2024 ᠣᠨ ᠤ ᠪᠤᠭᠤᠲᠤ ᠬᠤᠲᠠ ᠶᠢᠨ ᠵᠠᠯᠠᠭᠤᠴᠤᠳ ᠤᠨ ᠳᠠᠳᠤᠯᠭ᠎ᠠ ᠶᠢᠨ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠬᠦ ᠠᠵᠢᠯ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/8
ᠣᠷᠣᠨ ᠤ ᠬᠠᠷᠢᠶ᠎ᠠ ᠡᠯ᠎ᠡ ᠨᠢᠭᠡᠴᠢ᠄      ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠯᠠᠭᠤᠴᠤᠳ ᠤᠨ ᠳᠠᠭᠠᠵᠤ ᠰᠤᠷᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠳᠠᠳᠤᠯᠭ᠎ᠠ ᠶᠢᠨ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠳᠠᠭᠠᠵᠤ ᠰᠤᠷᠬᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠠᠷᠪᠠᠨ ᠰᠠᠯᠠᠭ᠎ᠠ ᠮᠥᠴᠢᠷ ᠤᠨ ᠬᠠᠮᠲᠤᠷᠠᠨ ᠪᠠᠭᠤᠯᠭᠠᠭᠰᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠵᠠᠭᠤᠨ‌‍ᠲ᠋ᠦ᠋ᠮᠡᠨ ᠠᠵᠢᠯ ᠣᠯᠭᠤᠯᠲᠠ ᠶᠢᠨ ᠳᠠᠭᠠᠵᠤ ᠰᠤᠷᠬᠤ ᠠᠵᠢᠯ ᠤᠨ ᠪᠠᠶᠢᠷᠢ ᠶᠢ ᠴᠤᠭᠯᠠᠭᠤᠯᠬᠤ ᠲᠥᠯᠥᠪᠯᠡᠭᠡ ᠶᠢᠨ ᠠᠵᠢᠯ ᠤᠨ ᠲᠥᠰᠦᠯ﹀ ᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠲᠠᠷᠬᠠᠭᠠᠭᠰᠠᠨ ︹2020︺ 118 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠯᠠᠭᠤᠴᠤᠳ ᠤᠨ ᠳᠠᠭᠠᠵᠤ ᠰᠤᠷᠬᠤ ᠰᠠᠭᠤᠷᠢᠨ ᠭᠠᠵᠠᠷ ᠢ ᠮᠠᠭᠠᠳᠯᠠᠨ ᠲᠣᠭᠲᠠᠭᠠᠬᠤ ᠠᠵᠢᠯ ᠤᠨ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠮᠡᠳᠡᠭᠦᠯᠬᠦ ᠬᠡᠪᠴᠢᠶ᠎ᠡ     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠷᠢᠶ᠎ᠠ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠃ ᠲᠣᠰ ᠤᠳᠠᠭ᠎ᠠ ᠭᠤᠶᠤᠴᠢᠯᠠᠨ ᠮᠡᠳᠡᠭᠦᠯᠬᠦ ᠠᠵᠢᠯ ᠨᠢ ᠨᠢᠭᠡᠨᠲᠡ ᠦᠨᠡᠮᠰᠢᠨ   ᠲᠣᠭᠲᠠᠭᠠᠭᠰᠠᠨ ᠳᠠᠭᠠᠵᠤ ᠰᠤᠷᠬᠤ ᠨᠢᠭᠡᠴᠡ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠨᠢᠭᠡᠨᠲᠡ‌ᠦᠨᠡᠮᠰᠢᠨ  ᠳᠤᠭᠲᠠᠭᠠᠭᠳᠠᠭᠠᠳ 3 ᠵᠢᠯ ᠤᠨ ᠳᠣᠲᠣᠷ᠎ᠠ ᠳᠠᠭᠠᠵᠤ ᠰᠤᠷᠬᠤ ᠠᠵᠢᠯ ᠥᠷᠨᠢᠭᠦᠯᠦᠭᠡᠳᠦᠶ  ᠨᠢᠭᠡᠴᠡ ᠶᠢᠨ ᠳᠠᠭᠠᠵᠤ ᠰᠤᠷᠬᠤ ᠬᠢᠷᠢ ᠬᠡᠮ ᠢ ᠬᠦᠴᠦᠨ ᠥᠬᠡᠶ ᠪᠣᠯᠭᠠᠪᠠ᠃      ᠬᠤᠶᠠᠷ᠂ ᠮᠡᠳᠡᠭᠦᠯᠬᠦ ᠨᠥᠬᠦᠴᠡᠯ     ︵ᠨᠢᠭᠡ︶ ᠳᠠᠳᠤᠯᠭ᠎ᠠ ᠶᠢᠨ ᠨᠢᠭᠡᠴᠡ ᠨᠦᠭᠦᠳ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠬᠠᠤᠯᠢ ᠶᠣᠰᠣᠭᠠᠷ ᠡᠵᠡᠩᠨᠡᠨ᠂ ᠳᠦᠷᠢᠮ ᠢᠶᠠᠨ ᠪᠦᠷᠢᠨᠰᠢᠭᠦᠯᠵᠦ᠂ ᠬᠠᠮᠢᠶᠠᠷᠤᠯᠲᠠ ᠵᠢᠷᠤᠮᠵᠢᠯ ᠲᠠᠢ ᠪᠠᠶᠢᠵᠤ᠂ ᠵᠢᠯ ᠪᠦᠷᠢ ᠲᠡᠭᠦᠰᠦᠭᠰᠡᠨ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠪᠤᠶᠤ 16 ᠠᠴᠠ 24 ᠨᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ ᠲᠤ ᠠᠳᠠᠭ ᠲᠠᠭᠠᠨ 10 ᠠᠴᠠ ᠳᠡᠭᠡᠭᠰᠢ ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠬᠤ ᠬᠡᠷᠡᠭᠲᠡᠶ᠃ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠤᠨ ᠬᠦᠷᠢᠶᠡᠨ ᠤ ᠠᠵᠤ ᠠᠬᠤᠶᠢᠯᠠᠯ ᠵᠢᠴᠢ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠳᠠᠳᠤᠯᠭ᠎ᠠ ᠶᠢᠨ ᠨᠢᠭᠡᠴᠢ ᠳᠤ ᠢᠳᠡᠪᠬᠢᠲᠡᠢ ᠮᠡᠳᠡᠭᠦᠯᠬᠦ ᠶᠢ ᠵᠣᠷᠢᠭᠵᠢᠭᠤᠯᠤᠨ᠎ᠠ᠃ ᠲᠤᠰ ᠭᠠᠵᠠᠷ ᠣᠷᠣᠨ ᠤ ᠵᠣᠬᠢᠬᠤ ᠠᠵᠢᠯ ᠲᠥᠷᠥᠯ ᠤᠨ ᠲᠥᠯᠥᠭᠡᠯᠡᠬᠦ ᠴᠢᠨᠠᠷ ᠪᠠ ᠨᠡᠶᠢᠭᠡᠮ ᠤᠨ ᠨᠥᠯᠥᠭᠡᠯᠡᠬᠦ ᠬᠦᠴᠦᠨ ᠲᠠᠢ ᠠᠵᠤ ᠠᠬᠤᠶᠢᠯᠠᠯ ᠢ ᠤᠷᠢᠳ ᠢᠶᠠᠷ ᠰᠢᠩᠭᠡᠭᠡᠨ ᠠᠪᠴᠤ ᠳᠠᠳᠤᠯᠭ᠎ᠠ ᠶᠢᠨ ᠨᠢᠭᠡᠴᠢ ᠪᠣᠯᠭᠠᠨ᠎ᠠ᠃     ︵ᠬᠤᠶᠠᠷ︶ ᠳᠠᠳᠤᠯᠭ᠎ᠠ ᠬᠢᠬᠦ ᠨᠢᠭᠡᠴᠡ ᠶᠢᠨ ᠬᠠᠩᠭᠠᠭᠰᠠᠨ ᠳᠠᠳᠤᠯᠭ᠎ᠠ ᠬᠢᠬᠦ ᠠᠵᠢᠯ ᠤᠨ ᠪᠠᠶᠢᠷᠢ ᠳᠤ ᠪᠣᠯ ᠵᠠᠯᠠᠭᠤᠴᠤᠳ ᠤᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ ᠳᠤ ᠨᠡᠶᠢᠴᠡᠭᠦᠯᠵᠦ᠂ ᠵᠣᠬᠢᠬᠤ ᠮᠡᠳᠡᠯᠭᠡ᠂ ᠮᠡᠷᠭᠡᠵᠢᠯ᠂ ᠮᠡᠷᠭᠡᠵᠢᠯ ᠤᠨ ᠴᠢᠳᠠᠪᠤᠷᠢ ᠶᠢᠨ ᠠᠭᠤᠯᠤᠭᠳᠠᠴᠠ ᠪᠣᠯᠤᠨ ᠲᠤᠬᠠᠶᠢᠯᠠᠭᠰᠠᠨ ᠠᠵᠢᠯ ᠤᠨ ᠠᠭᠤᠯᠭ᠎ᠠ ᠲᠠᠢ ᠪᠠᠶᠢᠵᠤ᠂ ᠤᠯᠤᠰ ᠤᠨ ᠲᠣᠭᠲᠠᠭᠠᠯ ᠳᠤ ᠨᠡᠶᠢᠴᠡᠬᠦ ᠬᠥᠳᠡᠯᠮᠦᠷᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠣᠯᠤᠨ ᠬᠥᠳᠡᠯᠮᠦᠷᠢ ᠶᠢᠨ ᠠᠮᠤᠷ ᠲᠦᠪᠰᠢᠨ ᠡᠷᠡᠭᠦᠯ ᠬᠠᠮᠠᠭᠠᠯᠠᠯ ᠤᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ     ︵ᠭᠤᠷᠪᠠ︶ ᠳᠠᠳᠤᠯᠭ᠎ᠠ ᠶᠢᠨ ᠨᠢᠭᠡᠴᠡ ᠨᠢ ᠪᠦᠷᠢᠨ ᠲᠡᠭᠦᠯᠳᠡᠷ ᠠᠵᠢᠯᠲᠠᠨ ᠠᠵᠢᠯᠴᠢᠨ ᠤ ᠪᠣᠯᠪᠠᠰᠤᠷᠠᠭᠤᠯᠤᠯ ᠬᠥᠮᠦᠵᠢᠯ ᠤᠨ ᠰᠢᠰᠲ᠋ᠧᠮ ᠲᠠᠢ ᠪᠠᠶᠢᠵᠤ᠂ ᠳᠠᠳᠤᠯᠭ᠎ᠠ ᠶᠢᠨ ᠠᠵᠢᠯᠲᠠᠨ ᠳᠤ ᠵᠢᠯᠣᠭᠤᠳᠣᠯᠭ᠎ᠠ ᠥᠭᠭᠦᠭᠰᠡᠨ ᠪᠠᠭᠰᠢ ᠶᠢᠨ ᠬᠦᠴᠦᠨ ᠪᠠ ᠲᠤᠰᠬᠠᠶ ᠮᠡᠷᠭᠡᠵᠢᠯ ᠤᠨ ᠠᠵᠢᠯᠲᠠᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠣᠰᠣᠭᠠᠷ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠬᠢᠵᠦ ᠴᠢᠳᠠᠬᠤ ᠶᠤᠮ᠃     ︵ᠲᠦᠷᠪᠡ︶ ᠳᠠᠭᠠᠵᠤ ᠰᠤᠷᠬᠤ ᠨᠢᠭᠡᠴᠡ ᠨᠢ ᠳᠠᠭᠠᠵᠤ ᠰᠤᠷᠬᠤ ᠬᠥᠮᠦᠰ ᠲᠤ ᠬᠡᠰᠡᠭ ᠦᠨᠳᠦᠰᠦᠨ ᠠᠮᠢᠳᠤᠷᠠᠯ ᠤᠨ ᠨᠥᠬᠦᠪᠥᠷᠢ ᠬᠠᠩᠭᠠᠵᠤ᠂ ᠪᠠᠷᠢᠮᠵᠢᠶ᠎ᠠ ᠨᠢ ᠲᠤᠬᠠᠶ ᠶᠢᠨ ᠵᠢᠯ ᠤᠨ ᠨᠡᠶᠢᠭᠡᠮ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠪᠠᠶᠢᠬᠤ ᠶᠢᠨ ᠬᠠᠮᠲᠤ ᠬᠥᠮᠦᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠢ ᠭᠦᠢᠴᠡᠳᠬᠡᠵᠦ ᠴᠢᠳᠠᠨ᠎ᠠ᠃     ᠭᠤᠷᠪᠠ᠂ ᠮᠡᠳᠡᠭᠦᠯᠬᠦ ᠮᠠᠲ᠋ᠧᠷᠢᠶᠠᠯ     ︵ᠨᠢᠭᠡ︶ ᠪᠤᠭᠤᠲᠤ ᠬᠤᠲᠠ ᠶᠢᠨ ᠵᠠᠯᠠᠭᠤ ᠳᠠᠳᠤᠯᠭ᠎ᠠ ᠶᠢᠨ ᠨᠢᠭᠡᠴᠢ ᠶᠢᠨ ᠬᠢᠨᠠᠨ ᠵᠥᠪᠰᠢᠶᠡᠷᠡᠭᠦᠯᠬᠦ ᠬᠦᠰᠦᠨᠦᠭᠲᠦ     ︵ᠬᠤᠶᠠᠷ︶ ᠪᠤᠭᠤᠲᠤ ᠬᠤᠲᠠ ᠶᠢᠨ ᠵᠠᠯᠠᠭᠤᠴᠤᠳ ᠤᠨ ᠳᠠᠳᠤᠯᠭ᠎ᠠ ᠶᠢᠨ ᠨᠢᠭᠡᠴᠡ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠶᠢᠨ ᠬᠦᠰᠦᠨᠦᠭ    ︵ᠭᠤᠷᠪᠠ︶ ᠨᠢᠭᠡᠴᠡ ᠶᠢᠨ ᠵᠣᠬᠢᠶᠠᠨ ᠪᠠᠶᠢᠭᠤᠯᠬᠤ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ ᠪᠤᠶᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ᠪᠤᠶᠤ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠭᠤᠯᠬᠤ ᠦᠨᠡᠮᠯᠡᠯ     ︵ᠲᠦᠷᠪᠡ︶ ᠪᠠᠶᠢᠭᠤᠯᠤᠯᠭ᠎ᠠ ᠨᠢᠭᠡᠴᠡ ᠪᠠᠨ ᠲᠣᠪᠴᠢ ᠲᠠᠨᠢᠯᠴᠠᠭᠤᠯᠬᠤ᠂ ᠠᠵᠢᠯ ᠣᠯᠬᠤ ᠶᠢ ᠳᠠᠭᠠᠵᠤ ᠰᠤᠷᠬᠤ ᠲᠥᠯᠥᠪᠯᠡᠭᠡ ᠪᠣᠯᠤᠨ ᠬᠢᠨᠠᠨ ᠰᠢᠯᠭᠠᠬᠤ ᠳᠦᠷᠢᠮ᠃     ᠳᠥᠷᠪᠡ᠂ ᠮᠡᠳᠡᠭᠦᠯᠬᠦ ᠠᠷᠭ᠎ᠠ ᠮᠠᠶ᠋ᠢᠭ     ᠮᠡᠳᠡᠭᠦᠯᠬᠦ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠴᠢᠳᠠᠪᠤᠷᠢᠲᠠᠨ ᠤ ᠲᠥᠪ ᠲᠤ ᠭᠤᠶᠤᠴᠢᠯᠠᠯ ᠭᠠᠷᠭᠠᠬᠤ ᠶᠢᠨ ᠬᠠᠮᠲᠤ ᠴᠠᠭᠠᠰᠤᠨ ᠮᠠᠲ᠋ᠧᠷᠢᠶᠠᠯ ᠢ ᠪᠢᠨ ᠾᠧ ᠲᠣᠮᠣ ᠠᠰᠠᠷ ᠤᠨ 915 ᠠᠯᠪᠠᠨ ᠭᠡᠷ ᠲᠤ ᠮᠡᠳᠡᠭᠦᠯᠦᠨ ᠬᠦᠷᠭᠡᠵᠦ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠠᠴᠠ ᠦᠨᠡᠯᠡᠬᠦ ᠪᠠᠷᠢᠮᠵᠢᠶ᠎ᠠ ᠵᠢᠴᠢ ᠳᠡᠰ ᠳᠠᠷᠠᠭᠠᠯᠠᠯ ᠤᠨ ᠶᠣᠰᠣᠭᠠᠷ ᠮᠠᠭᠠᠳᠯᠠᠨ ᠲᠣᠭᠲᠠᠭᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ ᠳᠠᠳᠤᠯᠭ᠎ᠠ ᠬᠢᠬᠦ ᠰᠠᠭᠤᠷᠢᠨ ᠭᠠᠵᠠᠷ ᠢᠶᠠᠷ ᠲᠣᠭᠲᠠᠭᠠᠭᠰᠠᠨ ᠪᠠᠢᠭᠤᠯᠤᠯᠭ᠎ᠠ ᠨᠢ ᠥᠪᠥᠷ ᠮᠤᠩᠭᠤᠯ ᠤᠨ ᠵᠠᠯᠠᠭᠤᠴᠤᠳ ᠤᠨ ᠳᠠᠳᠤᠯᠭ᠎ᠠ ᠬᠢᠬᠦ ᠰᠢᠰᠲ᠋ᠧᠮ  ︵http: / / gx.nmrc.com.cn//trainneeLogin ᠢᠶᠠᠷ ᠳᠠᠮᠵᠢᠨ ᠳᠠᠳᠤᠯᠭ᠎ᠠ ᠬᠢᠬᠦ ᠠᠵᠢᠯ ᠢᠶᠠᠨ ᠵᠢᠩᠬᠢᠨᠢ ᠪᠠᠷ ᠥᠷᠨᠢᠭᠦᠯᠪᠡ᠃     ᠲᠠᠪᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ    ᠳᠠᠭᠠᠵᠤ ᠰᠤᠷᠬᠤ ᠰᠠᠭᠤᠷᠢᠨ ᠭᠠᠵᠠᠷ ᠢᠶᠠᠷ ᠦᠨᠡᠮᠰᠢᠭᠰᠡᠨ ᠨᠢᠭᠡᠴᠡ ᠠᠴᠠ ᠰᠤᠷᠭᠠᠭᠤᠯᠢ ᠠᠴᠠ ᠪᠠᠨ ᠰᠠᠯᠵᠤ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠪᠤᠶᠤ 16 - 24 ᠨᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ ᠲᠤ ᠠᠵᠢᠯ ᠣᠯᠭᠤᠬᠤ ᠶᠢᠨ ᠳᠠᠭᠠᠵᠤ ᠰᠤᠷᠬᠤ ᠶᠢ ᠣᠷᠣᠭᠤᠯᠤᠨ ᠠᠪᠬᠤ ᠳᠤ᠂ ᠳᠠᠭᠠᠵᠤ ᠰᠤᠷᠬᠤ ᠨᠢᠭᠡᠴᠡ ᠶᠢᠨ ᠬᠥᠮᠦᠨ ᠪᠦᠷᠢ ᠳᠤ ᠰᠠᠷ᠎ᠠ ᠪᠦᠷᠢ ᠥᠪᠡᠷᠲᠡᠭᠡᠨ ᠵᠠᠰᠠᠬᠤ ᠣᠷᠣᠨ ᠤ 1 ᠲᠥᠷᠥᠯ ᠤᠨ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 50% ︵3 - 12 ᠰᠠᠷ᠎ᠠ︶ ᠠᠴᠠ ᠳᠣᠤᠷ᠎ᠠ ᠦᠭᠡᠶ ᠳᠠᠭᠠᠵᠤ ᠰᠤᠷᠬᠤ ᠨᠥᠬᠦᠪᠥᠷᠢ ᠣᠯᠭᠤᠬᠤ ᠬᠡᠷᠡᠭᠲᠡᠶ᠃      ᠳᠠᠭᠠᠯᠳᠤᠭᠤᠯᠤᠯ᠄      1. ᠪᠤᠭᠤᠲᠤ ᠬᠤᠲᠠ ᠶᠢᠨ ᠵᠠᠯᠠᠭᠤᠴᠤᠳ ᠤᠨ ᠳᠠᠳᠤᠯᠭ᠎ᠠ ᠶᠢᠨ ᠨᠢᠭᠡᠴᠢ ᠶᠢ ᠬᠢᠨᠠᠨ ᠵᠥᠪᠰᠢᠶᠡᠷᠡᠬᠦ ᠬᠦᠰᠦᠨᠦᠭᠲᠦ       2. ᠪᠤᠭᠤᠲᠤ ᠬᠤᠲᠠ ᠶᠢᠨ ᠵᠠᠯᠠᠭᠤᠴᠤᠳ ᠤᠨ ᠳᠠᠭᠠᠵᠤ ᠰᠤᠷᠬᠤ ᠨᠢᠭᠡᠴᠢ ᠶᠢᠨ ᠳᠠᠳᠤᠯᠭ᠎ᠠ ᠬᠢᠬᠦ ᠠᠵᠢᠯ ᠤᠨ ᠪᠠᠶᠢᠷᠢ ᠶᠢᠨ ᠬᠦᠰᠦᠨᠦᠭᠲᠦ       3 . ᠵᠠᠯᠠᠭᠤᠴᠤᠳ ᠤᠨ ᠳᠠᠳᠤᠯᠭ᠎ᠠ ᠬᠢᠭᠦ ᠳᠤ ᠣᠷᠤᠯᠴᠠᠬᠤ ᠬᠦᠮᠦᠰ ᠤᠨ ᠨᠡᠷᠡᠰ       4. ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠯᠠᠭᠤᠴᠤᠳ ᠤᠨ ᠳᠠᠭᠠᠵᠤ ᠰᠤᠷᠬᠤ ᠰᠠᠭᠤᠷᠢᠨ ᠭᠠᠵᠠᠷ ᠢ ᠦᠨᠡᠯᠡᠬᠦ ᠪᠠᠷᠢᠮᠵᠢᠶ᠎ᠠ                                             ᠬᠠᠷᠢᠯᠴᠠᠬᠤ ᠬᠥᠮᠦᠨ ᠵᠢᠴᠢ ᠤᠲᠠᠰᠤ᠄ ᠸᠠᠩ ᠫᠧᠩ    0472 - 5255915       ᠬᠠᠷᠢᠯᠴᠠᠬᠤ ᠬᠠᠶᠢᠭ᠄ ᠪᠢᠨ ᠾᠧ ᠶᠡᠭᠡ ᠠᠰᠠᠷ ᠤᠨ 915 ᠠᠯᠪᠠᠨ ᠭᠡᠷ                                              ᠬᠤᠪᠣᠷ ᠰᠢᠷᠣᠶ  ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ                                                    2024 ᠣᠨ ᠤ 7 ᠰᠠᠷ᠎ᠠ ᠶᠢᠨ 1 ᠤ ᠡᠳᠦᠷ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号