︽ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠬᠦᠭᠵᠢᠬᠦᠯᠤᠯᠳᠡ ᠶᠢ ᠲᠦᠷᠬᠡᠳᠬᠡᠬᠦ ᠲᠤᠬᠠᠢ ᠬᠡᠷᠡᠭᠵᠢᠭᠦᠯᠬᠦ ᠲᠥᠰᠥᠯ︾ ︵ᠲᠦᠷᠪᠡ︶
ᠨᠡᠶᠢᠲᠡᠯᠡᠭᠰᠡᠨ ᠴᠠᠭ᠄
2024/7/4
   ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠠᠴᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠱᠠᠭᠠᠷᠳᠠᠯᠭ᠎ᠠ ᠳᠤᠷᠠᠳᠴᠤ᠂ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠪᠠ᠃     ᠨᠢᠭᠡ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠤᠨ ᠬᠢᠨ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠭᠡᠷ ᠪᠦᠯᠢ ᠪᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠠᠶᠢᠮᠠᠭ ᠬᠤᠲᠠ᠂ ᠬᠤᠰᠢᠭᠤ ︵ᠬᠤᠲᠠ︶ ᠶᠢᠨ ᠨᠠᠮ ᠵᠠᠰᠠᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠶᠢᠨ ᠴᠢᠬᠤᠯᠠ ᠠᠭᠤᠯᠭ᠎ᠠ ᠪᠣᠯᠭᠠᠨ᠎ᠠ᠃ ︽ᠨᠠᠮ ᠤᠨ ᠪᠠᠶᠢᠭᠤᠯᠤᠯᠲᠠ + ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠶᠢᠨ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠨᠠᠰᠤᠵᠢᠯ ᠤᠨ ᠦᠢᠯᠡᠴᠢᠯᠡᠭᠡ ᠶᠢ ᠣᠷᠭᠠᠨᠢᠭ ᠢᠶᠠᠷ ᠤᠶᠠᠯᠳᠤᠭᠤᠯᠬᠤ᠂ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃   ᠬᠤᠶᠠᠷ ᠲᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠨ ᠬᠠᠮᠵᠢᠯᠴᠠᠵᠤ᠂ ᠬᠠᠮ ᠬᠦᠴᠦᠨ ᠢ ᠪᠦᠷᠢᠯᠳᠦᠭᠦᠯᠦᠨ᠎ᠡ᠃ ᠠᠷᠠᠳ ᠤᠨ ᠶᠠᠪᠤᠳᠠᠯ ︵ᠨᠠᠰᠤᠲᠠᠶᠢᠴᠤᠳ︶ ᠤᠨ ᠰᠠᠯᠠᠭ᠎ᠠ ᠮᠥᠴᠢᠷ ᠤᠨ ᠬᠢᠨ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠠᠵᠢᠯ ᠢ ᠬᠠᠷᠢᠭᠤᠴᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ  ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ  ᠨᠢ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠶᠢ ᠬᠠᠷᠢᠭᠤᠴᠠᠵᠤ᠂ ᠬᠤᠰᠢᠭᠤ ᠰᠢᠶᠠᠨ ᠤ ᠱᠠᠲᠤᠨ ᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ᠂ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠵᠡᠷᠭᠡ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠮᠠᠯᠵᠢᠬᠤ ᠣᠷᠣᠨ ᠤ ᠨᠠᠰᠤᠵᠢᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠮᠠᠯᠵᠢᠬᠤ ᠣᠷᠣᠨ ᠤ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡ ᠶᠢ ᠠᠬᠢᠭᠤᠯᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠶᠢᠨ ᠰᠠᠯᠠᠭ᠎ᠠ ᠮᠥᠴᠢᠷ ᠤᠳ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠢ ᠬᠥᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠵᠣᠯᠭᠠᠭᠤᠯᠤᠨ ᠬᠡᠷᠡᠭᠵᠢᠭᠦᠯᠬᠦ ᠳᠤ ᠣᠷᠣᠭᠤᠯᠬᠤ ᠶᠢ ᠬᠠᠷᠢᠭᠤᠴᠠᠵᠤ᠂ ᠢᠵᠢ ᠪᠦᠷᠢᠳᠦᠭᠦᠯᠦᠭᠰᠡᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠵᠢᠭᠠᠨ ᠵᠢᠯᠤᠭᠤᠳᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠥᠮᠥᠰ ᠲᠤ ᠨᠥᠬᠦᠪᠦᠷᠢ ᠥᠭᠬᠦ ᠲᠦᠷᠤ ᠶᠢᠨ ᠪᠤᠳᠤᠯᠭ᠎ᠠ ᠶᠢ ᠲᠤᠬᠳᠠᠭᠠᠯ ᠶᠤᠰᠤᠭᠠᠷ ᠬᠠᠷᠢᠭᠤᠴᠠᠨ᠎ᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠵᠡᠷᠭᠡ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠣᠰᠣᠭᠠᠷ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃     ᠭᠤᠷᠪᠠ ᠳᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠠᠶᠢᠮᠠᠭ ᠬᠤᠳᠠ᠂ ᠬᠤᠰᠢᠭᠤ ︵ᠬᠤᠳᠠ︶ ᠠᠷᠠᠳ ᠤᠨ ᠵᠠᠰᠠᠭ ᠤᠨ ᠣᠷᠳᠣᠨ ᠤ ᠣᠷᠣᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠥᠨ ᠵᠡᠷᠭᠡ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠳᠠᠶᠢᠴᠢᠯᠠᠬᠤ ᠪᠠ ᠵᠢᠯᠤᠭᠤᠳᠴᠤ᠂ ᠲᠤᠰᠠᠯᠠᠨ ᠬᠦᠷᠭᠡᠬᠦ᠂ ᠨᠢᠭᠦᠯᠡᠰᠦᠩᠭᠦᠢ ᠶᠢᠨ ᠰᠠᠭᠤᠷᠢ ᠮᠥᠩᠭᠦ ᠪᠠᠶᠢᠭᠤᠯᠬᠤ ᠵᠡᠷᠭᠡ ᠠᠷᠭ᠎ᠠ ᠪᠠᠷ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠳᠤ ᠳᠡᠮᠵᠢᠯᠭᠡ ᠬᠠᠩᠭᠠᠨ᠎ᠠ᠃ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠪᠡᠯᠡ ᠮᠥᠩᠭᠦ ᠪᠠᠨ ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠬᠤ ᠶᠢ ᠲᠡᠮᠵᠢᠵᠤ᠂ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠬᠤᠯᠪᠣᠭᠳᠠᠯ ᠪᠦᠬᠦᠢ ᠡᠬᠢ ᠪᠠᠶᠠᠯᠢᠭ ᠪᠣᠯᠣᠨ ᠠᠰᠢᠭ ᠣᠯᠵᠠᠪᠤᠷᠢ ᠶᠢ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠬᠡᠷᠡᠭᠯᠡᠬᠦ ᠶᠢ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ ᠬᠠᠤᠯᠢ ᠲᠣᠭᠲᠠᠭᠠᠯ ᠳᠤ ᠨᠡᠶᠢᠴᠡᠭᠦᠯᠦᠨ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠢᠲᠡᠭᠡᠮᠵᠢᠲᠦ ᠲᠡᠮᠵᠢᠯᠬᠡ ᠬᠠᠨᠭ᠍ᠭᠠᠨ᠎ᠠ᠃    ᠳᠥᠷᠪᠡ ᠳᠤ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠴᠢᠳᠠᠪᠤᠷᠢᠲᠠᠨ ᠤ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭᠠᠨ ᠳᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠢᠯᠤᠭᠤᠳᠴᠤ᠂ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠴᠠᠯᠢᠩ ᠬᠥᠯᠥᠰᠦ ᠣᠯᠭᠤᠮᠵᠢ᠂ ᠰᠠᠶᠢᠰᠢᠶᠠᠨ ᠤᠷᠮᠠᠰᠢᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠰᠢᠰᠲ᠋ᠧᠮ ᠢ ᠲᠦᠷᠬᠡᠨ ᠪᠠᠶᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠠᠪᠴᠠᠩ ᠢ ᠪᠠᠶᠢᠭᠤᠯᠵᠤ᠂ ᠮᠠᠯᠵᠢᠬᠤ ᠣᠷᠣᠨ ᠤ ᠠᠮᠢᠳᠤᠯᠢᠭ ᠢᠶᠠᠷ ᠠᠵᠢᠯ ᠣᠯᠣᠭᠰᠠᠳ᠂ ᠭᠡᠷ ᠲᠤ  ᠪᠠᠨ ᠬᠤᠴᠣᠷᠤᠭᠰᠠᠨ ᠡᠮᠡᠭᠲᠡᠶᠢᠴᠦᠳ᠂ ᠬᠥᠳᠡᠯᠮᠦᠷᠢᠯᠡᠬᠦ ᠴᠢᠳᠠᠪᠤᠷᠢ ᠲᠠᠢ ᠲᠤᠰᠠᠯᠠᠮᠵᠢ ᠬᠦᠷᠳᠡᠭᠰᠡᠳ ᠵᠡᠷᠭᠡ ᠬᠥᠮᠥᠰ ᠤᠨ ᠨᠠᠰᠤᠵᠢᠯ ᠤᠨ ᠦᠢᠯᠡᠴᠢᠯᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠬᠤ ᠶᠢ ᠤᠷᠮᠠᠰᠢᠭᠤᠯᠵᠤ᠂ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠣᠯᠠᠨ ᠪᠠᠷ ᠰᠢᠢᠳᠪᠤᠷᠢᠯᠡᠬᠦ ᠪᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号