ᠦᠷᠡᠴᠢᠯᠡᠬᠦ ᠲᠦᠷᠦ ᠶᠢᠨ ᠪᠣᠳᠣᠯᠭ᠎ᠠ ᠶᠢᠨ ᠲᠤᠬᠠᠢ ᠠᠰᠠᠭᠤᠯᠲᠠ ᠬᠠᠷᠢᠭᠤᠯᠲᠠ ︵ᠳᠥᠷᠪᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2024/7/4
    ᠨᠢᠭᠡ᠂ ᠶᠠᠮᠠᠷ ᠶᠠᠮᠠᠷ ᠬᠥᠮᠥᠨ ᠦᠷᠡᠴᠢᠯᠡᠭᠳᠡᠵᠤ ᠪᠤᠯᠬᠤ ᠪᠤᠢ︖     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠵᠠᠭᠤ ᠶᠡᠷᠡᠨ ᠭᠤᠷᠪᠠᠳᠤᠭᠠᠷ ᠵᠦᠢᠯ ᠳᠤ ᠲᠠᠷᠠᠭ᠎ᠠ ᠪᠠᠷ ᠵᠢᠭᠰᠠᠭᠠᠭᠰᠠᠨ ᠨᠠᠰᠤᠨ ᠳᠤ ᠤᠶᠢᠯᠦ ᠬᠦᠷᠦᠭᠰᠡᠦᠠ ᠢ ᠡᠷᠭᠦᠨ ᠲᠡᠵᠢᠭᠡᠵᠦ ᠪᠣᠯᠣᠨ᠎ᠠ ᠭᠡᠵᠦ ᠲᠣᠭᠲᠠᠭᠠᠪᠠ᠄     ︵ᠨᠢᠭᠡ︶ ᠡᠴᠢᠭᠡ ᠡᠬᠡ ᠪᠠᠨ ᠠᠯᠳᠠᠭᠰᠠᠨ ᠥᠨᠥᠴᠢᠨ ᠬᠡᠦᠬᠡᠳ᠃     ︵ᠬᠤᠶᠠᠷ︶ ᠲᠦᠷᠦᠭᠰᠡᠨ ᠡᠴᠢᠭᠡ ᠡᠬᠡ ᠪᠠᠨ ᠡᠷᠢᠵᠦ ᠣᠯᠬᠤ ᠤᠶᠢᠭᠡᠢ ᠨᠠᠰᠤᠨ ᠳᠤ ᠤᠶᠢᠯᠦ ᠬᠦᠷᠦᠭᠰᠡᠦᠠ᠃    ︵ᠭᠤᠷᠪᠠ︶ ᠲᠦᠷᠦᠭᠰᠡᠨ ᠡᠴᠢᠭᠡ ᠡᠬᠡ ᠨᠢ ᠣᠨᠴᠠᠭᠠᠶ ᠬᠦᠴᠢᠷᠳᠡᠯ ᠲᠠᠢ ᠠᠴᠠ ᠪᠣᠯᠵᠤ ᠠᠰᠠᠷᠠᠨ ᠲᠡᠵᠢᠭᠡᠬᠦ ᠴᠢᠳᠠᠯ ᠤᠶᠢᠭᠡᠢ ᠪᠣᠯᠤᠭᠰᠠᠨ ᠦᠷ᠎ᠡ ᠬᠡᠦᠬᠡᠳ᠃ ᠡᠭᠦᠨ ᠤ ᠬᠠᠮᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾  ᠤᠨ ᠵᠠᠭᠤ ᠶᠡᠷᠡ ᠶᠢᠰᠦᠳᠦᠭᠡᠷ ᠵᠦᠢᠯ ᠪᠠ ᠵᠠᠭᠤ ᠭᠤᠷᠪᠠᠳᠤᠭᠠᠷ ᠵᠦᠢᠯ ᠳᠤ ᠪᠠᠰᠠ ᠭᠤᠷᠪᠠᠨ ᠦᠶ᠎ᠡ ᠶᠢᠨ ᠳᠣᠲᠣᠷᠠᠬᠢ ᠦᠶᠡᠯᠢᠳ ᠬᠠᠶᠠᠯᠢᠳ ᠤᠳᠤᠮ ᠨᠢᠭᠡᠲᠡᠢ ᠴᠢᠰᠤᠨ ᠲᠦᠷᠦᠯ ᠤᠨ ᠦᠷ᠎ᠡ ᠬᠡᠦᠬᠡᠳ ᠪᠠ ᠳᠠᠭᠠᠭᠤᠯᠢ ᠦᠷ᠎ᠡ ᠬᠡᠦᠬᠡᠳ ᠢ ᠡᠷᠭᠦᠨ ᠲᠡᠵᠢᠭᠡᠬᠦ ᠲᠤᠬᠠᠢ ᠲᠤᠰ ᠲᠤᠰ ᠲᠣᠭᠲᠠᠭᠠᠯ ᠭᠠᠷᠭᠠᠵᠠᠢ᠃      ᠬᠤᠶᠠᠷ᠂ ᠦᠷᠡᠴᠢᠯᠡᠭᠳᠡᠭᠴᠢ ᠨᠠᠰᠤᠨ ᠤ ᠬᠢᠵᠠᠭᠠᠷ ᠲᠠᠢ ᠦᠦ︖    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠤ ᠦᠷᠡᠴᠢᠯᠡᠭᠳᠡᠭᠴᠢ ᠨᠢ ᠨᠠᠰᠤᠨ ᠳᠤ ᠤᠶᠢᠯᠦ ᠬᠦᠷᠦᠭᠰᠡᠦᠠ᠂ ᠲᠤᠬᠠᠶᠢᠯᠠᠪᠠᠯ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠡᠦᠬᠡᠳ ᠪᠠᠶᠢᠬᠤ ᠬᠡᠷᠡᠭᠲᠡᠢ ᠭᠡᠵᠦ ᠲᠣᠭᠲᠠᠭᠠᠵᠠᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠤ᠂ ᠭᠤᠷᠪᠠᠨ ᠦᠶ᠎ᠡ ᠶᠢᠨ ᠳᠣᠲᠣᠷᠠᠬᠢ ᠦᠶᠡᠯᠢᠳ ᠬᠠᠶᠠᠯᠢᠳ ᠤᠳᠤᠮ ᠨᠢᠭᠡᠲᠡᠢ ᠴᠢᠰᠤᠨ ᠲᠦᠷᠦᠯ ᠤᠨ ᠢᠶᠠᠨ ᠦᠷ᠎ᠡ ᠬᠡᠦᠬᠡᠳ ᠪᠠ ᠳᠠᠭᠠᠭᠤᠯᠢ ᠦᠷ᠎ᠡ ᠬᠡᠦᠬᠡᠳ ᠢ ᠦᠷᠡᠴᠢᠯᠡᠬᠦ ᠳᠤ ᠦᠷᠡᠴᠢᠯᠡᠭᠳᠡᠭᠴᠢ ᠶᠢᠨ ᠲᠦᠷᠦᠭᠰᠡᠨ ᠡᠴᠢᠭᠡ ᠡᠬᠡ ᠨᠢ ᠣᠨᠴᠠᠭᠠᠶ ᠬᠦᠴᠢᠷᠳᠡᠯ ᠲᠠᠢ ᠠᠴᠠ ᠪᠣᠯᠣᠭᠠᠳ ᠠᠰᠠᠷᠠᠨ ᠲᠡᠵᠢᠭᠡᠬᠦ ᠴᠢᠳᠠᠯ ᠦᠭᠡᠢ ᠦᠷ᠎ᠡ ᠬᠡᠦᠬᠡᠳ ᠪᠣᠯᠬᠤ ᠵᠡᠷᠭᠡ ᠨᠥᠬᠦᠴᠡᠯ ᠳᠤ ᠬᠢᠵᠠᠭᠠᠷᠯᠠᠭᠳᠠᠬᠤ ᠦᠭᠡᠢ ᠪᠠᠶᠢᠵᠤ ᠪᠣᠯᠣᠨ᠎ᠠ ᠭᠡᠵᠦ ᠲᠣᠭᠲᠠᠭᠠᠭᠰᠠᠨ ᠪᠣᠯᠪᠠᠴᠤ ᠦᠷᠡᠴᠢᠯᠡᠭᠳᠡᠭᠴᠢ ᠶᠢᠨ ᠨᠠᠰᠤ ᠨᠢ ᠪᠦᠬᠦᠯᠢ ᠠᠷᠪᠠᠨ ᠨᠠᠢᠮᠠᠨ ᠨᠠᠰᠤ ᠠᠴᠠ ᠬᠡᠲᠦᠷᠡᠵᠦ ᠪᠣᠯᠣᠨ᠎ᠠ ᠭᠡᠵᠦ ᠲᠣᠭᠲᠠᠭᠠᠭᠰᠠᠨ ᠦᠭᠡᠢ ᠶᠤᠮ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠤ ᠦᠷᠡᠴᠢᠯᠡᠭᠳᠡᠭᠴᠢ ᠶᠢ ᠨᠠᠰᠤᠨ ᠳᠤ ᠦᠯᠤ ᠬᠥᠷᠦᠭᠰᠡᠳ ︵ᠪᠦᠬᠦᠯᠢ ᠠᠷᠪᠠᠨ ᠨᠠᠢᠮᠠᠨ ᠨᠠᠰᠤᠨ ᠠᠴᠠ ᠳᠣᠭᠤᠭᠰᠢ︶ ᠢᠶᠠᠷ ᠬᠢᠵᠠᠭᠠᠷᠯᠠᠵᠤ᠂ ᠦᠷᠡᠴᠢᠯᠡᠭᠳᠡᠭᠴᠢ ᠶᠢᠨ ᠬᠦᠷᠢᠶ᠎ᠡ ᠬᠡᠪᠴᠢᠶ᠎ᠡ ᠶᠢ ᠶᠡᠭᠡ ᠪᠠᠷ ᠳᠡᠭᠡᠭᠰᠢᠯᠡᠭᠦᠯᠦᠭᠡᠳ᠂ ᠦᠷᠡᠴᠢᠯᠡᠭᠳᠡᠭᠴᠢ ᠶᠢᠨ ᠨᠥᠬᠦᠴᠡᠯ ᠳᠤ ᠨᠡᠶᠢᠴᠡᠬᠦ ᠮᠥᠷᠲᠡᠭᠡᠨ ᠦᠷᠡᠴᠢᠯᠡᠬᠦ ᠬᠦᠰᠡᠯ ᠲᠠᠢ ᠭᠡᠷ ᠪᠦᠯᠢ ᠳᠤ ᠬᠠᠤᠯᠢ ᠴᠠᠭᠠᠵᠠ ᠶᠢᠨ ᠦᠨᠳᠦᠰᠦ ᠪᠠᠷᠢᠮᠲᠠ ᠬᠠᠩᠭᠠᠵᠤ᠂ ᠦᠷᠡᠴᠢᠯᠡᠭᠳᠡᠭᠴᠢ ᠳᠤ ᠬᠠᠮᠤᠭ ᠤᠨ ᠠᠰᠢᠭᠲᠠᠢ ᠪᠠᠶᠢᠬᠤ ᠵᠠᠷᠴᠢᠮ ᠢ ᠦᠨᠡᠨ ᠬᠦ ᠪᠠᠷᠢᠮᠲᠠᠯᠠᠵᠠᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号