ᠤᠷᠭᠤᠮᠠᠯ ᠢ ᠬᠠᠮᠠᠭᠠᠯᠠᠬᠤ ᠵᠢᠯᠣᠭᠤᠴᠢ ᠦᠭᠡᠢ ᠨᠢᠰᠬᠡᠯ ᠢᠶᠠᠷ ᠡᠮ ᠣᠷᠣᠭᠤᠯᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2024/8/13
     ᠤᠷᠭᠤᠮᠠᠯ ᠢ ᠬᠠᠮᠠᠭᠠᠯᠠᠬᠤ ᠵᠢᠯᠣᠭᠤᠴᠢ ᠦᠭᠡᠢ ᠨᠢᠰᠬᠡᠯ ᠢᠶᠠᠷ ᠡᠮ ᠣᠷᠣᠭᠤᠯᠬᠤ ᠳᠤ ᠲᠥᠬᠦᠮ ᠲᠦᠳᠡ᠂ ᠠᠵᠢᠯ ᠤᠨ ᠦᠷ᠎ᠡ ᠪᠦᠲᠦᠮᠵᠢ ᠥᠨᠳᠥᠷ ᠪᠠᠶᠢᠵᠤ᠂ ᠨᠢᠭᠡᠨᠲᠡ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠴᠢᠬᠤᠯᠠ ᠠᠷᠭ᠎ᠠ ᠪᠠᠷᠢᠯ ᠪᠣᠯᠤᠭᠰᠠᠨ ᠪᠣᠯᠪᠠᠴᠤ ᠬᠡᠷᠡᠭᠯᠡᠬᠦ ᠳᠤᠮᠳᠠ ᠪᠠᠨ ᠳᠣᠣᠷᠠᠬᠢ ᠠᠰᠠᠭᠤᠳᠠᠯ ᠢ ᠠᠩᠬᠠᠷᠬᠤ ᠬᠡᠷᠡᠭᠲᠡᠢ᠄     1. ᠡᠮ ᠣᠷᠣᠭᠤᠯᠬᠤ ᠣᠷᠴᠢᠨ ᠲᠣᠭᠤᠷᠢᠨ ᠤ ᠠᠶᠤᠯ ᠦᠭᠡᠢ ᠪᠠᠶᠢᠬᠤ᠃ ᠠᠵᠢᠯᠯᠠᠬᠤ ᠠᠴᠠ ᠡᠮᠦᠨ᠎ᠡ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠠᠶᠢᠴᠠᠭᠠᠵᠤ᠂ ᠪᠠᠶᠢᠭ᠎ᠠ ᠣᠷᠣᠨ ᠪᠦᠰᠡ ᠨᠢ ᠵᠢᠯᠣᠭᠤᠴᠢ ᠦᠭᠡᠢ ᠨᠢᠰᠬᠡᠯ ᠢᠶᠠᠷ ᠠᠵᠢᠯᠯᠠᠬᠤ ᠨᠥᠬᠦᠴᠡᠯ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠳᠠᠯᠳᠠ ᠠᠶᠤᠯ ᠲᠦᠭᠰᠢᠭᠦᠷᠢ ᠶᠢ ᠶᠡᠷᠦᠩᠬᠡᠶᠢᠯᠡᠨ ᠦᠨᠡᠯᠡᠨ ᠵᠢᠱᠢᠵᠦ᠂ ᠮᠠᠨᠠᠨ ᠤᠰᠤ ᠶᠢᠨ ᠬᠥᠪᠪᠦᠵᠦ ᠫᠠᠶᠢᠰᠠ ᠶᠢᠨ ᠪᠤᠰᠤ ᠠᠰᠢᠭᠲᠠᠢ ᠠᠮᠢᠳᠤ ᠪᠣᠳᠠᠰ ᠤᠨ ᠬᠤᠣᠷ ᠬᠥᠨᠥᠭᠡᠯ ᠪᠠ ᠡᠷᠬᠢᠨ ᠲᠣᠭᠤᠷᠢᠨ ᠤ ᠰᠡᠷᠭᠡᠭ ᠲᠠᠷᠢᠮᠠᠯ ᠤᠨ ᠡᠮ ᠤᠨ ᠬᠤᠣᠷ ᠬᠥᠨᠥᠭᠡᠯ ᠤᠴᠠᠷᠠᠭᠤᠯᠬᠤ ᠶᠢ ᠰᠡᠷᠭᠡᠶᠢᠯᠡᠬᠦ ᠬᠡᠷᠡᠭᠲᠡᠢ᠃     2. ᠠᠵᠢᠯ ᠤᠨ ᠫᠠᠷᠠᠮᠧᠳ᠋ᠷ ᠤᠨ ᠪᠠᠶᠢᠷᠢᠯᠠᠭᠤᠯᠤᠯᠲᠠ᠃ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠲᠥᠷᠥᠯ ᠵᠦᠢᠯ᠂ ᠣᠷᠣᠨ ᠪᠠᠶᠢᠷᠢ ᠵᠢᠴᠢ ᠬᠥᠨᠥᠭᠡᠯ ᠤᠨ ᠬᠡᠮᠵᠢᠶ᠎ᠡ᠂ ᠲᠠᠷᠢᠮᠠᠯ ᠤᠨ ᠲᠥᠷᠥᠯ ᠵᠦᠢᠯ ᠪᠣᠯᠣᠨ ᠦᠷᠡᠵᠢᠯ ᠤᠨ ᠬᠤᠭᠤᠴᠠᠭ᠎ᠠ᠂ ᠡᠮ ᠤᠨ ᠲᠤᠰᠠᠯᠠᠬᠤ ᠡᠮ ᠤᠨ ᠲᠥᠷᠥᠯ ᠵᠦᠢᠯ ᠵᠡᠷᠭᠡ ᠶᠢ ᠦᠨᠳᠦᠰᠦᠯᠡᠨ᠂ ᠲᠠᠯᠠᠪᠠᠶ ᠨᠢᠭᠡᠴᠢ ᠶᠢᠨ ᠡᠮ ᠣᠷᠣᠭᠤᠯᠬᠤ ᠰᠢᠩᠭᠡᠨ ᠪᠡᠶᠡᠲᠦ ᠶᠢᠨ ᠬᠡᠮᠵᠢᠶ᠎ᠡ ᠶᠢ ᠲᠣᠭᠲᠠᠭᠠᠵᠤ᠂ ᠤᠷᠭᠤᠮᠠᠯ ᠢ ᠬᠠᠮᠠᠭᠠᠯᠠᠬᠤ ᠳᠤ ᠲᠣᠬᠢᠷᠠᠬᠤ ᠵᠢᠯᠣᠭᠤᠴᠢ ᠦᠭᠡᠢ ᠨᠢᠰᠬᠡᠯ ᠤᠨ ᠬᠡᠯᠪᠡᠷᠢ ᠶᠢ ᠰᠤᠩᠭᠤᠵᠤ᠂ ᠰᠣᠩᠭᠤᠬᠤ ᠳᠤ ᠲᠣᠬᠢᠷᠠᠬᠤ ᠨᠢᠰᠬᠡᠯ ᠤᠨ ᠬᠡᠯᠪᠡᠷᠢ ᠳᠤ ᠣᠯᠠᠨ ᠡᠷᠭᠢᠯᠳᠦᠭᠡ ᠵᠢᠭᠦᠷ ᠪᠣᠯᠣᠨ ᠳᠠᠩ ᠡᠷᠭᠢᠯᠳᠦᠭᠡ ᠵᠢᠭᠦᠷ ᠢ ᠪᠠᠭᠲᠠᠭᠠᠵᠤ᠂ ᠲᠣᠬᠢᠷᠠᠮᠵᠢᠲᠠᠢ ᠨᠢᠰᠦᠯᠲᠡ ᠶᠢᠨ ᠥᠨᠳᠥᠷ᠂ ᠬᠤᠷᠳᠤᠴᠠ ᠪᠣᠯᠣᠨ ᠪᠦᠲᠦᠮᠵᠢᠲᠡᠶ ᠰᠦᠷᠴᠢᠭᠦᠷ ᠵᠡᠷᠭᠡ ᠪᠣᠯᠵᠣᠯᠲᠤ ᠲᠤᠭ᠎ᠠ ᠶᠢ ᠲᠣᠭᠲᠠᠭᠠᠬᠤ ᠶᠢᠨ ᠬᠠᠮᠲᠤ ᠲᠥᠯᠦᠪᠵᠢᠭᠦᠯᠭᠡ ᠶᠢᠨ ᠠᠶᠠᠯᠠᠯ ᠤᠨ ᠱᠤᠭᠤᠮ ᠢ ᠲᠥᠯᠥᠪᠵᠢᠭᠦᠯᠬᠦ ᠬᠡᠷᠡᠭᠲᠡᠢ᠃     3. ᠡᠮ ᠨᠠᠶᠢᠷᠠᠯᠭ᠎ᠠ ᠶᠢᠨ ᠬᠡᠯᠪᠡᠷᠢ ᠶᠢᠨ ᠰᠣᠩᠭᠤᠯᠲᠠ᠃ ᠤᠷᠭᠤᠮᠠᠯ ᠢ ᠬᠠᠮᠠᠭᠠᠯᠠᠬᠤ ᠵᠢᠯᠣᠭᠤᠴᠢ ᠦᠭᠡᠢ ᠨᠢᠰᠬᠡᠯ ᠤᠨ ᠲᠤᠰᠬᠠᠢ ᠬᠡᠷᠡᠭᠯᠡᠬᠦ ᠡᠮ ᠤᠨ ᠬᠡᠯᠪᠡᠷᠢ ᠶᠢ ᠤᠷᠢᠳᠠᠪᠠᠷ ᠰᠣᠩᠭᠤᠵᠤ᠂ ᠳᠠᠷᠠᠭ᠎ᠠ ᠨᠢ ᠪᠢᠴᠢᠯ ᠠᠭᠤᠷᠠᠭ ᠡᠳ᠋ ᠂ ᠠᠭᠤᠰᠤᠮᠠᠬᠠᠢ ᠡᠳ᠋᠂ ᠳᠡᠭᠳᠡᠮᠡᠯ ᠬᠥᠪᠥᠮᠡᠯ ᠡᠳ᠋᠂ ᠬᠠᠭᠤᠷᠠᠢ ᠬᠥᠪᠥᠮᠡᠯ ᠡᠳ᠋᠂ ᠤᠰᠤᠨ ᠠᠭᠤᠷᠠᠭ ᠡᠳ᠋᠂ ᠠᠭᠤᠷᠠᠭ ᠲᠣᠰᠣ᠂ ᠲᠣᠰᠣᠯᠢᠭ ᠡᠳ᠋ ᠵᠡᠷᠭᠡ ᠨᠠᠶᠢᠷᠠᠯᠭ᠎ᠠ ᠶᠢᠨ ᠬᠡᠯᠪᠡᠷᠢ ᠪᠣᠯᠣᠨ᠎ᠠ᠂ ᠡᠰᠡᠬᠦᠯ᠎ᠡ ᠦᠨᠳᠦᠷ ᠲᠠᠷᠠᠬᠠᠢ ᠴᠢᠭᠢᠭᠯᠢᠭ ᠨᠤᠨᠳᠠᠭ ᠪᠠ ᠤᠰᠤ ᠲᠠᠷᠠᠬᠠᠢ ᠮᠥᠬᠦᠯᠢᠭ ᠡᠳ᠋ ᠢ ᠡᠩ ᠲᠡᠷᠢᠭᠦᠨ ᠳᠤ ᠰᠣᠩᠭᠤᠵᠤ᠂ ᠰᠦᠷᠴᠢᠭᠦᠷ ᠢ ᠪᠦᠭᠯᠡᠵᠦ ᠰᠦᠷᠴᠢᠬᠦ ᠪᠠ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ᠃    4. ᠡᠮ ᠨᠠᠶᠢᠷᠠᠭᠤᠯᠤᠨ ᠵᠣᠬᠢᠶᠠᠬᠤ᠃ ᠱᠣᠰᠢᠭ᠎ᠠ ᠲᠡᠮᠳᠡᠭ ᠢᠶᠠᠷ ᠡᠮ ᠬᠡᠷᠡᠭᠯᠡᠬᠦ ᠶᠢ ᠲᠣᠳᠣᠷᠬᠠᠶᠢᠯᠠᠵᠤ᠂ ᠬᠡᠷᠡᠭᠯᠡᠬᠦ ᠡᠮ ᠤᠨ ᠬᠡᠮᠵᠢᠶ᠎ᠡ ᠪᠣᠯᠣᠨ ᠡᠮ ᠤᠨ ᠰᠢᠩᠭᠡᠨ ᠤ ᠥᠳᠬᠡᠴᠡ ᠶᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠦᠭᠡᠢ᠂ ᠬᠤᠶᠠᠳᠠᠭᠢ ᠤᠳᠠᠭ᠎ᠠ ᠪᠤᠯ ᠨᠠᠶᠢᠷᠠᠭᠰᠠᠨ ᠡᠮ ᠢᠶᠠᠨ ᠰᠢᠩᠭᠡᠯᠡᠬᠦ ᠶᠢᠨ ᠳᠠᠭᠠᠤ ᠳᠠᠷᠤᠢ ᠳᠤᠨᠢ ᠬᠡᠷᠡᠭᠯᠡᠬᠦ ᠬᠡᠷᠡᠭᠲᠡᠢ︔ ᠡᠮ ᠤᠨ ᠰᠢᠩᠭᠡᠨ ᠳᠤ ᠵᠣᠬᠢᠬᠤ ᠬᠡᠮᠵᠢᠶᠡᠨ ᠤ ᠰᠦᠷᠴᠢᠬᠦ ᠲᠤᠰᠠᠯᠠᠭᠴᠢ ᠡᠮ ᠨᠡᠮᠡᠬᠦ ᠶᠢᠨ ᠬᠠᠮᠲᠤ ᠬᠤᠯᠢᠯᠳᠤᠭᠤᠯᠤᠨ ᠵᠢᠭᠳᠡ ᠪᠠᠶᠢᠯᠭᠠᠵᠤ᠂ ᠲᠠᠷᠢᠶᠠᠨ ᠡᠮ ᠤᠨ ᠡᠮ ᠤᠨ ᠰᠢᠩᠭᠡᠨ ᠤ ᠴᠢᠳᠠᠪᠬᠢ ᠶᠢ ᠰᠠᠶᠢᠵᠢᠷᠠᠭᠤᠯᠬᠤ ᠳᠤ ᠬᠡᠷᠡᠭᠯᠡᠵᠦ᠂ ᠮᠠᠨᠠᠨ ᠪᠠᠭᠤᠵᠤ ᠰᠠᠭᠤᠬᠤ᠂ ᠬᠡᠶᠢᠰᠴᠦ ᠰᠢᠯᠵᠢᠬᠦ ᠶᠢ ᠡᠰᠡᠷᠭᠦᠴᠡᠬᠦ᠂ ᠠᠭᠤᠷᠰᠢᠭᠤᠯᠬᠤ ᠶᠢ ᠡᠰᠡᠷᠭᠦᠴᠡᠬᠦ ᠵᠡᠷᠭᠡ ᠴᠢᠳᠠᠪᠬᠢ ᠶᠢ ᠳᠡᠭᠡᠭᠰᠢᠯᠡᠬᠦᠯᠬᠦ ᠬᠡᠷᠡᠭᠲᠡᠢ᠃    5. ᠠᠵᠢᠯᠯᠠᠬᠤ ᠴᠠᠭ ᠠᠭᠤᠷ ᠤᠨ ᠨᠥᠬᠦᠴᠡᠯ᠃ ᠰᠠᠯᠬᠢᠨ ᠤ ᠬᠦᠴᠦ ᠨᠢ ᠭᠤᠷᠪᠠᠨ ᠲᠠᠰ ᠤᠨ ᠳᠣᠲᠣᠷ᠎ᠠ᠂ ᠳᠤᠯᠠᠭᠠᠨ ᠤ ᠬᠡᠮᠵᠢᠶ᠎ᠡ ᠨᠢ 12 ~ 30 ᠭᠷᠡᠳᠦ᠋ᠰ᠂ ᠬᠠᠷᠢᠴᠠᠩᠭᠤᠢ ᠴᠢᠭᠢᠭ ᠤᠨ ᠬᠡᠮᠵᠢᠶ᠎ᠡ ᠨᠢ 40% ᠠᠴᠠ ᠳᠡᠭᠡᠭᠰᠢ ᠡᠮ ᠣᠷᠣᠭᠤᠯᠬᠤ ᠠᠵᠢᠯ ᠥᠷᠨᠢᠭᠦᠯᠬᠦ ᠶᠢ ᠰᠠᠨᠠᠭᠤᠯᠵᠤ ᠪᠠᠶᠢᠨ᠎ᠠ᠃    6. ᠡᠮ ᠣᠷᠤᠭᠤᠯᠬᠤ ᠠᠵᠢᠯᠯᠠᠭᠠᠨ ᠤ ᠠᠶᠤᠯ ᠦᠭᠡᠢ ᠪᠠᠶᠢᠬᠤ᠃ ᠰᠡᠷᠡᠮᠵᠢ ᠶᠢᠨ ᠫᠠᠶᠢᠰᠠ ᠪᠣᠰᠬᠠᠵᠤ᠂ ᠷᠠᠳᠢᠣ᠋ ᠨᠡᠪᠲᠡᠷᠡᠭᠦᠯᠭᠡ ᠪᠠᠷ ᠠᠵᠢᠯᠯᠠᠬᠤ ᠴᠠᠭ ᠢ ᠮᠡᠳᠡᠭᠳᠡᠵᠦ᠂ ᠠᠵᠢᠯᠯᠠᠬᠤ ᠭᠠᠵᠠᠷ ᠲᠤ ᠬᠠᠮᠢᠶ᠎ᠠ ᠦᠭᠡᠢ ᠬᠥᠮᠥᠨ ᠣᠷᠣᠬᠤ ᠶᠢ ᠴᠠᠭᠠᠵᠠᠯᠠᠬᠤ ᠬᠡᠷᠡᠭᠲᠡᠢ︔ ᠵᠢᠯᠣᠭᠤᠴᠢ ᠦᠭᠡᠢ ᠨᠢᠰᠬᠡᠯ ᠨᠢᠰᠴᠦ ᠪᠠᠭᠤᠬᠤ ᠦᠶᠡᠰ ᠬᠠᠷᠰᠢ ᠰᠠᠭᠠᠳ ᠪᠠ ᠬᠥᠮᠥᠰ ᠠᠴᠠ ᠬᠤᠯᠠ ᠵᠠᠶᠢᠳᠠᠬᠤ ᠬᠡᠷᠡᠭᠲᠡᠢ︔ ᠠᠵᠢᠯᠯᠠᠵᠤ ᠪᠠᠶᠢᠭ᠎ᠠ ᠬᠥᠮᠥᠰ ᠴᠢᠬᠤᠯᠠ ᠪᠦᠬᠦᠢ ᠬᠠᠮᠠᠭᠠᠯᠠᠯᠲᠠ ᠶᠢᠨ ᠬᠡᠷᠡᠭᠰᠡᠯ ᠡᠮᠦᠰᠴᠦ᠂ ᠰᠦᠷᠴᠢᠬᠦ ᠳᠣᠣᠷ᠎ᠠ ᠪᠠᠶᠢᠷᠢᠨ ᠳᠤ ᠣᠷᠣᠬᠤ ᠠᠴᠠ ᠵᠠᠶᠢᠯᠠᠰᠬᠢᠵᠦ᠂ ᠠᠵᠢᠯᠯᠠᠬᠤ ᠦᠶ᠎ᠡ ᠳᠤ ᠲᠠᠮᠠᠬᠢ ᠲᠠᠲᠠᠬᠤ ᠪᠠ ᠢᠳᠡᠭᠡᠨ ᠤᠮᠳᠠᠭᠠᠨ ᠢ ᠴᠠᠭᠠᠵᠠᠯᠠᠬᠤ ᠬᠡᠷᠡᠭᠲᠡᠢ᠃    7. ᠠᠵᠢᠯ ᠤᠨ ᠦᠷ᠎ᠡ ᠪᠦᠲᠦᠮᠵᠢ ᠶᠢ ᠲᠣᠭᠤᠷᠢᠨ ᠪᠠᠶᠢᠴᠠᠭᠠᠬᠤ᠃ ᠡᠮ ᠣᠷᠤᠭᠤᠯᠵᠤ ᠰᠡᠷᠭᠡᠶᠢᠯᠡᠨ ᠵᠠᠰᠠᠭᠰᠠᠨ ᠤ ᠳᠠᠷᠠᠭ᠎ᠠ᠂ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠶᠠᠰᠤ ᠴᠢᠨᠠᠷ ᠪᠣᠯᠣᠨ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠮᠥᠷᠳᠡᠨ ᠪᠠᠶᠢᠴᠠᠭᠠᠵᠤ᠂ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠪᠠᠷ ᠠᠨᠠᠢ ᠲᠠᠷᠢᠶᠠᠨ ᠭᠠᠵᠠᠷ ᠢ ᠴᠠᠭ ᠲᠤᠬᠠᠢ ᠳᠤᠨᠢ ᠨᠥᠬᠦᠵᠦ ᠰᠡᠷᠭᠡᠶᠢᠯᠡᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号