︽ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠬᠦᠭᠵᠢᠬᠦᠯᠤᠯᠳᠡ ᠶᠢ ᠲᠦᠷᠬᠡᠳᠬᠡᠬᠦ ᠲᠤᠬᠠᠢ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠭᠤᠷᠪᠠ︶
ᠨᠡᠶᠢᠲᠡᠯᠡᠭᠰᠡᠨ ᠴᠠᠭ᠄
2024/7/4
    ᠭᠤᠷᠪᠠ᠂ ᠭᠤᠣᠯ ᠠᠷᠭ᠎ᠠ     ︽ᠬᠡᠷᠡᠭᠵᠢᠭᠦᠯᠬᠦ ᠲᠥᠰᠥᠯ︾ ᠳᠤ ᠬᠤᠰᠢᠭᠤ ᠰᠢᠶᠠᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ ᠥᠷᠭᠡᠳᠬᠡᠵᠦ᠂ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢ ᠢᠳᠡᠪᠬᠢᠲᠡᠢ ᠪᠠᠷ ᠬᠥᠭᠵᠢᠭᠦᠯᠦᠨ᠂ ᠭᠡᠷ ᠪᠦᠯᠢ ᠶᠢᠨ ᠨᠠᠰᠤᠵᠢᠯ ᠤᠨ ᠰᠠᠭᠤᠷᠢ ᠦᠢᠯᠡᠳᠦᠯ ᠢ ᠴᠢᠩᠭᠠᠷᠠᠭᠤᠯᠵᠤ᠂ ᠡᠮᠨᠡᠬᠦ᠂ ᠡᠷᠡᠭᠦᠯᠵᠢᠭᠦᠯᠬᠦ ᠂ ᠰᠤᠪᠢᠯᠠᠬᠤ ᠶᠢ ᠢᠳᠡᠪᠬᠢᠳᠡᠢ ᠤᠶᠠᠯᠳᠤᠭᠤᠯᠵᠤ᠂ ᠮᠠᠯᠵᠢᠬᠤ ᠣᠷᠣᠨ ᠤ ᠣᠶᠤᠨᠲᠤ ᠨᠠᠰᠤᠵᠢᠯ ᠤᠨ ᠦᠢᠯᠡᠴᠢᠯᠡᠭᠡᠨ ᠤ ᠲᠤᠤᠷᠵᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠡᠵᠡᠩᠨᠡᠯᠲᠡ ᠶᠢ ᠳᠡᠮᠵᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠡᠷᠦᠩᠬᠡᠶᠢᠯᠡᠨ ᠬᠢᠨᠠᠨ ᠬᠠᠮᠢᠶᠠᠷᠬᠤ ᠲᠣᠭᠲᠠᠴᠠ ᠶᠢ ᠴᠢᠩᠭᠠᠷᠠᠭᠤᠯᠤᠨ 8 ᠠᠷᠭ᠎ᠠ ᠶᠢ ᠳᠤᠷᠠᠳᠪᠠ᠃     ᠨᠢᠭᠡ ᠳᠤ᠂ ᠬᠤᠰᠢᠭᠤ ᠰᠢᠶᠠᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ ᠲᠡᠰ ᠳᠡᠪᠰᠢᠭᠦᠯᠦᠨ᠎ᠡ᠃ ᠮᠠᠯᠵᠢᠬᠤ ᠣᠷᠣᠨ ᠤ ᠣᠨᠴᠠ ᠬᠦᠴᠢᠷᠳᠡᠯᠲᠡᠢ ᠬᠥᠮᠥᠰ ᠤᠨ ᠲᠤᠭ᠎ᠠ᠂ ᠲᠥᠪᠯᠡᠷᠡᠭᠦᠯᠦᠨ ᠠᠰᠠᠷᠠᠨ ᠲᠡᠵᠢᠭᠡᠬᠦ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠣᠲᠣ ᠶᠢᠨ ᠪᠠᠶᠢᠭ᠎ᠠ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠦᠬᠦᠬᠡᠷᠤᠮᠵᠢ ᠳᠤ ᠴᠢᠬᠤᠯᠠ ᠪᠦᠬᠦᠢ ᠥᠭᠡᠷᠡᠴᠢᠯᠡᠯᠲᠡ ᠬᠢᠵᠦ᠂ ᠬᠠᠮᠢᠶᠠᠷᠤᠯᠲᠠ ᠦᠢᠯᠡᠴᠢᠯᠡᠭᠡᠨ ᠤ ᠬᠥᠮᠥᠰ ᠢ ᠵᠦᠢ ᠵᠣᠬᠢᠰᠲᠠᠢ ᠲᠣᠬᠢᠷᠠᠭᠤᠯᠤᠨ᠂ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡ ᠳᠡᠰ ᠤᠨ ᠦᠨᠡᠯᠡᠨ ᠲᠣᠭᠲᠠᠭᠠᠯᠲᠠ ᠶᠢ ᠬᠤᠶᠠᠳᠤᠭᠠᠷ ᠳᠡᠰ ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠤᠨ᠎ᠠ᠃ ᠮᠠᠯᠵᠢᠬᠤ ᠣᠷᠣᠨ ᠤ ᠬᠤᠰᠢᠭᠤ ︵ᠬᠤᠲᠠ︶ ᠳᠤ ᠪᠡᠶ᠎ᠡ ᠳᠤ ᠪᠠᠨ ᠵᠦᠪ ᠦᠬᠡᠢ ᠬᠦᠮᠦᠰ ᠢ ᠬᠠᠷᠠᠭᠠᠯᠵᠠᠬᠤ ᠪᠠᠷ ᠭᠤᠣᠯ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠶᠢᠭᠤᠯᠬᠤ ᠶᠢ ᠳᠡᠮᠵᠢᠵᠦ᠂ ᠬᠡᠷᠡᠭᠴᠡᠭᠡ ᠪᠠᠨ ᠦᠨᠳᠦᠰᠦᠯᠡᠨ ᠪᠡᠶ᠎ᠡ ᠳᠤ ᠪᠠᠨ ᠵᠦᠪ ᠦᠬᠡᠢ ᠬᠦᠮᠦᠰ ᠢ ᠬᠠᠷᠠᠭᠠᠯᠵᠠᠨ ᠠᠰᠠᠷᠠᠬᠤ ᠲᠤᠰᠬᠠᠢ ᠣᠷᠣᠨ ᠪᠤᠶᠤ ᠲᠠᠨᠢᠨ ᠮᠡᠳᠡᠬᠦᠢ ᠶᠢᠨ ᠰᠠᠭᠠᠳ ᠢ ᠬᠠᠷᠠᠭᠠᠯᠵᠠᠨ ᠠᠰᠠᠷᠠᠬᠤ ᠲᠤᠰᠬᠠᠢ ᠣᠷᠣᠨ ᠪᠠᠶᠢᠭᠤᠯᠵᠤ᠂ ᠮᠠᠯᠵᠢᠬᠤ ᠣᠷᠣᠨ ᠤ ᠪᠡᠶ᠎ᠡ ᠳᠤ ᠪᠠᠨ ᠵᠦᠪ ᠦᠬᠡᠢ ︵ᠤᠬᠠᠭᠠᠨ ᠠᠯᠳᠠᠭᠰᠠᠨ︶ ᠨᠠᠰᠤᠲᠠᠶᠢᠴᠤᠳ ᠤᠨ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠮᠠᠯᠵᠢᠬᠤ ᠣᠷᠣᠨ ᠤ ᠬᠤᠲᠠ ᠳᠤ ᠣᠷᠣᠵᠤ ᠨᠠᠰᠤᠲᠠᠨ ᠢ ᠠᠰᠠᠷᠠᠵᠤ ᠨᠢᠯᠬᠠᠰ ᠢ ᠬᠥᠮᠥᠵᠢᠭᠦᠯᠬᠦ ᠬᠥᠮᠥᠨ ᠤ ᠲᠤᠭ᠎ᠠ ᠵᠡᠷᠭᠡ ᠬᠦᠴᠦᠨ ᠵᠦᠢᠯ ᠢ ᠲᠥᠪᠯᠡᠷᠡᠭᠦᠯᠦᠨ ᠪᠣᠳᠣᠯᠬᠢᠯᠠᠬᠤ ᠶᠢ ᠵᠣᠷᠢᠭᠵᠢᠭᠤᠯᠵᠤ᠂ ︽ᠨᠠᠰᠤᠲᠠᠨ ᠢ ᠠᠰᠠᠷᠠᠬᠤ᠂ ᠨᠢᠯᠬᠠᠰ ᠢ ᠪᠤᠶᠢᠵᠢᠭᠤᠯᠬᠤ᠂ ᠡᠮᠴᠢᠯᠡᠭᠡ᠂ ᠡᠷᠡᠭᠦᠯᠵᠢᠯ ᠰᠤᠪᠢᠯᠠᠯᠲᠠ︾ ᠶᠢ ᠬᠠᠷᠢᠯᠴᠠᠨ ᠤᠶᠠᠯᠳᠤᠭᠤᠯᠤᠭᠰᠠᠨ ᠮᠠᠯᠵᠢᠬᠤ ᠣᠷᠣᠨ ᠤ ᠶᠡᠷᠦᠩᠬᠡᠶᠢᠯᠡᠭᠰᠡᠨ ᠨᠠᠰᠤᠵᠢᠯ ᠤᠨ ᠬᠦᠷᠢᠶᠡᠯᠡᠩ ᠲᠣᠭᠤᠷᠢᠭ ︵ᠨᠠᠰᠤᠲᠠᠶᠢᠴᠤᠳ ᠤᠨ ᠨᠡᠶᠢᠲᠡ ᠶᠢᠨ ᠪᠠᠶᠢᠷᠢ︶  ᠤᠨ ᠪᠦᠲᠦᠭᠡᠨ ᠪᠠᠶᠢᠭᠤᠯᠤᠯᠲᠠ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ︽ᠲᠥᠪᠯᠡᠷᠡᠨ ᠰᠠᠭᠤᠬᠤ᠂ ᠨᠠᠰᠤᠲᠠᠨ ᠢ ᠠᠰᠠᠷᠠᠵᠤ ᠨᠢᠯᠬᠠᠰ ᠢ ᠪᠤᠶᠢᠵᠢᠭᠤᠯᠬᠤ᠂ ᠡᠮᠴᠢᠯᠡᠵᠦ ᠰᠤᠪᠢᠯᠠᠬᠤ᠂ ᠵᠠᠰᠠᠭ ᠤᠨ ᠣᠷᠳᠣᠨ ᠠᠴᠠ ᠲᠡᠳᠬᠦᠬᠦ᠂ ᠣᠯᠠᠨ ᠡᠰᠢᠵᠢᠭᠦᠯᠦᠨ ᠡᠵᠡᠩᠨᠡᠬᠦ︾ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃    ᠬᠤᠶᠠᠷ ᠲᠤ᠂ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ ᠥᠷᠭᠡᠳᠬᠡᠨ᠎ᠡ᠃ ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠰᠤᠮᠤ ᠰᠢᠶᠠᠩ ᠪᠠᠯᠭᠠᠰᠤ ᠳᠤ ᠬᠡᠷᠡᠭᠴᠡᠭᠡ ᠶᠣᠰᠣᠭᠠᠷ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ ᠪᠦᠲᠦᠭᠡᠨ ᠪᠠᠶᠢᠭᠤᠯᠵᠤ᠂ ᠬᠥᠮᠥᠨ ᠠᠮᠠ ᠨᠡᠯᠢᠶᠡᠳ ᠲᠠᠷᠠᠬᠠᠢ ᠪᠠᠶᠢᠭ᠎ᠠ ᠰᠤᠮᠤ ᠰᠢᠶᠠᠩ ᠪᠠᠯᠭᠠᠰᠤ ᠨᠢ ᠣᠶᠢᠷ᠎ᠠ ᠬᠠᠪᠢ ᠶᠢᠨ ᠰᠤᠮᠤ ᠰᠢᠶᠠᠩ ᠪᠠᠯᠭᠠᠰᠤ ᠪᠤᠶᠤ ᠨᠠᠰᠤᠵᠢᠯ ᠤᠨ ᠪᠠᠶᠢᠭᠤᠯᠤᠮᠵᠢ ᠯᠤᠭ᠎ᠠ ᠬᠠᠮᠲᠤᠷᠠᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠦᠬᠦᠯᠢ ᠡᠳᠦᠷ ᠢᠶᠠᠷ ᠨᠠᠶᠢᠳᠠᠨ ᠠᠰᠠᠷᠠᠭᠤᠯᠬᠤ ᠴᠢᠳᠠᠮᠵᠢ ᠶᠢ ᠪᠠᠳᠠᠷᠠᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ ᠡᠬᠢ ᠪᠠᠶᠠᠯᠢᠭ ᠢ ᠡᠮᠬᠢᠯᠡᠨ᠂ ᠮᠠᠯᠵᠢᠬᠤ ᠣᠷᠣᠨ ᠤ ᠨᠡᠭᠦᠳᠡᠯ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠰᠬᠠᠢ ᠠᠩᠭᠢ ︵ᠥᠷᠲᠡᠭᠡ︶ ᠶᠢ ᠵᠣᠬᠢᠶᠠᠨ ᠪᠠᠶᠢᠭᠤᠯᠵᠤ᠂ ︽ᠬᠠᠭᠤᠴᠢᠨ ᠦᠢᠯᠡᠴᠢᠯᠡᠭᠡᠨ ᠤ ᠨᠡᠭᠦᠳᠡᠯ ᠲᠡᠷᠭᠡ︾ ᠪᠣᠯᠣᠨ ᠴᠢᠬᠤᠯᠠ ᠪᠦᠬᠦᠢ ᠨᠠᠰᠤᠲᠠᠨ ᠢ ᠲᠤᠰᠠᠯᠠᠬᠤ ᠲᠥᠬᠦᠭᠡᠷᠦᠮᠵᠢ ᠲᠣᠬᠢᠷᠠᠭᠤᠯᠬᠤ ᠶᠢ ᠳᠡᠮᠵᠢᠵᠦ᠂ ︽ᠭᠠᠳᠠᠭᠰᠢ ᠭᠠᠷᠬᠤ︾᠂ ︽ᠲᠤᠰᠴᠤ ᠠᠪᠴᠢᠷᠠᠬᠤ︾ ᠦᠢᠯᠡᠴᠢᠯᠡᠭᠡᠨ ᠤ ᠵᠠᠭᠪᠤᠷ ᠢ ᠠᠪᠴᠤ᠂ ᠣᠨᠴᠠ ᠶᠠᠳᠠᠭᠤ ᠬᠦᠴᠢᠷᠳᠡᠯᠲᠡᠢ ᠨᠠᠰᠤᠲᠠᠶᠢᠴᠤᠳ ᠢ ᠲᠣᠭᠲᠠᠮᠠᠯ ᠬᠤᠭᠤᠴᠠᠭ᠎ᠠ ᠲᠠᠢ ᠪᠠᠷ ᠠᠰᠠᠷᠠᠨ ᠲᠡᠵᠢᠭᠡᠬᠦ᠂ ᠥᠨᠥᠴᠢᠨ ᠪᠡᠯᠪᠡᠰᠦᠨ᠂ ᠥᠨᠳᠥᠷ ᠨᠠᠰᠤᠲᠠᠢ᠂ ᠭᠡᠷ ᠲᠤ ᠪᠠᠨ ᠬᠤᠴᠣᠷᠤᠭᠰᠠᠨ᠂ ᠭᠠᠭᠴᠠᠭᠠᠷ ᠰᠠᠭᠤᠭ᠎ᠠ᠂ ᠪᠡᠶ᠎ᠡ ᠳᠤ ᠪᠠᠨ ᠵᠦᠪ ᠦᠬᠡᠢ ︵ᠤᠬᠠᠭᠠᠨ ᠠᠯᠳᠠᠭᠰᠠᠨ︶᠂ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠨᠠᠰᠤᠲᠠᠶᠢᠴᠤᠳ ᠢ ᠠᠰᠠᠷᠠᠨ ᠲᠡᠵᠢᠭᠡᠬᠦ ᠵᠡᠷᠭᠡ ᠳᠤ ᠲᠣᠭᠤᠷᠢᠨ ᠶᠠᠪᠤᠵᠤ ᠨᠡᠭᠦᠳᠡᠯ ᠤᠬᠢᠶᠠᠯᠭ᠎ᠠ ᠳᠤ ᠲᠤᠰᠠᠯᠠᠬᠤ᠂ ᠡᠮᠴᠢᠯᠡᠭᠡ ᠳᠤ ᠲᠤᠰᠠᠯᠠᠬᠤ᠂ ᠭᠡᠷ ᠤᠨ ᠶᠠᠪᠤᠳᠠᠯ᠂ ᠡᠷᠡᠭᠦᠯᠵᠢᠯ ᠤᠨ ᠰᠤᠪᠢᠯᠠᠯᠲᠠ ᠵᠡᠷᠭᠡ ᠲᠤᠰᠬᠠᠢ ᠦᠢᠯᠡᠴᠢᠯᠡᠭᠡ ᠶᠢ ᠬᠠᠩᠭᠠᠨ᠎ᠠ᠃ ᠪᠦᠬᠦᠯᠢ ᠡᠳᠦᠷ ᠢᠶᠠᠷ ᠨᠠᠶᠢᠳᠠᠨ ᠠᠰᠠᠷᠠᠭᠤᠯᠬᠤ ᠴᠢᠬᠤᠯᠠᠲᠠᠢ ᠮᠠᠯᠵᠢᠬᠤ ᠣᠷᠣᠨ ᠤ ᠨᠠᠰᠤᠲᠠᠶᠢᠴᠤᠳ ᠢ ᠴᠠᠭ ᠲᠤᠬᠠᠢ ᠳᠤ ᠨᠢ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠲᠤ ᠵᠠᠯᠭᠠᠨ ᠣᠷᠣᠭᠤᠯᠵᠤ᠂ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡᠨ ᠢ ᠥᠷᠨᠢᠭᠦᠯᠬᠦ ᠶᠢᠨ ᠬᠠᠮᠲᠤ ᠭᠠᠴᠠᠭ᠎ᠠ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ᠂ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠦᠢᠯᠡᠴᠢᠯᠡᠭᠡᠨ ᠤ ᠴᠡᠭ ᠲᠤ ᠳᠡᠮᠵᠢᠯᠭᠡ ᠶᠢᠨ ᠦᠢᠯᠡᠴᠢᠯᠡᠭᠡ ᠬᠠᠩᠭᠠᠨ᠎ᠠ᠃     ᠭᠤᠷᠪᠠ ᠳᠤ᠂ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢ ᠢᠳᠡᠪᠬᠢᠲᠡᠢ ᠬᠥᠭᠵᠢᠭᠦᠯᠦᠨ᠎ᠡ᠃ ᠭᠠᠴᠠᠭ᠎ᠠ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ᠂ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡᠨ ᠤ ᠴᠡᠭ᠂ ᠬᠠᠷᠢᠯᠴᠠᠨ ᠬᠠᠪᠰᠤᠷᠤᠯᠴᠠᠬᠤ ᠨᠠᠰᠤᠵᠢᠯ  ᠤᠨ ᠬᠦᠷᠢᠶᠡᠯᠡᠩ ᠵᠡᠷᠭᠡ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠤᠮᠵᠢ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠪᠦᠲᠦᠭᠡᠨ ᠪᠠᠶᠢᠭᠤᠯᠤᠨ᠎ᠠ᠃ ᠮᠠᠯᠵᠢᠬᠤ ᠣᠷᠣᠨ ᠤ ᠨᠠᠰᠤᠲᠠᠶᠢᠴᠤᠳ ᠤᠨ ᠰᠠᠶᠢᠨ ᠳᠤᠷ᠎ᠠ ᠠᠴᠠ ᠪᠠᠨ ᠪᠠᠶᠢᠬᠤ ᠪᠠᠷ ᠤᠷᠢᠲᠠᠯ ᠪᠣᠯᠭᠠᠵᠤ᠂ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠨᠠᠰᠤᠲᠠᠶᠢᠴᠤᠳ᠂ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠥᠪᠡᠷ ᠤᠨ ᠣᠷᠣᠨ ᠰᠠᠭᠤᠴᠠ ᠶᠢ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡᠨ ᠤ ᠴᠡᠭ ᠪᠣᠯᠭᠠᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠮᠠᠯᠵᠢᠬᠤ ᠣᠷᠣᠨ ᠤ ᠨᠠᠰᠤᠲᠠᠶᠢᠴᠤᠳ ᠤᠨ ᠣᠷᠣᠰᠢᠨ ᠰᠠᠭᠤᠭ᠎ᠠ ᠭᠠᠵᠠᠷ ᠢᠶᠠᠷ ᠢᠶᠠᠨ ᠲᠥᠪ ᠪᠣᠯᠭᠠᠬᠤ ᠪᠤᠶᠤ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠭᠴᠢ ᠲᠣᠬᠢᠷᠠᠭᠤᠯᠤᠨ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠶᠢ ᠥᠷᠨᠢᠭᠦᠯᠵᠦ᠂ ᠣᠨᠴᠠ ᠬᠦᠴᠢᠷᠳᠡᠯᠲᠡᠢ ᠨᠠᠰᠤᠲᠠᠶᠢᠴᠤᠳ ᠢ ᠲᠠᠷᠠᠬᠠᠢ ᠠᠰᠠᠷᠠᠨ ᠲᠡᠵᠢᠭᠡᠬᠦ᠂ ᠥᠨᠥᠴᠢᠨ ᠪᠡᠯᠪᠡᠰᠦᠨ᠂ ᠦᠳᠡᠬᠦᠰ᠂ ᠭᠡᠷ ᠲᠤ ᠪᠠᠨ ᠬᠤᠴᠣᠷᠤᠭᠰᠠᠨ᠂ ᠭᠠᠭᠴᠠᠭᠠᠷ ᠰᠠᠭᠤᠭ᠎ᠠ᠂ ᠪᠡᠶ᠎ᠡ ᠳᠤ ᠪᠠᠨ ᠵᠦᠪ ᠦᠬᠡᠢ ︵ᠤᠬᠠᠭᠠᠨ ᠠᠯᠳᠠᠭᠰᠠᠨ︶᠂ ᠲᠥᠯᠥᠪᠯᠡᠭᠡᠲᠦ ᠦᠷᠡᠵᠢᠯ ᠤᠨ ᠤᠨᠴᠠᠭᠠᠢ ᠭᠡᠷ ᠪᠦᠯᠢ ᠶᠢᠨ ᠨᠠᠰᠤᠲᠠᠶᠢᠴᠤᠳ ᠵᠡᠷᠭᠡ ᠬᠡᠷᠡᠭᠴᠡᠭᠡ ᠪᠦᠬᠦᠢ ᠨᠠᠰᠤᠲᠠᠶᠢᠴᠤᠳ ᠲᠤ ᠣᠷᠣᠯᠠᠨ ᠬᠤᠳᠠᠯᠳᠤᠨ ᠠᠪᠴᠤ ᠣᠷᠣᠯᠠᠨ ᠲᠤᠰᠢᠶᠠᠬᠤ᠂ ᠡᠮᠨᠡᠯᠭᠡ ᠡᠷᠢᠵᠦ ᠡᠮ ᠬᠦᠷᠭᠡᠬᠦ᠂ ᠪᠤᠯᠭᠤᠭᠠᠨ ᠮᠡᠨᠳᠦᠴᠢᠯᠡᠬᠦ ᠵᠡᠷᠭᠡ ᠲᠡᠳᠬᠦᠮᠵᠢ ᠶᠢ ᠵᠣᠷᠢᠭᠵᠢᠭᠤᠯᠤᠨ᠎ᠠ᠃ ᠲᠥᠪᠯᠡᠷᠡᠨ ᠰᠠᠭᠤᠬᠤ ᠬᠡᠷᠡᠭᠴᠡᠭᠡ ᠱᠠᠭᠠᠷᠳᠠᠯᠭ᠎ᠠ ᠶᠢ 20 ᠡᠷᠦᠬᠡ ᠠᠴᠠ ᠳᠡᠭᠡᠭᠰᠢ ᠬᠡᠪᠴᠢᠶᠡᠨ ᠳᠤ ᠬᠦᠷᠦᠭᠦᠯᠵᠦ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠬᠦᠷᠢᠶᠡᠯᠡᠩ ᠪᠠᠶᠢᠭᠤᠯᠵᠤ ᠪᠣᠯᠣᠨ᠎ᠠ᠃     ᠳᠥᠷᠪᠡ ᠳᠤ᠂ ᠭᠡᠷ ᠪᠦᠯᠢ ᠶᠢᠨ ᠨᠠᠰᠤᠵᠢᠯ ᠤᠨ ᠰᠠᠭᠤᠷᠢ ᠪᠣᠯᠬᠤ ᠦᠢᠯᠡᠳᠦᠯ ᠢ ᠴᠢᠩᠭᠠᠳᠬᠠᠨ᠎ᠠ᠃ ᠠᠰᠠᠷᠠᠨ ᠲᠡᠵᠢᠭᠡᠬᠦ ᠡᠭᠦᠷᠭᠡᠲᠦ ᠬᠥᠮᠥᠨ ᠤ ᠬᠠᠤᠯᠢ ᠶᠣᠰᠣᠭᠠᠷ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠶᠢ ᠱᠠᠯᠠᠪᠳᠠᠭᠤᠯᠤᠨ ᠵᠢᠯᠤᠭᠤᠳᠴᠤ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠭᠡᠷ ᠪᠦᠯᠢ ᠶᠢᠨ ᠠᠰᠠᠷᠠᠨ ᠬᠠᠷᠠᠭᠠᠯᠵᠠᠬᠤ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠠᠰᠠᠷᠠᠨ ᠲᠡᠵᠢᠭᠡᠬᠦ ︵ᠠᠰᠠᠷᠠᠨ ᠲᠡᠵᠢᠭᠡᠬᠦ︶ ᠬᠥᠮᠥᠨ ᠤ ᠡᠷᠡᠭᠦᠯ ᠮᠡᠨᠳᠦ ᠶᠢᠨ ᠬᠠᠷᠠᠭᠠᠯᠵᠠᠨ ᠠᠰᠠᠷᠠᠬᠤ ᠮᠡᠳᠡᠯᠭᠡ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠬᠤ ᠶᠢ ᠳᠡᠮᠵᠢᠵᠦ᠂ ᠨᠥᠬᠦᠴᠡᠯ ᠳᠤ ᠨᠡᠶᠢᠴᠡᠪᠡᠯ ᠲᠣᠭᠲᠠᠭᠠᠯ ᠶᠣᠰᠣᠭᠠᠷ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠨᠥᠬᠦᠪᠦᠷᠢ ᠭᠤᠶᠤᠴᠢᠯᠠᠨ ᠠᠪᠴᠤ ᠪᠣᠯᠣᠨ᠎ᠠ᠃ ᠨᠥᠬᠦᠴᠡᠯ ᠳᠤ ᠨᠡᠶᠢᠴᠡᠬᠦ ᠤᠨᠴᠨ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠳᠤ ᠭᠡᠷ ᠲᠤ ᠨᠢ ᠨᠠᠰᠤᠵᠢᠯᠳᠠ ᠳᠤ ᠲᠣᠬᠢᠷᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠥᠭᠡᠷᠡᠴᠢᠯᠡᠬᠦ ᠡᠲᠡᠭᠡᠳ ᠤᠨ ᠬᠡᠪᠴᠢᠶ᠎ᠡ ᠶᠢ ᠪᠤᠰᠤᠳ ᠬᠡᠷᠡᠭᠴᠡᠭᠡ ᠱᠠᠭᠠᠷᠳᠠᠯᠭ᠎ᠠ ᠲᠠᠢ ᠨᠠᠰᠤᠲᠠᠶᠢᠴᠤᠳ ᠤᠨ ᠭᠡᠷ ᠪᠦᠯᠢ ᠳᠤ ᠬᠦᠷᠲᠡᠯ᠎ᠡ ᠥᠷᠭᠡᠳᠬᠡᠵᠦ ᠪᠣᠯᠣᠨ᠎ᠠ᠃ ᠨᠥᠬᠦᠴᠡᠯ ᠲᠠᠢ ᠭᠠᠵᠠᠷ ᠣᠷᠣᠨ ᠳᠤ ︽ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ︾ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠲᠤᠰᠬᠠᠢ ᠦᠢᠯᠡᠴᠢᠯᠡᠭᠡ ᠶᠢ ᠭᠡᠷ ᠪᠦᠯᠢ ᠲᠡᠶᠢᠰᠢ ᠤᠷᠲᠤᠳᠬᠠᠬᠤ ᠶᠢ ᠠᠬᠢᠭᠤᠯᠤᠨ᠎ᠠ᠃    ᠲᠠᠪᠤ ᠳᠤ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠬᠤ ᠶᠢ ᠢᠳᠡᠪᠬᠢᠲᠡᠢ ᠪᠠᠷ ᠠᠬᠢᠭᠤᠯᠤᠨ᠎ᠠ᠃ ᠨᠠᠰᠤᠵᠢᠯ ᠤᠨ ᠪᠠᠶᠢᠭᠤᠯᠤᠮᠵᠢ ᠶᠢᠨ ᠳᠣᠲᠣᠭᠠᠳᠤ ᠳᠤ ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠭᠡᠷ᠎ᠡ ᠲᠣᠭᠲᠠᠨ ᠬᠠᠮᠲᠤᠷᠠᠯᠴᠠᠬᠤ᠂ ᠡᠪᠡᠳᠴᠢᠨ ᠦᠵᠡᠭᠦᠯᠬᠦ ᠳᠤ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠬᠤ ᠵᠡᠷᠭᠡ ᠠᠷᠭ᠎ᠠ ᠪᠠᠷ ᠡᠮᠴᠢᠯᠡᠭᠡ ᠡᠷᠡᠭᠦᠯ ᠬᠠᠮᠠᠭᠠᠯᠠᠯ᠂ ᠡᠷᠡᠭᠦᠯᠵᠢᠭᠦᠯᠬᠦ ᠰᠤᠪᠢᠯᠠᠯᠲᠠ᠂ ᠡᠳᠦᠷ ᠲᠤᠲᠤᠮ ᠤᠨ ᠲᠣᠭᠤᠷᠢᠨ ᠡᠮᠴᠢᠯᠡᠬᠦ᠂ ᠭᠥᠯᠢᠶᠡᠨ ᠠᠪᠴᠤ ᠰᠢᠯᠵᠢᠭᠦᠯᠦᠨ ᠡᠮᠨᠡᠬᠦ ᠵᠡᠷᠭᠡ ᠦᠢᠯᠡᠴᠢᠯᠡᠭᠡᠨ ᠢ ᠥᠷᠨᠢᠭᠦᠯᠦᠨ᠎ᠡ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠳᠡᠯᠭᠡᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠭᠢᠯᠡᠬᠦ ᠡᠮᠴᠢ᠂ ᠬᠥᠳᠡᠭᠡ ᠲᠣᠰᠬᠤᠨ ᠤ ᠡᠮᠴᠢ ᠶᠢᠨ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ᠂ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠦᠢᠯᠡᠴᠢᠯᠡᠭᠡᠨ ᠤ ᠴᠡᠭ᠂ ᠨᠠᠰᠤᠲᠠᠶᠢᠴᠤᠳ ᠤᠨ ᠭᠡᠷ ᠪᠦᠯᠢ ᠪᠠᠷ ᠲᠣᠭᠤᠷᠢᠨ ᠡᠮᠴᠢᠯᠡᠬᠦ᠂ ᠭᠡᠷ ᠲᠤ ᠨᠢ ᠬᠦᠷᠴᠦ ᠡᠷᠡᠭᠦᠯ ᠮᠡᠨᠳᠦ ᠶᠢᠨ ᠬᠢᠨᠠᠨ ᠬᠡᠮᠵᠢᠬᠦ᠂ ᠡᠮᠴᠢᠯᠡᠵᠦ ᠰᠤᠪᠢᠯᠠᠬᠤ ᠵᠡᠷᠭᠡ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ︽ᠡᠮᠨᠡᠬᠦ ᠰᠤᠪᠢᠯᠠᠬᠤ ᠶᠢ ᠤᠶᠠᠯᠳᠤᠭᠤᠯᠬᠤ︾ ᠡᠷᠡᠭᠦᠯᠵᠢᠯ ᠨᠠᠰᠤᠵᠢᠯ ᠤᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠨᠠᠰᠤᠲᠠᠶᠢᠴᠤᠳ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠨ᠎ᠠ᠃      ᠵᠢᠷᠭᠤᠭ᠎ᠠ ᠳᠤ᠂ ᠮᠠᠯᠵᠢᠬᠤ ᠣᠷᠣᠨ ᠤ ᠣᠶᠤᠨᠲᠤ ᠨᠠᠰᠤᠵᠢᠯ ᠤᠨ ᠦᠢᠯᠡᠴᠢᠯᠡᠭᠡᠨ ᠤ ᠲᠤᠤᠷᠵᠢᠯ ᠤᠨ ᠪᠠᠶᠢᠭᠤᠯᠤᠯᠲᠠ ᠶᠢ ᠰᠢᠶᠠᠨ ᠰᠢᠶᠠᠩ ᠲᠣᠰᠬᠤᠨ ᠤ ᠭᠡᠷ ᠪᠦᠯᠢ ᠶᠢᠨ ᠳᠥᠷᠪᠡᠨ ᠱᠠᠲᠤᠨ ᠤ ᠣᠶᠤᠨᠲᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠰᠢᠯᠵᠢᠮᠡᠯ ᠢᠨᠲ᠋ᠧᠷ ᠰᠦᠯᠵᠢᠶ᠎ᠡ᠂ ᠣᠶᠤᠨᠴᠢ ᠳᠠᠭᠤᠳᠠᠯᠲᠠ᠂ GPS ᠪᠠᠶᠢᠷᠢ ᠲᠣᠭᠲᠠᠭᠠᠯᠲᠠ ᠵᠡᠷᠭᠡ ᠮᠡᠷᠭᠡᠵᠢᠯ ᠳᠤ ᠲᠦᠰᠢᠭᠯᠡᠨ ᠬᠢᠨᠠᠨ ᠬᠠᠮᠢᠶᠠᠷᠬᠤ᠂ ᠦᠢᠯᠡᠴᠢᠯᠡᠬᠦ᠂ ᠪᠠᠴᠢᠮ ᠲᠤᠰᠠᠯᠠᠮᠵᠢ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠮᠠᠯᠵᠢᠬᠤ ᠣᠷᠣᠨ ᠤ ᠨᠠᠰᠤᠲᠠᠶᠢᠴᠤᠳ ᠲᠤ ᠭᠠᠷ ᠤᠲᠠᠰᠤᠨ ᠤ APP᠂ ᠳ᠋ᠢᠶᠠᠩᠬᠤᠸᠠ ᠪᠠᠷ ᠬᠠᠭᠤᠳᠠᠰᠤ ᠵᠠᠬᠢᠶᠠᠯᠠᠬᠤ ᠵᠡᠷᠭᠡ ᠬᠡᠯᠪᠡᠷᠢ ᠪᠠᠷ ᠨᠠᠰᠤᠵᠢᠯ ᠤᠨ ᠦᠢᠯᠡᠴᠢᠯᠡᠭᠡᠨ ᠢ ᠬᠦᠷᠲᠡᠭᠡᠵᠦ᠂ ᠲᠤᠰᠠᠯᠠᠮᠵᠢ ᠭᠤᠶᠤᠴᠢᠯᠠᠵᠤ ᠪᠣᠯᠣᠨ᠎ᠠ᠃     ᠳᠣᠯᠤᠭ᠎ᠠ ᠳᠤ᠂ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠡᠵᠡᠩᠨᠡᠯᠲᠡ ᠶᠢ ᠳᠡᠮᠵᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠰᠢᠯᠢᠳᠡᠭ ᠪᠠᠶᠢᠭᠤᠯᠤᠮᠵᠢ ᠨᠤᠭᠤᠳ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠤᠮᠵᠢ ᠶᠢ ᠣᠷᠣᠨ ᠪᠦᠰᠡ ᠠᠯᠤᠰᠯᠠᠨ᠂ ᠬᠡᠯᠬᠢᠶᠡᠵᠢᠭᠦᠯᠦᠨ ᠡᠵᠡᠩᠨᠡᠬᠦ ᠶᠢ ᠵᠣᠷᠢᠭᠵᠢᠭᠤᠯᠤᠨ᠎ᠠ᠃ ᠲᠦᠬᠦᠬᠡᠷᠤᠮᠵᠢ ᠶᠢ ᠲᠥᠯᠥᠪᠦᠷᠢ ᠦᠭᠡᠢ ᠪᠤᠶᠤ ᠬᠢᠮᠳᠠ ᠦᠨ᠎ᠡ ᠪᠠᠷ ᠬᠠᠩᠭᠠᠬᠤ᠂ ᠭᠡᠷ ᠤᠨ ᠲᠦᠷᠢᠶᠡᠰᠦ ᠶᠢ ᠬᠡᠯᠲᠦᠷᠢᠭᠦᠯᠬᠦ ᠪᠤᠶᠤ ᠨᠥᠬᠦᠪᠦᠷᠢ ᠥᠭᠬᠦ ᠵᠡᠷᠭᠡ ᠠᠷᠭ᠎ᠠ  ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠢᠯᠤᠭᠤᠳᠴᠤ ᠪᠠᠶᠢᠭᠠᠳ ᠠᠰᠢᠭ ᠪᠠᠭ᠎ᠠ ᠡᠵᠡᠩᠨᠡᠯᠲᠡ ᠶᠢ ᠪᠡᠶᠡᠯᠡᠭᠦᠯᠵᠦ᠂ ᠮᠠᠯᠵᠢᠬᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠨᠠᠰᠤᠵᠢᠯ ᠤᠨ ᠰᠠᠭᠤᠷᠢ ᠲᠦᠬᠦᠬᠡᠷᠤᠮᠵᠢ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠢᠶᠠᠷ ᠨᠡᠯᠢᠶᠡᠳ ᠰᠠᠶᠢᠨ ᠮᠠᠯᠵᠢᠬᠤ ᠣᠷᠣᠨ ᠤ ᠵᠢᠭᠤᠯᠴᠢᠯᠠᠵᠤ ᠰᠠᠭᠤᠬᠤ ᠡᠷᠡᠭᠦᠯ ᠮᠡᠨᠳᠦ ᠠᠰᠠᠷᠠᠨ ᠲᠡᠵᠢᠭᠡᠬᠦ ᠦᠢᠯᠡᠴᠢᠯᠡᠭᠡᠨ ᠢ ᠬᠥᠭᠵᠢᠭᠦᠯᠬᠦ ᠶᠢ ᠵᠣᠷᠢᠭᠵᠢᠭᠤᠯᠵᠤ᠂ ᠮᠠᠯᠵᠢᠬᠤ ᠣᠷᠣᠨ ᠤ ᠨᠠᠰᠤᠵᠢᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠲᠠ ᠶᠢᠨ ᠨᠠᠰᠤᠲᠠᠶᠢᠴᠤᠳ ᠢ ᠲᠠᠲᠠᠵᠤ ᠮᠠᠯᠵᠢᠬᠤ ᠣᠷᠣᠨ ᠳᠤ ᠣᠴᠢᠭᠤᠯᠤᠨ ᠨᠠᠰᠤᠵᠢᠯ ᠤᠨ ᠠᠰᠠᠷᠠᠮᠵᠢ ᠬᠢᠯᠭᠡᠬᠦ ᠪᠤᠶᠤ ᠣᠬᠤᠷ ᠬᠤᠭᠤᠴᠠᠭᠠᠨ ᠤ ᠰᠤᠪᠢᠯᠠᠯᠲᠠ᠂ ᠰᠡᠯᠡᠭᠦᠴᠡᠯ ᠵᠤᠭ᠎ᠠ ᠴᠡᠩᠭᠡᠯ ᠵᠡᠷᠭᠡ ᠠᠵᠢᠯᠯᠠᠭ᠎ᠠ ᠥᠷᠨᠢᠭᠦᠯᠵᠦ᠂ ︽ᠪᠤᠭᠤᠷᠤᠯᠴᠤᠳ ᠤᠨ ᠠᠵᠤ ᠠᠬᠤᠢ︾ ᠶᠢ ᠳᠠᠶᠢᠴᠢᠯᠠᠨ᠎ᠠ᠃    ᠨᠠᠢᠮᠠ ᠳᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠨ᠎ᠠ᠃ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ︽ᠨᠢᠭᠡ ᠶᠢ ᠢᠯᠠᠵᠢᠬᠦᠯᠬᠦ︾ ᠬᠢᠨᠠᠯᠲᠠ ᠬᠠᠮᠢᠶᠠᠷᠤᠯᠲᠠ ᠶᠢ ᠶᠡᠷᠦᠩᠬᠡᠢ ᠲᠥᠯᠥᠪᠯᠡᠭᠡ ᠳᠤ ᠵᠢᠭᠰᠠᠭᠠᠨ ᠣᠷᠣᠭᠤᠯᠵᠤ᠂ ᠣᠷᠣᠨ ᠪᠠᠶᠢᠷᠢ ᠲᠣᠭᠲᠠᠭᠠᠬᠤ᠂ ᠸᠢᠳᠢᠤ᠋ ᠪᠠᠷ ᠬᠢᠨᠠᠨ ᠡᠵᠡᠮᠳᠡᠬᠦ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠪᠥᠬᠦ ᠶᠠᠪᠤᠴᠠ ᠶᠢᠨ ᠵᠢᠯᠣᠭᠤᠳᠤᠯᠭ᠎ᠠ᠂ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠵᠣᠷᠢᠭᠵᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号