ᠶᠢᠨ ᠨᠥᠬᠦᠪᠦᠷᠢ ᠥᠭᠴᠦ᠂ ᠠᠶᠢᠮᠠᠭ ᠬᠤᠲᠠ ᠨᠢ 30% ᠶᠢᠨ ᠢᠵᠢ ᠪᠦᠷᠢᠳᠦᠭᠦᠯᠦᠨ᠎ᠡ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号