ᠪᠡᠯᠴᠢᠭᠡᠷᠯᠡᠭᠦᠯᠬᠦ ᠪᠣᠯ ᠬᠥᠮᠥᠨ ᠤ ᠬᠦᠴᠦ ᠪᠠᠷ ᠠᠷᠠᠴᠢᠯᠠᠵᠤ ᠳᠣᠳᠣᠮᠳᠠᠭᠰᠠᠨ ᠦᠬᠡᠷ ᠤᠨ ᠲᠠᠯ᠎ᠠ | ᠨᠤᠲᠤᠭ ᠠᠴᠠ ᠲᠡᠵᠢᠭᠡᠯ ᠡᠪᠡᠰᠦ ᠢᠳᠡᠭᠦᠯᠬᠦ ᠶᠢᠨ ᠬᠠᠮᠲᠤ ᠮᠠᠯ ᠤᠨ ᠠᠰᠢᠭ ᠰᠢᠮ᠎ᠡ ᠪᠣᠯᠭᠠᠨ ᠬᠤᠪᠢᠷᠠᠭᠤᠯᠬᠤ ᠨᠢᠭᠡ | ᠵᠦᠢᠯ ᠤᠨ ᠠᠷᠠᠴᠢᠯᠠᠭ᠎ᠠ ᠶᠢᠨ ᠠᠷᠭ᠎ᠠ ᠬᠡᠯᠪᠡᠷᠢ ᠪᠣᠯᠣᠨ᠎ᠠ᠃ ᠮᠠᠯ ᠬᠠᠷᠢᠭᠤᠯᠬᠤ ᠳᠠᠭᠠᠨ ︽ᠬᠤᠯᠠ ᠬᠥᠭᠡᠭᠡᠵᠦ | ᠣᠶᠢᠷ᠎ᠠ ᠠᠴᠠ ᠢᠳᠡᠬᠦ︾ ᠵᠠᠷᠴᠢᠮ ᠢ ᠪᠠᠷᠢᠮᠲᠠᠯᠠᠬᠤ ᠬᠡᠷᠡᠭᠲᠡᠢ᠃ ᠪᠡᠯᠴᠢᠭᠡᠷᠯᠡᠭᠦᠯᠬᠦ ᠠᠷᠭ᠎ᠠ ᠮᠠᠶ᠋ᠢᠭ ᠢ ᠴᠢᠯᠦᠭᠡᠲᠡᠢ ᠪᠠᠷ | ᠪᠡᠯᠴᠢᠭᠡᠷᠯᠡᠭᠦᠯᠬᠦ ᠪᠠ ᠲᠣᠭᠤᠷᠢᠭ ᠬᠤᠪᠢᠶᠠᠨ ᠰᠡᠯᠭᠦᠨ ᠮᠠᠯᠵᠢᠬᠤ ᠭᠡᠵᠦ ᠬᠤᠪᠢᠶᠠᠵᠤ ᠪᠣᠯᠣᠨ᠎ᠠ᠃ ᠴᠢᠯᠦᠭᠡᠲᠡᠢ ᠪᠠᠷ | ᠪᠡᠯᠴᠢᠭᠡᠷᠯᠡᠭᠦᠯᠬᠦ ᠨᠢ ᠨᠤᠲᠤᠭ ᠪᠡᠯᠴᠢᠭᠡᠷ ᠤᠨ ᠣᠷᠣᠨ ᠵᠠᠢ ᠪᠠᠷ ᠶᠡᠭᠡ ᠮᠠᠯᠵᠢᠬᠤ ᠣᠷᠣᠨ ᠢ ᠰᠣᠩᠭᠤᠬᠤ ᠳᠤ | ᠲᠣᠬᠢᠷᠠᠨ᠎ᠠ︔ ᠪᠡᠯᠴᠢᠭᠡᠷ ᠬᠤᠪᠢᠶᠠᠨ ᠰᠡᠯᠭᠦᠨ ᠮᠠᠯᠵᠢᠬᠤ ᠨᠢ ᠪᠡᠯᠴᠢᠭᠡᠷ ᠤᠨ ᠣᠷᠣᠨ ᠵᠠᠢ ᠪᠠᠷ ᠶᠡᠭᠡ ᠪᠢᠰᠢ ᠠᠭᠤᠯᠠᠨ | ᠬᠦᠳᠦᠯ᠂ ᠤᠢ ᠰᠢᠭᠤᠢ᠂ ᠲᠠᠷᠢᠶᠠᠨ ᠭᠠᠵᠠᠷ ᠤᠨ ᠦᠵᠦᠭᠦᠷ ᠪᠠ ᠭᠤᠣᠯ ᠤᠨ ᠭᠤᠤ ᠶᠢᠨ ᠬᠠᠰᠢᠯᠭ᠎ᠠ ᠵᠡᠷᠭᠡ | ᠲᠠᠷᠢᠶᠠᠯᠠᠬᠤ ᠣᠷᠣᠨ ᠪᠠ ᠠᠭᠤᠯᠠᠷᠬᠠᠭ ᠣᠷᠣᠨ ᠢ ᠰᠣᠩᠭᠤᠬᠤ ᠳᠤ ᠲᠣᠬᠢᠷᠠᠨ᠎ᠠ᠃ ᠵᠢᠯ ᠪᠦᠷᠢ ᠶᠢᠨ 5~10 | ᠰᠠᠷ᠎ᠠ ᠶᠢ ᠪᠡᠯᠴᠢᠭᠡᠷᠯᠡᠭᠦᠯᠦᠨ ᠪᠣᠷᠳᠣᠵᠤ ᠲᠠᠷᠭᠤᠯᠠᠭᠤᠯᠬᠤ ᠬᠤᠭᠤᠴᠠᠭ᠎ᠠ ᠪᠣᠯᠭᠠᠵᠤ᠂ ᠪᠡᠯᠴᠢᠭᠡᠷ ᠤᠨ ᠡᠪᠡᠰᠦᠨ ᠤ | ᠭᠠᠷᠤᠯᠲᠠ ᠪᠠ ᠦᠬᠡᠷ ᠤᠨ ᠰᠦᠷᠦᠭ ᠤᠨ ᠶᠡᠭᠡ ᠪᠠᠭ᠎ᠠ ᠶᠢ ᠦᠨᠳᠦᠰᠦᠯᠡᠵᠦ ᠡᠭᠡᠯᠵᠢᠯᠡᠨ ᠮᠠᠯᠵᠢᠬᠤ ᠣᠷᠣᠨ ᠤ ᠶᠡᠭᠡ | ᠪᠠᠭ᠎ᠠ ᠶᠢ ᠲᠣᠭᠲᠠᠭᠠᠨ᠎ᠠ᠃ ᠡᠭᠦᠨ ᠤ ᠳᠣᠲᠣᠷ᠎ᠠ ᠰᠠᠶᠢᠨ ᠪᠡᠯᠴᠢᠭᠡᠷ ᠬᠠᠳᠤᠯᠠᠩ ᠳᠤ 18~20 ᠦᠬᠡᠷ ᠲᠡᠵᠢᠭᠡᠵᠦ | ᠲᠠᠶᠢᠯᠤᠨ᠎ᠠ᠃ ᠳᠤᠮᠳᠠ ᠵᠡᠷᠭᠡ ᠶᠢᠨ ᠪᠡᠯᠴᠢᠭᠡᠷ ᠲᠤ ᠨᠢᠭᠡ ᠲᠡᠭᠰᠢ ᠳᠥᠷᠪᠡᠯᠵᠢᠨ ᠮᠧᠳ᠋ᠷ ᠪᠦᠷᠢ ᠳᠤ 15 ᠦᠬᠡᠷ | ᠲᠡᠵᠢᠭᠡᠵᠦ ᠪᠣᠯᠬᠤ ᠪᠥᠭᠡᠳ ᠪᠠᠷᠤᠭᠲᠠᠢ ᠪᠡᠯᠴᠢᠭᠡᠷ ᠲᠤ 3 ᠦᠬᠡᠷ ᠯᠡ ᠲᠡᠵᠢᠭᠡᠵᠦ ᠪᠣᠯᠣᠨ᠎ᠠ᠃ ᠳᠤᠭᠤᠷᠢᠭ | ᠪᠦᠷᠢ ᠳᠤ 2~4 ᠤᠳᠠᠭ᠎ᠠ ᠡᠭᠡᠯᠵᠢᠯᠡᠨ ᠮᠠᠯᠵᠢᠵᠤ᠂ ᠪᠠᠷᠤᠭᠲᠠᠢ ᠪᠡᠯᠴᠢᠭᠡᠷ ᠲᠤ 2 ᠤᠳᠠᠭ᠎ᠠ ᠯᠠ ᠡᠭᠡᠯᠵᠢᠯᠡᠨ | ᠮᠠᠯᠵᠢᠳᠠᠭ᠃ ᠪᠡᠯᠴᠢᠭᠡᠷᠯᠡᠭᠦᠯᠬᠦ ᠬᠠᠮᠤᠭ ᠤᠨ ᠰᠠᠶᠢᠨ ᠤᠯᠠᠷᠢᠯ ᠪᠣᠯ ᠡᠪᠡᠰᠦ ᠪᠡᠯᠴᠢᠭᠡᠷ ᠤᠨ ᠦᠷ᠎ᠡ ᠰᠠᠭᠤᠬᠤ | ᠬᠤᠭᠤᠴᠠᠭ᠎ᠠ ᠪᠣᠯᠣᠨ᠎ᠠ᠂ ᠡᠳᠦᠷ ᠪᠦᠷᠢ 12 ᠴᠠᠭ ᠠᠴᠠ ᠳᠤᠲᠠᠭᠤ ᠦᠭᠡᠢ ᠪᠡᠯᠴᠢᠭᠡᠷᠯᠡᠭᠦᠯᠬᠦ ᠬᠡᠷᠡᠭᠲᠡᠢ᠂ ᠨᠠᠭᠠᠲᠤ | ᠵᠠᠬ᠎ᠠ ᠳᠠᠭᠠᠨ ᠨᠢᠭᠡ ᠤᠳᠠᠭ᠎ᠠ ᠤᠰᠤ ᠨᠥᠬᠦᠪᠦᠷᠢᠯᠡᠬᠦ ᠶᠢᠨ ᠬᠠᠮᠲᠤ ᠳᠠᠪᠤᠰᠤ ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠃ | ᠪᠡᠯᠴᠢᠭᠡᠷᠯᠡᠭᠦᠯᠬᠦ ᠬᠤᠭᠤᠴᠠᠭᠠᠨ ᠳᠤ ᠰᠥᠨᠢ ᠳᠡᠭᠡᠨ ᠬᠠᠮᠤᠭ ᠰᠠᠶᠢᠨ ᠨᠢ ᠵᠣᠬᠢᠬᠤ ᠬᠡᠮᠵᠢᠶᠡᠨ ᠤ ᠬᠤᠯᠢᠮᠠᠭ ᠨᠠᠷᠢᠯᠢᠭ | ᠪᠣᠷᠳᠤᠭ᠎ᠠ ᠶᠢ ᠨᠥᠬᠦᠪᠦᠷᠢᠯᠡᠨ᠎ᠡ᠃ ᠡᠳᠦᠷ ᠪᠦᠷᠢ ᠶᠢᠨ ᠨᠠᠷᠢᠯᠢᠭ ᠪᠣᠷᠳᠣᠭᠠᠨ ᠤ ᠬᠠᠩᠭᠠᠯᠭ᠎ᠠ ᠶᠢᠨ ᠬᠡᠮᠵᠢᠶ᠎ᠡ ᠨᠢ | ᠦᠨᠢᠶ᠎ᠡ ᠶᠢᠨ ᠪᠡᠶ᠎ᠡ ᠶᠢᠨ ᠬᠦᠨᠳᠦ ᠶᠢᠨ 1% ᠪᠠᠶᠢᠵᠤ᠂ ᠲᠡᠵᠢᠭᠡᠯ ᠨᠥᠬᠦᠪᠦᠷᠢᠯᠡᠭᠰᠡᠨ ᠤ ᠲᠠᠷᠠᠭ᠎ᠠ ᠤᠰᠤ | ᠤᠮᠳᠠ ᠶᠢ ᠨᠢ ᠪᠠᠲᠤᠯᠠᠬᠤ ᠬᠡᠷᠡᠭᠲᠡᠢ᠃ | ᠨᠢᠭᠡ᠂ ᠲᠧᠭᠨᠢᠭ ᠮᠡᠷᠭᠡᠵᠢᠯ ᠤᠨ ᠭᠤᠣᠯᠳᠠᠯᠭ᠎ᠠ | ︵ᠨᠢᠭᠡ︶ ᠬᠡᠭᠡᠯ ᠲᠠᠢ ᠦᠨᠢᠶᠡᠨ ᠳᠤ ᠲᠡᠵᠢᠭᠡᠯ ᠨᠥᠬᠦᠪᠦᠷᠢᠯᠡᠬᠦ ᠬᠡᠭᠡᠯ ᠲᠠᠢ ᠦᠨᠢᠶᠡᠨ ᠤ ᠲᠣᠰ ᠪᠡᠶ᠎ᠡ ᠶᠢᠨ | ᠥᠰᠦᠯᠲᠡ ᠪᠤᠶᠢᠵᠢᠯᠲᠠ ᠳᠤ ᠰᠢᠮ᠎ᠡ ᠲᠡᠵᠢᠭᠡᠯ ᠱᠠᠭᠠᠷᠳᠠᠭᠳᠠᠬᠤ ᠪᠠᠷ ᠪᠠᠷᠠᠬᠤ ᠦᠭᠡᠢ᠂ ᠬᠡᠪᠡᠯᠢ ᠳᠠᠬᠢ ᠲᠤᠭᠤᠯ ᠤᠨ | ᠥᠰᠦᠯᠲᠡ ᠪᠤᠶᠢᠵᠢᠯᠲᠠ ᠶᠢᠨ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠪᠠ ᠲᠤᠭᠤᠯᠯᠠᠭᠰᠠᠨ ᠤ ᠳᠠᠷᠠᠭᠠᠬᠢ | ᠰᠦ ᠰᠢᠭᠦᠷᠡᠭᠦᠯᠬᠦ ᠳᠤ ᠰᠢᠮ᠎ᠡ ᠲᠡᠵᠢᠭᠡᠯ ᠨᠥᠭᠡᠴᠡᠯᠡᠬᠦ ᠬᠡᠷᠡᠭᠲᠡᠢ᠃ ᠪᠡᠯᠴᠢᠭᠡᠷᠯᠡᠭᠦᠯᠬᠦ ᠨᠥᠬᠦᠴᠡᠯ ᠳᠣᠣᠷ᠎ᠠ᠂ | ᠬᠡᠭᠡᠯ ᠲᠠᠢ ᠪᠣᠯᠣᠭᠰᠠᠨ ᠡᠬᠢᠨ ᠤ ᠬᠤᠭᠤᠴᠠᠭᠠᠨ ᠤ ᠡᠬᠡ ᠮᠠᠯ ᠤᠨ ᠡᠪᠡᠰᠦ ᠪᠡᠯᠴᠢᠭᠡᠷ ᠤᠨ ᠤᠯᠠᠷᠢᠯ ᠳᠤ | ᠪᠡᠯᠴᠢᠭᠡᠷᠯᠡᠭᠦᠯᠬᠦ ᠬᠤᠭᠤᠴᠠᠭ᠎ᠠ ᠶᠢ ᠠᠯᠢ ᠴᠢᠳᠠᠬᠤ ᠪᠠᠷ ᠤᠷᠲᠤᠳᠬᠠᠵᠤ᠂ ᠡᠩ ᠤᠨ ᠪᠠᠶᠢᠳᠠᠯ ᠳᠤ ᠲᠡᠵᠢᠭᠡᠯ ᠨᠥᠬᠦᠬᠦ | ᠬᠡᠷᠡᠭ ᠦᠭᠡᠢ᠃ ᠬᠡᠭᠡᠯ ᠲᠠᠢ ᠪᠣᠯᠣᠭᠰᠠᠨ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠦᠬᠡᠷ ᠤᠨ ᠰᠢᠮ᠎ᠡ | ᠲᠡᠵᠢᠭᠡᠯ ᠤᠨ ᠬᠡᠷᠡᠭᠴᠡᠭᠡ ᠪᠠ ᠲᠤᠭᠤᠯ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠮᠠᠯ ᠬᠠᠷᠢᠭᠤᠯᠬᠤ | ᠶᠠᠪᠤᠴᠠ ᠳᠠᠭᠠᠨ ᠵᠣᠬᠢᠬᠤ ᠬᠡᠮᠵᠢᠶ᠎ᠡ ᠪᠠᠷ ᠲᠡᠵᠢᠭᠡᠯ ᠨᠥᠬᠦᠪᠦᠷᠢᠯᠡᠪᠡᠯ ᠵᠣᠬᠢᠨ᠎ᠠ᠃ ᠬᠤᠪᠠᠭ᠋ᠠᠢ ᠡᠪᠡᠰᠦᠨ ᠤ ᠤᠯᠠᠷᠢᠯ ᠳᠤ | ᠲᠡᠵᠢᠭᠡᠯ ᠡᠪᠡᠰᠦᠨ ᠤ ᠶᠠᠰᠤ ᠴᠢᠨᠠᠷ ᠪᠠ ᠦᠬᠡᠷ ᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠦᠨᠳᠦᠰᠦᠯᠡᠵᠦ ᠲᠡᠵᠢᠭᠡᠯ | ᠡᠪᠡᠰᠦ ᠪᠣᠷᠳᠣᠭᠠᠨ ᠤ ᠲᠦᠷᠦᠯ ᠵᠦᠢᠯ ᠪᠠ ᠲᠤᠭ᠎ᠠ ᠬᠡᠮᠵᠢᠶ᠎ᠡ ᠶᠢ ᠲᠣᠭᠲᠠᠭᠠᠨ᠎ᠠ᠃ ᠬᠡᠭᠡᠯ ᠲᠠᠢ ᠪᠣᠯᠣᠭᠰᠠᠨ 5 | ᠰᠠᠷ᠎ᠠ ᠠᠴᠠ ᠡᠬᠢᠯᠡᠨ ᠲᠡᠵᠢᠭᠡᠬᠦ ᠪᠠᠨ ᠴᠢᠩᠭᠠᠳᠬᠠᠵᠤ᠂ ᠳᠤᠮᠳᠠ ᠵᠡᠷᠭᠡ ᠶᠢᠨ ᠪᠡᠶ᠎ᠡ ᠶᠢᠨ ᠬᠦᠨᠳᠦ ᠲᠠᠢ ᠦᠨᠢᠶᠡᠨ ᠳᠤ | ᠡᠩ ᠤᠨ ᠡᠳᠦᠷ ᠤᠨ ᠬᠦᠨᠡᠰᠦ ᠬᠠᠩᠭᠠᠬᠤ ᠠᠴᠠ ᠭᠠᠳᠠᠨ᠎ᠠ᠂ ᠡᠳᠦᠷ ᠪᠦᠷᠢ 1.5kg ᠤᠨ ᠨᠠᠷᠢᠯᠢᠭ ᠪᠣᠷᠳᠤᠭ᠎ᠠ | ᠨᠥᠬᠦᠪᠦᠷᠢᠯᠡᠨ᠎ᠡ᠃ ᠬᠡᠭᠡᠯ ᠲᠠᠢ ᠪᠣᠯᠣᠭᠰᠠᠨ ᠰᠡᠭᠦᠯᠴᠢ ᠶᠢᠨ ᠬᠤᠶᠠᠷ ᠰᠠᠷ᠎ᠠ ᠳᠤ᠂ ᠡᠳᠦᠷ ᠪᠦᠷᠢ 2kg ᠤᠨ ᠨᠠᠷᠢᠯᠢᠭ | ᠪᠣᠷᠳᠤᠭ᠎ᠠ ᠨᠥᠬᠦᠪᠦᠷᠢᠯᠡᠨ᠎ᠡ᠂ ᠭᠡᠬᠦ ᠳᠡᠭᠡᠨ ᠦᠨᠢᠶ᠎ᠡ ᠪᠠᠨ ᠬᠡᠲᠦᠷᠬᠡᠢ ᠲᠠᠷᠭᠤᠯᠠᠭᠤᠯᠵᠤ ᠪᠣᠯᠬᠤ ᠦᠭᠡᠢ᠂ | ᠲᠤᠭᠤᠯᠯᠠᠬᠤ ᠶᠢ ᠨᠥᠯᠥᠭᠡᠯᠡᠬᠦ ᠠᠴᠠ ᠰᠡᠷᠭᠡᠶᠢᠯᠡᠨ᠎ᠡ᠃ | ︵ᠬᠤᠶᠠᠷ︶ ᠰᠠᠭᠠᠯᠢ ᠶᠢᠨ ᠦᠨᠢᠶᠡᠨ ᠳᠤ ᠲᠡᠵᠢᠭᠡᠯ ᠨᠥᠬᠦᠪᠦᠷᠢᠯᠡᠬᠦ ᠡᠬᠡ ᠮᠠᠯ ᠤᠨ ᠰᠦ ᠰᠢᠭᠦᠷᠡᠭᠦᠯᠬᠦ | ᠬᠤᠭᠤᠴᠠᠭᠠᠨ ᠳᠤ᠂ ᠪᠡᠶ᠎ᠡ ᠶᠢᠨ ᠳᠣᠲᠣᠷᠠᠬᠢ ᠰᠢᠮ᠎ᠡ ᠲᠡᠵᠢᠭᠡᠯᠲᠦ ᠪᠣᠳᠠᠰ ᠤᠨ ᠬᠡᠷᠡᠭᠴᠡᠭᠡ ᠨᠢ ᠡᠩ ᠤᠨ | ᠦᠶ᠎ᠡ ᠶᠢᠨ ᠬᠢ ᠠᠴᠠ ᠠᠷᠪᠢᠨ ᠪᠠᠶᠢᠳᠠᠭ᠂ ᠬᠡᠷᠪᠡ ᠡᠳᠦᠷ ᠤᠨ ᠲᠡᠵᠢᠭᠡᠯ ᠤᠨ ᠰᠢᠮ᠎ᠡ ᠲᠡᠵᠢᠭᠡᠯᠲᠦ ᠪᠣᠳᠠᠰ ᠨᠢ | ᠬᠦᠷᠦᠯᠴᠡᠬᠦ ᠦᠭᠡᠢ ᠪᠣᠯ ᠰᠢᠨ᠎ᠡ ᠬᠠᠭᠤᠴᠢᠨ ᠤ ᠰᠣᠯᠢᠯᠴᠠᠭ᠎ᠠ ᠳᠤ ᠰᠠᠮᠠᠭᠤᠷᠠᠯ ᠭᠠᠷᠴᠤ᠂ ᠹᠢᠽᠢᠣᠯᠣᠭᠢ ᠶᠢᠨ | ᠠᠵᠢᠯᠯᠠᠭ᠎ᠠ ᠨᠢ ᠲᠡᠩᠴᠡᠭᠦᠷᠢ ᠪᠠᠨ ᠠᠯᠳᠠᠵᠤ᠂ ᠪᠡᠶ᠎ᠡ ᠶᠢᠨ ᠬᠦᠨᠳᠦ ᠨᠢ ᠪᠠᠭᠤᠷᠠᠵᠤ᠂ ᠰᠦ ᠭᠠᠷᠬᠤ ᠬᠡᠮᠵᠢᠶ᠎ᠡ ᠨᠢ | ᠪᠠᠭᠤᠷᠠᠳᠠᠭ᠃ ᠡᠶᠢᠮᠦ ᠠᠴᠠ ᠦᠢᠯᠡᠳᠪᠦᠷᠢᠯᠡᠯ ᠤᠨ ᠶᠠᠪᠤᠴᠠ ᠳᠤ ᠰᠠᠭᠠᠯᠢ ᠶᠢᠨ ᠦᠨᠢᠶᠡᠨ ᠤ ᠪᠡᠶ᠎ᠡ ᠮᠠᠬᠠᠪᠤᠳ ᠤᠨ | ᠡᠷᠡᠭᠦᠯ ᠴᠢᠭᠢᠷᠠᠭ᠂ ᠰᠦ ᠠᠷᠪᠢᠨ ᠭᠠᠷᠬᠤ ᠶᠢ ᠪᠠᠲᠤᠯᠠᠬᠤ ᠶᠢᠨ ᠲᠥᠯᠥᠭᠡ᠂ ᠪᠡᠯᠴᠢᠭᠡᠷᠯᠡᠭᠦᠯᠬᠦ ᠶᠠᠪᠤᠴᠠ ᠳᠤ ᠶᠡᠭᠡ | ᠬᠡᠮᠵᠢᠶᠡᠨ ᠤ ᠡᠪᠡᠰᠦ ᠪᠣᠷᠳᠤᠭ᠎ᠠ ᠠᠪᠤᠭᠤᠯᠬᠤ ᠠᠴᠠ ᠭᠠᠳᠠᠨ᠎ᠠ ᠪᠠᠰᠠ ᠵᠣᠬᠢᠬᠤ ᠬᠡᠮᠵᠢᠶᠡᠨ ᠤ ᠨᠠᠷᠢᠯᠢᠭ ᠪᠣᠷᠳᠤᠭ᠎ᠠ | ᠨᠥᠬᠦᠪᠦᠷᠢᠯᠡᠵᠦ᠂ ᠰᠠᠭᠠᠯᠢ ᠶᠢᠨ ᠦᠨᠢᠶ᠎ᠡ ᠶᠢᠨ ᠰᠢᠮ᠎ᠡ ᠲᠡᠵᠢᠭᠡᠯ ᠤᠨ ᠪᠣᠳᠠᠰ ᠤᠨ ᠬᠡᠷᠡᠭᠴᠡᠭᠡ ᠶᠢ ᠬᠠᠩᠭᠠᠬᠤ ᠬᠡᠷᠡᠭᠲᠡᠢ | ᠃ ᠲᠡᠵᠢᠭᠡᠯ ᠨᠥᠬᠦᠪᠦᠷᠢᠯᠡᠬᠦ ᠳᠡᠭᠡᠨ ᠦᠨᠢᠶᠡᠨ ᠤ ᠰᠦ ᠰᠢᠭᠦᠷᠡᠭᠦᠯᠬᠦ ᠠᠳᠠᠯᠢ ᠪᠤᠰᠤ ᠱᠠᠲᠤᠨ ᠤ ᠰᠢᠮ᠎ᠡ ᠲᠡᠵᠢᠭᠡᠯ ᠤᠨ | ᠬᠡᠷᠡᠭᠴᠡᠭᠡ ᠬᠢᠭᠡᠳ ᠠᠳᠠᠯᠢ ᠪᠤᠰᠤ ᠤᠯᠠᠷᠢᠯ ᠤᠨ ᠲᠡᠵᠢᠭᠡᠯ ᠡᠪᠡᠰᠦᠨ ᠤ ᠰᠢᠮ᠎ᠡ ᠲᠡᠵᠢᠭᠡᠯ ᠤᠨ ᠬᠢᠷᠢ ᠬᠡᠮᠵᠢᠶ᠎ᠡ᠂ | ᠪᠡᠯᠴᠢᠭᠡᠷ ᠤᠨ ᠶᠠᠰᠤ ᠴᠢᠨᠠᠷ ᠢ ᠦᠨᠳᠦᠰᠦᠯᠡᠵᠦ᠂ ᠲᠡᠵᠢᠭᠡᠯ ᠨᠥᠬᠦᠪᠦᠷᠢᠯᠡᠬᠦ ᠨᠠᠷᠢᠯᠢᠭ ᠪᠣᠷᠳᠣᠭᠠᠨ ᠤ ᠡᠨᠧᠷᠭᠢ ᠬᠢᠭᠡᠳ | ᠤᠭᠤᠷᠠᠭ ᠤᠨ ᠬᠢᠷᠢ ᠬᠡᠮᠵᠢᠶ᠎ᠡ ᠶᠢ ᠴᠠᠭ ᠲᠤᠬᠠᠢ ᠳᠤᠨᠢ ᠲᠣᠬᠢᠷᠠᠭᠤᠯᠵᠤ᠂ ᠡᠷᠦᠳᠡᠰᠦ ᠶᠢᠨ ᠪᠣᠳᠠᠰ ᠬᠢᠭᠡᠳ | ᠢᠳᠡᠰᠢᠨ ᠤ ᠳᠠᠪᠤᠰᠤᠨ ᠤ ᠰᠢᠩᠭᠡᠬᠡᠨ ᠠᠪᠬᠤ ᠬᠡᠮᠵᠢᠶ᠎ᠡ ᠶᠢ ᠪᠠᠲᠤᠯᠠᠬᠤ ᠬᠡᠷᠡᠭᠲᠡᠢ᠃ ᠡᠩ ᠤᠨ ᠨᠠᠷᠢᠯᠢᠭ | ᠪᠣᠷᠳᠣᠭᠠᠨ ᠳᠤ 3kg ᠤᠨ ᠰᠦ ᠳᠤ 1kg ᠤᠨ ᠪᠣᠷᠳᠣᠭᠠᠨ ᠤ ᠠᠷᠭ᠎ᠠ ᠪᠠᠷ ᠪᠠᠷᠤᠭᠴᠠᠭᠠᠯᠠᠨ ᠪᠣᠳᠣᠵᠤ᠂ ᠲᠡᠵᠢᠭᠡᠯ | ᠨᠥᠬᠦᠪᠦᠷᠢᠯᠡᠨ᠎ᠡ᠃ | ᠬᠤᠶᠠᠷ᠂ ᠣᠨᠴᠠᠯᠢᠭ ᠦᠨᠢᠶ᠎ᠡ ᠪᠡᠯᠴᠢᠭᠡᠷᠯᠡᠭᠦᠯᠬᠦ ᠨᠢ ᠪᠡᠯᠴᠢᠭᠡᠷ ᠢ ᠭᠦᠢᠴᠡᠳ ᠠᠰᠢᠭᠯᠠᠵᠤ᠂ ᠡᠪᠡᠰᠦ ᠬᠠᠳᠤᠬᠤ | ᠪᠠ ᠵᠥᠭᠡᠭᠡᠪᠦᠷᠢᠯᠡᠬᠦ ᠬᠥᠳᠡᠯᠮᠦᠷᠢ ᠬᠦᠴᠦ ᠶᠢ ᠠᠷᠪᠢᠯᠠᠵᠤ᠂ ᠬᠥᠬᠡ ᠡᠪᠡᠰᠦᠨ ᠤ ᠰᠢᠮ᠎ᠡ ᠲᠡᠵᠢᠭᠡᠯ ᠤᠨ ᠪᠣᠳᠠᠰ ᠢ | ᠦᠬᠡᠷ ᠲᠤ ᠰᠢᠩᠭᠡᠭᠡᠬᠦ ᠳᠤ ᠠᠮᠠᠷᠬᠠᠨ ᠪᠠᠶᠢᠳᠠᠭ᠃ ᠮᠠᠯ ᠬᠠᠷᠢᠭᠤᠯᠬᠤ ᠨᠢ ᠦᠬᠡᠷ ᠲᠤ ᠴᠢᠨᠠᠷ ᠰᠠᠶᠢᠲᠠᠢ ᠲᠡᠵᠢᠭᠡᠯ | ᠡᠪᠡᠰᠦ ᠢᠳᠡᠭᠦᠯᠵᠦ᠂ ᠢᠳᠡᠰᠢ ᠶᠢᠨ ᠬᠡᠮᠵᠢᠶ᠎ᠡ ᠶᠢ ᠨᠡᠮᠡᠭᠳᠡᠭᠦᠯᠦᠨ᠂ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠬᠤ ᠪᠠᠷ ᠪᠠᠷᠠᠬᠤ ᠦᠭᠡᠢ᠂ ᠦᠬᠡᠷ ᠴᠦ | ᠭᠦᠢᠴᠡᠳ ᠬᠥᠳᠡᠯᠭᠡᠭᠡᠨ ᠬᠢᠬᠦ ᠶᠢᠨ ᠬᠠᠮᠲᠤ ᠰᠢᠨ᠎ᠡ ᠰᠣᠷᠭᠤᠭ ᠠᠭᠤᠷ ᠠᠮᠢᠰᠬᠤᠯ ᠢ ᠠᠮᠢᠰᠬᠤᠵᠤ ᠲᠠᠶᠢᠯᠤᠨ᠎ᠠ᠃ | ᠡᠭᠦᠨ ᠤ ᠬᠠᠮᠲᠤ ᠰᠦᠨ ᠤ ᠭᠠᠷᠤᠯᠲᠠ ᠶᠢ ᠨᠡᠮᠡᠭᠳᠡᠭᠦᠯᠵᠦ᠂ ᠦᠷᠡᠵᠢᠯ ᠤᠨ ᠨᠤᠷᠮ᠎ᠠ ᠶᠢ ᠳᠡᠭᠡᠭᠰᠢᠯᠡᠭᠦᠯᠦᠨ᠎ᠡ᠃ | ᠪᠡᠯᠴᠢᠭᠡᠷᠯᠡᠭᠦᠯᠬᠦ ᠶᠠᠪᠤᠴᠠ ᠳᠤ ᠡᠭᠦᠰᠦᠭᠰᠡᠨ ᠪᠠᠭᠠᠰᠤ ᠰᠢᠭᠡᠰᠦ ᠨᠢ ᠪᠡᠯᠴᠢᠭᠡᠷ ᠲᠤ ᠣᠷᠭᠠᠨᠢᠭ ᠪᠣᠷᠳᠣᠭᠤᠷ ᠪᠣᠯᠵᠤ᠂ | ᠪᠡᠯᠴᠢᠭᠡᠷ ᠡᠪᠡᠰᠦᠨ ᠤ ᠤᠷᠭᠤᠯᠲᠠ ᠶᠢ ᠠᠬᠢᠭᠤᠯᠬᠤ ᠶᠢᠨ ᠬᠠᠮᠲᠤ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠢ | ᠶᠤᠮ᠃ | ᠭᠤᠷᠪᠠ᠂ ᠦᠷ᠎ᠡ ᠪᠦᠲᠦᠮᠵᠢ ᠦᠨᠢᠶᠡᠨ ᠤ ᠰᠢᠮ᠎ᠡ ᠲᠡᠵᠢᠭᠡᠯ ᠤᠨ ᠢᠷᠡᠯᠲᠡ ᠨᠢ ᠲᠡᠵᠢᠭᠡᠯ ᠡᠪᠡᠰᠦ ᠪᠠᠷ ᠭᠤᠣᠯ | ᠪᠣᠯᠭᠠᠵᠤ᠂ ᠬᠤᠪᠠᠭ᠋ᠠᠢ ᠡᠪᠡᠰᠦᠨ ᠤ ᠤᠯᠠᠷᠢᠯ ᠳᠤ ᠵᠣᠬᠢᠬᠤ ᠬᠡᠮᠵᠢᠶᠡᠨ ᠤ ᠨᠠᠷᠢᠯᠢᠭ ᠪᠣᠷᠳᠤᠭ᠎ᠠ ᠨᠦᠬᠦᠪᠦᠷᠢᠯᠡᠪᠡᠯ᠂ | ᠠᠷᠠᠴᠢᠯᠠᠨ ᠲᠡᠵᠢᠭᠡᠬᠦ ᠥᠪᠡᠷ ᠤᠨ ᠥᠷᠲᠡᠭ ᠨᠢ ᠳᠣᠣᠷ᠎ᠠ᠂ ᠬᠥᠳᠡᠯᠮᠦᠷᠢ ᠬᠦᠴᠦᠨ ᠤ ᠬᠤᠷᠣᠭᠳᠠᠯ ᠢᠶᠠᠷ ᠪᠠᠭ᠎ᠠ ᠲᠤᠯᠠ | ᠪᠠᠭᠠᠰᠤ ᠰᠢᠭᠡᠰᠦᠨ ᠤ ᠪᠣᠬᠢᠷᠲᠤᠯ ᠢ ᠪᠣᠳᠣᠯᠬᠢᠯᠠᠬᠤ ᠴᠢᠬᠤᠯᠠ ᠦᠭᠡᠢ᠃ ᠪᠡᠯᠴᠢᠭᠡᠷᠯᠡᠭᠦᠯᠦᠨ ᠠᠷᠠᠴᠢᠯᠠᠬᠤ ᠳᠤ | ᠣᠷᠣᠭᠤᠯᠤᠯᠲᠠ ᠨᠢ ᠬᠠᠷᠢᠴᠠᠩᠭᠤᠢ ᠪᠠᠭ᠎ᠠ ᠤᠴᠢᠷ ᠠᠴᠠ ᠬᠡᠪᠴᠢᠶᠡᠵᠢᠭᠦᠯᠦᠨ ᠠᠷᠠᠴᠢᠯᠠᠪᠠᠯ ᠲᠡᠵᠢᠭᠡᠯ ᠪᠣᠷᠳᠤᠭ᠎ᠠ ᠶᠢ | ᠬᠤᠪᠢᠷᠠᠭᠤᠯᠬᠤ ᠨᠤᠷᠮ᠎ᠠ ᠶᠢ ᠳᠡᠭᠡᠭᠰᠢᠯᠡᠭᠦᠯᠵᠦ᠂ ᠬᠠᠮᠢᠶᠠᠷᠤᠯᠲᠠ ᠶᠢ ᠨᠡᠩ ᠰᠢᠨᠵᠢᠯᠡᠬᠦ ᠤᠬᠠᠭᠠᠨᠴᠢ ᠪᠣᠯᠭᠠᠵᠤ᠂ ᠠᠵᠤ | ᠠᠬᠤᠢ ᠶᠢᠨ ᠦᠷ᠎ᠡ ᠠᠰᠢᠭ ᠢ ᠨᠡᠯᠢᠶᠡᠳ ᠥᠨᠳᠥᠷ ᠪᠣᠯᠭᠠᠵᠤ ᠴᠢᠳᠠᠨ᠎ᠠ᠃ |