ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠬᠤᠪᠣᠷ ᠰᠢᠷᠣᠶ ᠶᠢᠨ ᠠᠵᠤ ᠦᠢᠯᠡᠰ ᠤᠨ ᠲᠤᠰᠬᠠᠶ ᠠᠰᠢᠭ ᠢ ᠡᠷᠢᠬᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/7/4
    ᠠᠵᠤ ᠠᠬᠤᠶᠢᠯᠠᠯ ᠳᠤ ᠨᠢᠭᠡᠨᠲᠡ ᠪᠠᠶᠢᠭ᠎ᠠ ᠮᠡᠷᠭᠡᠵᠢᠯ ᠤᠨ ᠬᠦᠷᠢᠶᠡᠨ ᠳᠠᠬᠢ ᠣᠳᠣᠬᠢ ᠪᠠᠶᠢᠳᠠᠯ ᠪᠠ ᠬᠥᠭᠵᠢᠯᠲᠡ ᠶᠢᠨ ᠬᠥᠳᠡᠯᠦᠯ ᠪᠠᠶᠢᠳᠠᠯ ᠢ ᠣᠶᠢᠯᠠᠭᠠᠭᠤᠯᠵᠤ᠂ ᠳᠠᠪᠬᠤᠷᠳᠠᠭᠤᠯᠤᠨ ᠡᠭᠦᠳᠦᠨ ᠪᠦᠲᠦᠭᠡᠬᠦ ᠪᠠ ᠳᠠᠬᠢᠨ ᠳᠠᠪᠲᠠᠨ ᠲᠤᠰᠬᠠᠶ ᠠᠰᠢᠭ ᠭᠤᠶᠤᠴᠢᠯᠠᠬᠤ ᠠᠴᠠ ᠵᠠᠶᠢᠯᠠᠰᠬᠢᠬᠤ ᠶᠢᠨ ᠬᠠᠮᠲᠤ ᠬᠠᠮᠢᠶ᠎ᠠ ᠪᠦᠬᠦᠢ ᠮᠡᠷᠭᠡᠵᠢᠯ ᠤᠨ ᠲᠦᠷᠦᠭᠦᠨ ᠤ ᠮᠡᠷᠭᠡᠵᠢᠯ ᠪᠠ ᠬᠦᠷᠢᠶᠡᠨ ᠳᠠᠬᠢ ᠥᠷᠢᠰᠥᠯᠳᠦᠬᠦ ᠡᠲᠡᠭᠡᠳ ᠢ ᠣᠯᠵᠤ ᠮᠡᠳᠡᠭᠰᠡᠨ ᠪᠥᠭᠡᠳ ᠮᠡᠷᠭᠡᠵᠢᠯ ᠤᠨ ᠦᠨᠡᠯᠡᠨ ᠵᠢᠱᠢᠯᠲᠡ᠂ ᠮᠡᠷᠭᠡᠵᠢᠯ ᠤᠨ ᠬᠤᠪᠢᠷᠠᠭᠤᠯᠤᠯᠲᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ  ᠳᠤ ᠬᠠᠯᠳᠠᠭᠰᠠᠨ ᠵᠠᠳᠠᠯᠤᠯᠲᠠ ᠵᠡᠷᠭᠡ ᠳᠤ ᠴᠢᠬᠤᠯᠠ ᠪᠦᠬᠦᠢ ᠮᠡᠳᠡᠭᠡ ᠵᠠᠩᠭᠢ ᠪᠠ ᠦᠨᠳᠦᠰᠦᠯᠡᠯ ᠬᠠᠩᠭᠠᠵᠤ᠂ 6 ᠳ᠋ᠤᠭᠠᠷ ᠰᠠᠷ᠎ᠠ ᠶᠢᠨ 27 ᠤ ᠡᠳᠦᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠪᠣᠷ ᠰᠢᠷᠣᠶ ᠶᠢᠨ ᠠᠵᠤ ᠦᠢᠯᠡᠰ ᠤᠨ ᠲᠤᠰᠬᠠᠶ ᠠᠰᠢᠭ ᠤᠨ ᠡᠷᠢᠬᠦ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠪᠠᠨ ᠬᠤᠶᠠᠷ ᠠᠵᠤ ᠠᠬᠤᠢᠯᠠᠯ ᠬᠤᠷᠢᠨ ᠬᠥᠮᠦᠨ ᠣᠷᠣᠯᠴᠠᠵᠠᠢ᠃
     ᠲᠣᠰ ᠤᠳᠠᠭᠠᠨ ᠤ ᠪᠣᠯᠪᠠᠰᠤᠷᠠᠭᠤᠯᠤᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠮᠡᠷᠭᠡᠵᠢᠯᠲᠡᠨ ᠸᠠᠩ ᠬᠤᠩ ᠢ ᠤᠷᠢᠵᠤ᠂ ᠲᠡᠷᠡ ᠣᠯᠠᠨ ᠤᠳᠠᠭ᠎ᠠ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠢᠷᠠᠭᠤ ᠠᠯᠳᠠᠷ ᠤᠨ ᠴᠣᠯᠠ ᠶᠢ ᠭᠥᠷᠳᠡᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠳᠤ ᠬᠥᠬᠢᠭᠦᠯᠦᠭᠳᠡᠨ ᠰᠠᠶᠢᠰᠢᠶᠠᠭᠳᠠᠵᠤ᠂ ᠪᠥᠬᠦ ᠤᠯᠤᠰ ᠤᠨ ᠲᠤᠰᠬᠠᠶ ᠠᠰᠢᠭ ᠤᠨ ᠮᠡᠳᠡᠭᠡ ᠵᠠᠩᠭᠢ ᠶᠢᠨ ᠪᠠᠭᠰᠢ ᠶᠢᠨ ᠴᠢᠳᠠᠪᠤᠷᠢᠲᠠᠨ ᠪᠣᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠢᠶᠠᠷ ᠤᠷᠢᠭᠳᠠᠵᠠᠢ᠃ ᠲᠣᠰ ᠤᠳᠠᠭᠠᠨ ᠤ ᠪᠣᠯᠪᠠᠰᠤᠷᠠᠭᠤᠯᠤᠯ ᠢ ᠲᠤᠰᠬᠠᠶ ᠠᠰᠢᠭ ᠤᠨ ᠲᠤᠯᠭᠤᠷ ᠪᠢᠴᠢᠭ ᠤᠨ ᠲᠦᠢᠮᠣ ᠲᠣᠭᠠᠴᠠᠯᠲᠠ᠂ ᠲᠤᠰᠬᠠᠶ ᠠᠰᠢᠭ ᠤᠨ ᠡᠷᠢᠬᠦ ᠰᠠᠭᠤᠷᠢ᠂ ᠲᠤᠰᠬᠠᠶ ᠠᠰᠢᠭ ᠤᠨ ᠡᠷᠢᠬᠦ ᠠᠷᠭ᠎ᠠ ᠪᠣᠳᠣᠯᠭ᠎ᠠ ᠪᠠ ᠤᠷ᠎ᠠ ᠮᠡᠷᠭᠡᠰᠢᠯ᠂ ᠲᠤᠰᠬᠠᠶ ᠠᠰᠢᠭ ᠤᠨ ᠡᠷᠢᠯᠲᠡ ᠶᠢᠨ ᠦᠢᠯᠡᠳᠦᠯᠭᠡ ᠪᠠ ᠬᠡᠷᠡᠭᠯᠡᠯᠲᠡ ᠵᠢᠴᠢ ᠲᠤᠰᠬᠠᠶ ᠠᠰᠢᠭ ᠢ ᠡᠷᠢᠬᠦ ᠢᠷᠡᠭᠡᠳᠦᠶ ᠶᠢᠨ ᠬᠥᠭᠵᠢᠯᠲᠡ ᠵᠡᠷᠭᠡ ᠲᠠᠪᠤᠨ ᠲᠠᠯ᠎ᠠ ᠠᠴᠠ ᠥᠷᠨᠢᠭᠦᠯᠵᠦ᠂  ᠭᠦᠢᠬᠡᠨ ᠭᠦᠨᠵᠡᠭᠡᠶ᠂ ᠯᠠᠪᠳᠠᠭᠤᠨ ᠪᠣᠳᠠᠲᠠᠶ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠭᠰᠠᠨ ᠠᠵᠤ ᠠᠬᠤᠶᠢᠯᠠᠯ ᠤᠨ ᠰᠤᠷᠤᠭᠴᠢᠳ ᠲᠤ ᠲᠠᠶᠢᠯᠪᠤᠷᠢᠯᠠᠯᠲᠠ ᠬᠢᠵᠡᠶ᠃ ᠬᠤᠷᠠᠯ ᠤᠨ ᠳᠠᠷᠠᠭ᠎ᠠ᠂ ᠲᠤᠰᠬᠠᠶ ᠮᠡᠷᠭᠡᠵᠢᠯᠲᠡᠨ ᠪᠠᠰᠠ ᠠᠵᠤ ᠠᠬᠤᠶᠢᠯᠠᠯ ᠤᠨ ᠳᠤᠷᠠᠳᠤᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ ᠨᠠᠷᠢᠨ ᠲᠣᠳᠣᠷᠬᠠᠶ ᠬᠠᠷᠢᠭᠤᠯᠲᠠ ᠥᠭᠪᠡ᠃      ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠵᠦᠢᠯ ᠤᠨ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠵᠦ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号