ᠲᠠᠬᠢᠶ᠎ᠠ ᠲᠡᠵᠢᠭᠡᠬᠦ ᠶᠠᠪᠤᠴᠠ ᠳᠤ᠂ ᠲᠠᠬᠢᠶ᠎ᠠ ᠶᠢᠨ ᠡᠴᠡᠵᠦ ᠲᠤᠷᠠᠬᠤ ᠨᠢ ᠲᠡᠭᠦᠨ ᠤ ᠥᠰᠦᠯᠲᠡ ᠪᠤᠶᠢᠵᠢᠯᠲᠠ ᠶᠢ | ᠨᠥᠯᠥᠭᠡᠯᠡᠬᠦ ᠪᠠᠷ ᠪᠠᠷᠠᠬᠤ ᠦᠭᠡᠢ᠂ ᠮᠢᠬᠠᠨ ᠤ ᠴᠢᠨᠠᠷ ᠴᠢᠨᠰᠠᠭ᠎ᠠ ᠪᠠ ᠲᠡᠵᠢᠭᠡᠨ ᠦᠷᠡᠵᠢᠭᠦᠯᠬᠦ ᠦᠷ᠎ᠡ ᠠᠰᠢᠭ ᠢ ᠴᠤ | ᠪᠠᠭᠤᠷᠠᠭᠤᠯᠳᠠᠭ᠃ | ᠲᠡᠭᠡᠪᠡᠯ ᠡᠨᠡ ᠨᠢ ᠶᠠᠮᠠᠷ ᠰᠢᠯᠲᠠᠭᠠᠨ ᠠᠴᠠ ᠪᠣᠯᠤᠭᠰᠠᠨ ᠪᠣᠢ︖ | ᠨᠢᠭᠡ᠂ ᠲᠡᠵᠢᠭᠡᠯ ᠪᠣᠷᠳᠣᠭᠠᠨ ᠤ ᠠᠰᠠᠭᠤᠳᠠᠯ | ︵1︶ ᠬᠡᠷᠪᠡ ᠲᠠᠬᠢᠶᠠᠨ ᠤ ᠲᠡᠵᠢᠭᠡᠯ ᠪᠣᠷᠳᠣᠭᠠᠨ ᠳᠤ ᠴᠢᠬᠤᠯᠠ ᠪᠦᠬᠦᠢ ᠰᠢᠮ᠎ᠡ ᠲᠡᠵᠢᠭᠡᠯ ᠤᠨ ᠪᠣᠳᠠᠰ | ᠳᠤᠲᠠᠭᠳᠠᠪᠠᠯ ᠲᠠᠬᠢᠶᠠᠨ ᠤ ᠥᠰᠦᠯᠲᠡ ᠪᠤᠶᠢᠵᠢᠯᠲᠠ ᠶᠢ ᠬᠠᠷᠰᠢᠯᠠᠨ᠎ᠠ᠃ | ︵2︶ ᠲᠠᠬᠢᠶᠠᠨ ᠤ ᠲᠡᠵᠢᠭᠡᠯ ᠪᠣᠷᠳᠣᠭᠠᠨ ᠳᠤ ᠬᠤᠣᠷᠲᠤ ᠪᠣᠳᠠᠰ ᠣᠷᠣᠰᠢᠬᠤ ᠪᠤᠶᠤ ᠰᠢᠨ᠎ᠡ ᠰᠣᠷᠭᠤᠭ | ᠲᠡᠵᠢᠭᠡᠯ ᠪᠣᠷᠳᠤᠭ᠎ᠠ ᠪᠠᠶᠢᠬᠤ ᠦᠭᠡᠢ ᠪᠣᠯ ᠲᠠᠬᠢᠶ᠎ᠠ ᠡᠴᠡᠭᠡᠳ ᠮᠢᠬᠠᠯᠠᠳᠠᠭ ᠦᠭᠡᠢ᠃ | ᠬᠤᠶᠠᠷ᠂ ᠡᠪᠡᠳᠴᠢᠨ ᠡᠮᠭᠡᠭ ᠤᠨ ᠠᠰᠠᠭᠤᠳᠠᠯ ᠲᠠᠬᠢᠶ᠎ᠠ ᠥᠰᠦᠯᠲᠡ ᠶᠢᠨ ᠶᠠᠪᠤᠴᠠ ᠳᠠᠭᠠᠨ ᠰᠢᠩᠭᠡᠭᠡᠯᠲᠡ ᠶᠢᠨ | ᠵᠠᠮ ᠤᠨ ᠡᠪᠡᠳᠴᠢᠨ ᠳᠤ ᠨᠡᠷᠪᠡᠭᠳᠡᠵᠦ ᠮᠡᠳᠡᠨ᠎ᠡ᠂ ᠵᠢᠱᠢᠶᠡᠯᠡᠪᠡᠯ ᠰᠠᠭᠤᠯᠭᠠᠬᠤ᠂ ᠢᠳᠡᠰᠢ ᠢᠳᠡᠬᠦ ᠦᠭᠡᠢ ᠵᠡᠷᠭᠡ᠂ | ᠡᠲᠡᠭᠡᠷ ᠡᠪᠡᠳᠴᠢᠨ ᠠᠴᠠ ᠪᠣᠯᠵᠤ ᠲᠤᠷᠠᠭᠠᠳ ᠮᠢᠬᠠᠯᠠᠬᠤ ᠦᠭᠡᠢ ᠪᠠᠶᠢᠳᠠᠭ᠃ | ᠭᠤᠷᠪᠠ᠂ ᠰᠢᠮᠡᠭᠦᠷ ᠬᠤᠷᠣᠬᠠᠢ ᠶᠢᠨ ᠠᠰᠠᠭᠤᠳᠠᠯ ᠲᠠᠬᠢᠶ᠎ᠠ ᠥᠰᠦᠯᠲᠡ ᠶᠢᠨ ᠶᠠᠪᠤᠴᠠ ᠳᠠᠭᠠᠨ ᠰᠢᠮᠡᠭᠦᠷ | ᠬᠤᠷᠣᠬᠠᠢ ᠳᠤ ᠬᠠᠯᠳᠠᠪᠤᠷᠢᠯᠠᠭᠳᠠᠵᠤ ᠮᠡᠳᠡᠨ᠎ᠡ᠂ ᠵᠢᠱᠢᠶᠡᠯᠡᠪᠡᠯ ᠬᠦᠵᠢ ᠬᠤᠷᠣᠬᠠᠢ᠂ ᠨᠣᠬᠠᠢ ᠶᠢᠨ ᠪᠥᠭᠡᠰᠦ ᠵᠡᠷᠭᠡ ᠨᠢ | ᠪᠦᠷ ᠲᠠᠬᠢᠶ᠎ᠠ ᠲᠤᠷᠠᠬᠤ᠂ ᠴᠢᠰᠤ ᠳᠤᠲᠠᠬᠤ᠂ ᠢᠳᠡᠭᠡᠨ ᠤ ᠳᠤᠷᠠᠰᠢᠯ ᠮᠠᠭᠤᠳᠠᠬᠤ ᠵᠡᠷᠭᠡ ᠠᠰᠠᠭᠤᠳᠠᠯ ᠡᠬᠦᠰᠭᠡᠳᠡᠭ᠃ | | ᠳᠥᠷᠪᠡ᠂ ᠤᠤᠭᠤᠬᠤ ᠤᠰᠤᠨ ᠤ ᠠᠰᠠᠭᠤᠳᠠᠯ | ︵1︶ ᠲᠠᠬᠢᠶ᠎ᠠ ᠥᠰᠴᠦ ᠪᠤᠶᠢᠵᠢᠬᠤ ᠶᠠᠪᠤᠴᠠ ᠳᠠᠭᠠᠨ ᠤᠰᠤ ᠤᠮᠳᠠ ᠪᠠᠷ ᠢᠳᠡᠰᠢ ᠪᠡ ᠢᠳᠡᠰᠢᠨ ᠤ | ᠳᠣᠲᠣᠷᠠᠬᠢ ᠰᠢᠮ᠎ᠡ ᠲᠡᠵᠢᠭᠡᠯ ᠤᠨ ᠪᠣᠳᠠᠰ ᠢ ᠰᠢᠩᠭᠡᠭᠡᠬᠦ ᠳᠤ ᠲᠤᠰᠠᠯᠠᠨ᠎ᠠ᠃ ᠬᠡᠷᠪᠡ ᠲᠠᠬᠢᠶ᠎ᠠ ᠶᠢᠨ ᠤᠤᠭᠤᠬᠤ ᠤᠰᠤ | ᠨᠢ ᠬᠦᠷᠦᠯᠴᠡᠬᠦ ᠦᠭᠡᠢ ᠪᠣᠯ ᠰᠢᠩᠭᠡᠭᠡᠯᠲᠡ ᠶᠢᠨ ᠴᠢᠳᠠᠪᠤᠷᠢ ᠨᠢ ᠬᠢᠵᠠᠭᠠᠷᠯᠠᠭᠳᠠᠵᠤ᠂ ᠥᠰᠦᠨ ᠪᠤᠶᠢᠵᠢᠯᠲᠠ ᠶᠢ ᠨᠢ | ᠬᠦᠨᠳᠦ ᠨᠣᠴᠢᠲᠠᠢ ᠨᠥᠯᠥᠭᠡᠯᠡᠳᠡᠭ᠃ | ︵2︶ ᠰᠢᠨ᠎ᠡ ᠰᠣᠷᠭᠤᠭ ᠤᠰᠤ ᠨᠢ ᠲᠠᠬᠢᠶ᠎ᠠ ᠶᠢᠨ ᠹᠢᠽᠢᠣᠯᠣᠭᠢ ᠶᠢᠨ ᠱᠠᠭᠠᠷᠳᠠᠯᠭ᠎ᠠ ᠶᠢ ᠨᠡᠩ ᠰᠠᠶᠢᠨ | ᠬᠠᠩᠭᠠᠵᠤ᠂ ᠲᠠᠬᠢᠶ᠎ᠠ ᠶᠢᠨ ᠬᠡᠪ ᠤᠨ ᠥᠰᠦᠯᠲᠡ ᠪᠤᠶᠢᠵᠢᠯᠲᠠ ᠶᠢ ᠠᠬᠢᠭᠤᠯᠤᠨ᠎ᠠ᠃ ᠡᠭᠦᠨ ᠤ ᠡᠰᠡᠷᠭᠦ ᠪᠠᠷ᠂ ᠬᠡᠷᠪᠡ | ᠤᠰᠤ ᠤᠮᠳᠠ ᠶᠢᠨ ᠲᠥᠬᠦᠭᠡᠷᠦᠮᠵᠢ ᠨᠢ ᠴᠡᠪᠡᠷ ᠪᠤᠰᠤ ᠪᠣᠯ ᠲᠠᠬᠢᠶ᠎ᠠ ᠬᠤᠣᠷᠳᠠᠭᠳᠠᠵᠤ᠂ ᠲᠠᠬᠢᠶ᠎ᠠ ᠶᠢᠨ ᠡᠷᠡᠭᠦᠯ ᠮᠡᠨᠳᠦ | ᠪᠠ ᠥᠰᠦᠯᠲᠡ ᠪᠤᠶᠢᠵᠢᠯᠲᠠ ᠶᠢ ᠨᠥᠯᠥᠭᠡᠯᠡᠨ᠎ᠡ᠃ |