︽ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠬᠦᠭᠵᠢᠬᠦᠯᠤᠯᠳᠡ ᠶᠢ ᠲᠦᠷᠬᠡᠳᠬᠡᠬᠦ ᠲᠤᠬᠠᠢ ᠬᠡᠷᠡᠭᠵᠢᠭᠦᠯᠬᠦ ᠲᠥᠰᠥᠯ︾ ︵ᠨᠢᠬᠡ︶
ᠨᠡᠶᠢᠲᠡᠯᠡᠭᠰᠡᠨ ᠴᠠᠭ᠄
2024/7/4
    ︽ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠬᠦᠭᠵᠢᠬᠦᠯᠤᠯᠳᠡ ᠶᠢ ᠲᠦᠷᠬᠡᠳᠬᠡᠬᠦ ᠲᠤᠬᠠᠢ ᠬᠡᠷᠡᠭᠵᠢᠭᠦᠯᠬᠦ ᠲᠥᠰᠥᠯ︾ ︵ᠨᠢᠬᠡ︶     ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠢ ᠬᠥᠭᠵᠢᠭᠦᠯᠬᠦ ᠲᠤᠬᠠᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠪᠠᠬᠢᠵᠢᠭᠦᠯᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠥᠯ ᠢ ᠲᠤᠬᠳᠠᠭᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠬᠡ 6 ᠰᠠᠯᠠᠭ᠎ᠠ ᠮᠥᠴᠢᠷ ᠤᠨ ᠬᠢᠨ ᠬᠠᠮᠲᠤᠷᠠᠨ ᠤᠷᠴᠢᠮ ᠳᠤ ︽ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠬᠦᠭᠵᠢᠬᠦᠯᠤᠯᠳᠡ ᠶᠢ ᠲᠦᠷᠬᠡᠳᠬᠡᠬᠦ ᠲᠤᠬᠠᠢ ᠬᠡᠷᠡᠭᠵᠢᠭᠦᠯᠬᠦ ᠲᠥᠰᠥᠯ︾ ︵︽ᠬᠡᠷᠡᠭᠵᠢᠭᠦᠯᠬᠦ ᠲᠥᠰᠥᠯ︾ ᠭᠡᠵᠦ ᠲᠤᠪᠴᠢᠯᠠᠶ᠎ᠠ︶ ᠢ ᠳᠠᠷᠤᠮᠠᠯᠯᠠᠨ ᠲᠠᠷᠬᠠᠭᠠᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠬᠢ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡ ᠶᠢ ᠬᠥᠭᠵᠢᠭᠦᠯᠬᠦ ᠬᠠᠷᠠᠯᠲᠠᠲᠤ ᠡᠭᠦᠷᠭᠡ᠂ ᠭᠤᠣᠯ ᠠᠷᠭ᠎ᠠ ᠪᠠ ᠪᠠᠲᠤᠯᠠᠭ᠎ᠠ ᠶᠢᠨ ᠠᠷᠭ᠎ᠠ ᠵᠡᠷᠭᠡ ᠳᠤ ᠲᠣᠳᠣᠷᠬᠠᠢ ᠲᠣᠬᠢᠷᠠᠭᠤᠯᠤᠯᠲᠠ ᠬᠢᠪᠡ᠃ ᠪᠣᠳᠠᠲᠠᠢ ᠲᠠᠶᠢᠯᠤᠮᠵᠢ ᠨᠢ ᠲᠠᠷᠠᠭᠠᠬᠢ ᠮᠡᠲᠦ᠄     ᠨᠢᠭᠡ᠂ ᠨᠡᠶᠢᠲᠡᠯᠡᠭᠰᠡᠨ ᠠᠬᠤᠢ ᠪᠠᠶᠢᠳᠠᠯ    ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ ᠭᠡᠰᠡᠨ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠨᠠᠰᠤᠵᠢᠯ ᠤᠨ ᠦᠢᠯᠡᠴᠢᠯᠡᠭᠡᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠲᠠᠯ᠎ᠠ ᠪᠠᠷ ᠦᠨᠳᠤᠰᠤᠨ ᠪᠠᠳᠤᠯᠠᠭ᠎ᠠ  ᠶᠢᠨ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠬᠡᠯᠪᠡᠷᠢ ᠪᠦᠬᠦᠢ᠂ ᠤᠯᠠᠨ ᠶᠠᠩᠵᠤ ᠶᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠤᠨ᠂ ᠦᠨᠳᠦᠰᠦᠲᠡᠨ ᠨᠦᠭᠦᠳ ᠤᠨ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠳᠤ ᠪᠠᠷ ᠡᠳ᠋ᠯᠡᠬᠦᠯᠤᠨ᠂ ᠦᠨᠳᠦᠰᠦᠲᠡᠨ ᠨᠦᠭᠦᠳ ᠤᠨ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃    ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠮᠠᠨ ᠤ ᠣᠷᠣᠨ ᠤ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠬᠤᠳᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠲᠦᠷᠭᠡᠨ ᠠᠬᠢᠬᠤ ᠪᠠ ᠨᠠᠰᠤᠵᠢᠯᠳᠠ ᠶᠢᠨ ᠲᠠᠷᠤᠭᠠᠰᠤ ᠡᠳᠦᠷ ᠢᠷᠡᠬᠦᠶ᠎ᠡ ᠬᠦᠨᠳᠦᠷᠡᠬᠦ ᠶᠢ ᠳᠠᠭᠠᠯᠳᠤᠨ᠂ ᠮᠠᠯᠵᠢᠬᠤ ᠣᠷᠣᠨ ᠤ ᠨᠠᠰᠤᠵᠢᠯ  ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠮᠥᠨ ᠴᠦ ᠦᠨᠳᠦᠰᠦᠨ ᠤᠯᠠᠨ ᠨᠡᠶᠢᠲᠡ ᠶᠢᠨ ᠡᠬᠢ ᠪᠠᠶᠠᠯᠢᠭ ᠪᠣᠯᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠦᠷᠭᠦᠯᠵᠢᠯᠡᠭᠦᠯᠬᠦ ᢭ ᠲᠤ ᠪᠡᠷᠬᠡᠲᠡᠢ᠂ ᠭᠡᠷ ᠲᠤ ᠪᠠᠨ ᠰᠠᠭᠤᠵᠤ ᠠᠰᠠᠷᠠᠭᠤᠯᠬᠤ ᠨᠠᠰᠤᠵᠢᠯ ᠤᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠵᠡᠷᠭᠡ ᠬᠦᠨᠳᠦ ᠬᠡᠴᠡᠭᠦᠦ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠰᠤᠳᠤᠯᠬᠤ ᠲᠤᠬᠠᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠮᠠᠯᠵᠢᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号