ᠲᠥᠷᠥ ᠶᠢᠨ ᠶᠠᠪᠤᠳᠠᠯ ᠤᠨ ᠬᠤᠷᠢᠶ᠎ᠠ ᠪᠢᠴᠢᠭ ᠮᠠᠲ᠋ᠧᠷᠢᠶᠠᠯ ᠲᠠᠷᠬᠠᠭᠠᠪᠠ᠂ ᠢᠷᠡᠬᠦ 5 ᠵᠢᠯ ᠳᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠢᠩᠭᠢᠵᠦ ᠬᠥᠭᠵᠢᠬᠦ ᠪᠣᠯᠣᠨ᠎ᠠ︕
ᠨᠡᠶᠢᠲᠡᠯᠡᠭᠰᠡᠨ ᠴᠠᠭ᠄
2024/8/13
   ᠨᠢᠭᠡ ᠬᠠᠭᠤᠳᠠᠰᠤ ᠵᠢᠷᠤᠭ ᠠᠴᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ᠂ 4 ᠵᠦᠢᠯ ᠤᠨ ᠴᠢᠬᠤᠯᠠ ᠶᠡᠭᠡ ᠠᠵᠢᠯᠯᠠᠭ᠎ᠠ᠂ 19 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠣᠶᠢᠯᠠᠭᠠᠬᠤᠢ︕    ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠠᠬᠢᠭᠤᠯᠬᠤ ᠠᠵᠢᠯ ᠢ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠠᠷᠠᠳ ᠲᠦᠮᠡᠨ ᠤ ᠬᠤᠲᠠ ᠶᠢ ᠠᠷᠠᠳ ᠲᠦᠮᠡᠨ ᠥᠪᠡᠷᠲᠡᠭᠡᠨ ᠪᠠᠶᠢᠭᠤᠯᠬᠤ᠂ ᠠᠷᠠᠳ ᠲᠦᠮᠡᠨ ᠤ ᠬᠤᠲᠠ ᠨᠢ ᠠᠷᠠᠳ ᠲᠦᠮᠡᠨ ᠳᠤ ᠪᠠᠨ ᠦᠢᠯᠡᠴᠢᠯᠡᠬᠦ ᠶᠢ ᠪᠠᠷᠢᠮᠲᠠᠯᠠᠨ᠎ᠠ᠃ ︽ᠠᠵᠢᠯᠯᠠᠭᠠᠨ ᠤ ᠲᠥᠯᠥᠪᠯᠡᠭᠡ︾ ᠳᠤ 4 ᠵᠦᠢᠯ ᠤᠨ ᠴᠢᠬᠤᠯᠠ ᠶᠡᠭᠡ ᠠᠵᠢᠯᠯᠠᠭ᠎ᠠ᠂ 19 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ᠃    1. ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯᠯᠠᠭ᠎ᠠ ᠶᠢ ᠬᠡᠷᠡᠭᠵᠢᠭᠦᠯᠦᠨ᠎ᠡ    ᠬᠦᠭᠵᠢᠯᠲᠡ ᠶᠢᠨ ᠴᠢᠭᠯᠡᠯ    ᠭᠤᠣᠯᠳᠠᠯᠭ᠎ᠠ ᠲᠠᠢ ᠬᠥᠮᠦᠰ᠄ ᠬᠤᠲᠠ ᠳᠤ ᠣᠷᠣᠭᠰᠠᠨ ᠬᠦᠴᠦ ᠶᠠᠪᠤᠭᠰᠠᠳ ᠵᠢᠴᠢ ᠳᠠᠭᠠᠵᠤ ᠨᠡᠭᠦᠭᠰᠡᠨ ᠭᠡᠷ ᠪᠦᠯᠢ ᠶᠢᠨ ᠬᠢᠨ ︵ᠬᠤᠲᠠ ᠶᠢᠨ ᠬᠤᠭᠤᠷᠣᠨᠳᠣᠬᠢ ᠨᠡᠭᠦᠳᠡᠯ ᠬᠥᠮᠦᠨ ᠠᠮᠠ ᠶᠢ ᠬᠠᠮᠲᠤ ᠳᠤ ᠨᠢ ᠬᠠᠷᠠᠭᠠᠯᠵᠠᠨ᠎ᠠ︶    ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠳᠤ ᠲᠦᠷᠭᠡᠨ ᠠᠭᠤᠰᠤᠯᠴᠠᠭᠤᠯᠬᠤ ᠶᠢ ᠠᠬᠢᠭᠤᠯᠤᠨ᠎ᠠ᠄    ︵1︶ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠨ᠎ᠡ    ︵2︶ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠶᠢᠨ ᠳᠠᠩᠰᠠᠯᠠᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠦᠨ᠎ᠡ    ︵3︶ ᠨᠦᠬᠦᠴᠡᠯ ᠳᠤ ᠨᠡᠶᠢᠴᠡᠬᠦ᠋ᠢᠴᠡ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠪᠠᠲᠤᠯᠠᠭ᠎ᠠ᠂ ᠳᠠᠭᠠᠵᠤ ᠨᠡᠭᠦᠭᠰᠡᠨ ᠬᠡᠦᠭᠡᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠵᠡᠷᠭᠡ ᠨᠢ ᠨᠡᠭᠦᠵᠦ ᠤᠷᠤᠭᠰᠠᠨ ᠭᠠᠵᠠᠷ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠ ᠲᠠᠢ ᠬᠦᠮᠦᠨ ᠠᠮᠠ ᠲᠠᠢ ᠠᠳᠠᠯᠢ ᠲᠡᠭᠰᠢ ᠡᠷᠬᠡ ᠲᠠᠢ ᠪᠠᠶᠢᠬᠤ ᠶᠢ ᠠᠬᠢᠭᠤᠯᠤᠨ᠎ᠠ    ︵4︶ ᠡᠷᠦᠬᠡ ᠠᠮᠠ ᠣᠷᠤᠭᠠᠳᠤᠢ ᠪᠠᠶᠢᠩᠭᠤ ᠰᠠᠭᠤᠭ᠎ᠠ ᠬᠦᠮᠦᠨ ᠠᠮᠠ ᠳᠤ ᠠᠯᠬᠤᠮ ᠠᠯᠬᠤᠮ ᠢᠶᠠᠷ ᠬᠤᠳᠠ ᠪᠠᠯᠭᠠᠰᠤ ᠶᠢᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠦᠨ᠎ᠡ    6 ᠵᠦᠢᠯ ᠤᠨ ᠭᠤᠣᠯᠳᠠᠯᠭ᠎ᠠ ᠲᠠᠢ ᠡᠭᠦᠷᠭᠡ    ︵1︶ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ    ︵2︶ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠪᠦᠷᠢᠨᠰᠢᠭᠦᠯᠦᠨ᠎ᠡ    ︵3︶ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢᠨ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠣᠯᠬᠤ ᠶᠢ ᠠᠬᠢᠭᠤᠯᠤᠨ᠎ᠠ    ︵4︶ ᠳᠠᠭᠠᠵᠤ ᠨᠡᠭᠦᠭᠰᠡᠨ ᠬᠡᠤᠬᠡᠳ ᠤᠨ ᠨᠡᠭᠦᠵᠦ ᠣᠷᠤᠭᠰᠠᠨ ᠭᠠᠵᠠᠷ ᠲᠤ ᠰᠤᠷᠭᠠᠨ ᠬᠦᠮᠦᠵᠢᠯ ᠬᠦᠷᠲᠡᠬᠦ ᠡᠷᠬᠡ ᠶᠢ ᠪᠠᠲᠤᠯᠠᠨ᠎ᠠ    ︵5︶ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠣᠯᠠᠨ ᠡᠰᠢᠵᠢᠭᠰᠡᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ    ︵6︶ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠨ᠎ᠡ    2. ᠳᠠᠯᠳᠠ ᠬᠦᠴᠦᠨ ᠲᠠᠢ ᠭᠠᠵᠠᠷ ᠣᠷᠣᠨ ᠤ ᠬᠤᠲᠠ ᠪᠠᠯᠭᠠᠰᠤᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ    ᠬᠦᠭᠵᠢᠯᠲᠡ ᠶᠢᠨ ᠴᠢᠭᠯᠡᠯ    ᠭᠤᠣᠯᠳᠠᠯᠭ᠎ᠠ ᠲᠠᠢ ᠬᠡᠰᠡᠭ᠄ ᠡᠾᠧᠪᠸᠢ ᠶᠢᠨ ᠲᠣᠮᠳᠠ ᠡᠮᠦᠨ᠎ᠡ ᠬᠡᠰᠡᠭ᠂ ᠠᠨᠾᠦ᠋ᠢ ᠶᠢᠨ ᠬᠤᠶᠢᠨ᠎ᠠ ᠬᠡᠰᠡᠭ᠂ ᠱᠠᠨᠳᠦ᠋ᠩ ᠤᠨ ᠪᠠᠷᠠᠭᠤᠨ ᠡᠮᠦᠨ᠎ᠡ ᠬᠡᠰᠡᠭ᠂ ᠡᠾᠧᠨᠠᠨ ᠤ ᠵᠡᠭᠦᠨ ᠡᠮᠦᠨ᠎ᠡ ᠬᠡᠰᠡᠭ᠂ ᠬᠤᠨᠠᠨ ᠤ ᠪᠠᠷᠠᠭᠤᠨ ᠡᠮᠦᠨ᠎ᠡ ᠬᠡᠰᠡᠭ᠂ ᠭᠤᠸᠠᠩᠳᠦ᠋ᠩ ᠤᠨ ᠪᠠᠷᠠᠭᠤᠨ ᠬᠡᠰᠡᠭ᠂ ᠰᠧᠴᠤᠸᠠᠨ ᠤ ᠵᠡᠭᠦᠨ ᠬᠡᠰᠡᠭ ᠵᠡᠷᠭᠡ ᠬᠤᠳᠠ ᠪᠠᠯᠭᠠᠰᠤᠵᠢᠯᠳᠠ ᠶᠢᠨ ᠲᠠᠯᠳᠠ ᠬᠦᠴᠦᠨ ᠨᠡᠯᠢᠶᠡᠳ ᠶᠡᠭᠡ ᠲᠦᠪᠯᠡᠷᠡᠭᠰᠡᠨ ᠵᠠᠯᠭᠠᠯᠳᠤᠭᠰᠠᠨ ᠬᠡᠰᠡᠭ᠂ ᠬᠤᠳᠠ ᠪᠠᠯᠭᠠᠰᠤᠵᠢᠯᠳᠠ ᠶᠢᠨ ᠨᠤᠷᠮ᠎ᠠ ᠲᠤᠤᠷ᠎ᠠ ᠮᠦᠷᠳᠡᠭᠡᠨ ᠬᠦᠮᠦᠨ ᠠᠮᠠ ᠶᠢᠨ ᠬᠡᠪᠴᠢᠶ᠎ᠡ ᠪᠠᠷ ᠶᠡᠭᠡ ᠪᠤᠰᠣᠳ ᠰᠢᠶᠠᠨ ︵ᠬᠤᠳᠠ᠂ ᠲᠤᠭᠤᠷᠢᠭ︶ ᠢ ᠬᠠᠮᠲᠤ ᠳᠤ ᠨᠢ ᠬᠠᠷᠠᠭᠠᠯᠵᠠᠨ᠎ᠠ    ᠴᠢᠭᠯᠡᠯ᠄ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠠ ᠬᠤᠳᠠ ᠪᠠᠯᠭᠠᠰᠤᠵᠢᠯᠳᠠ ᠶᠢᠨ ᠲᠠᠯ᠎ᠠ ᠪᠠᠷ ᠵᠤᠬᠢᠴᠠᠭᠤᠯᠤᠨ ᠠᠬᠢᠭᠤᠯᠤᠨ᠎ᠠ    ᠰᠢᠪᠲᠤᠯᠤᠯᠲᠠ ᠬᠢᠬᠦ ᠶᠢ ᠲᠦᠷᠭᠡᠳᠬᠡᠨ᠂ ᠠᠵᠤ ᠦᠢᠯᠡᠰ ᠤᠨ ᠱᠠᠲᠤᠯᠢᠭ ᠪᠠᠶᠢᠷᠢᠯᠠᠭᠤᠯᠤᠯᠲᠠ᠂ ᠬᠥᠮᠦᠨ ᠠᠮᠠ ᠶᠢᠨ ᠣᠶᠢᠷ᠎ᠠ ᠬᠠᠪᠢ ᠳᠤ ᠪᠠᠨ ᠠᠵᠢᠯ ᠣᠯᠬᠤ᠂ ᠶᠡᠭᠡ ᠳᠤᠮᠳᠠ ᠪᠠᠭ᠎ᠠ ᠬᠤᠲᠠ ᠵᠣᠬᠢᠴᠠᠩᠭᠤᠶ ᠪᠠᠷ ᠬᠥᠭᠵᠢᠭᠰᠡᠨ ᠰᠠᠶᠢᠨ ᠲᠠᠯ᠎ᠠ ᠶᠢᠨ ᠬᠥᠳᠡᠯᠦᠯᠴᠡᠬᠦ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃    4 ᠵᠦᠢᠯ ᠤᠨ ᠭᠤᠣᠯᠳᠠᠯᠭ᠎ᠠ ᠲᠠᠢ ᠡᠭᠦᠷᠭᠡ    ︵1︶ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠤᠨ᠎ᠠ    ︵2︶ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠦᠨ ᠴᠢᠳᠠᠮᠵᠢ ᠶᠢ ᠨᠢ ᠥᠷᠭᠡᠳᠬᠡᠬᠦ ᠶᠢ ᠠᠬᠢᠭᠤᠯᠤᠨ᠎ᠠ    ︵3︶ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ    ︵4︶ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠨᠢ ᠴᠢᠩᠭᠠᠳᠬᠠᠨ᠎ᠠ    3. ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ    ᠬᠦᠭᠵᠢᠯᠲᠡ ᠶᠢᠨ ᠴᠢᠭᠯᠡᠯ    ︵1︶ ᠬᠡᠲᠦ ᠶᠡᠭᠡ ᠣᠨᠴᠠ ᠶᠡᠭᠡ ᠬᠤᠲᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠳᠦᠷᠭᠡᠳᠭᠡᠨ ᠬᠤᠪᠢᠷᠠᠭᠤᠯᠤᠨ᠎ᠠ    ︵2︶ ᠲᠥᠪ ᠬᠤᠲᠠ ᠳᠤ ᠲᠦᠰᠢᠭᠯᠡᠨ ᠡᠷᠭᠢᠨ ᠲᠣᠭᠤᠷᠢᠨ ᠤ ᠬᠤᠲᠠ ᠰᠢᠶᠠᠨ ᠢ ᠳᠠᠶᠢᠴᠢᠯᠠᠵᠤ ᠬᠠᠮᠲᠤ ᠪᠠᠷ ᠬᠥᠭᠵᠢᠭᠦᠯᠦᠨ᠎ᠡ    ︵3︶ ᠨᠢᠭᠡ ᠪᠦᠯᠦᠭ ᠬᠤᠲᠠᠴᠢᠯᠠᠯᠲᠠ ᠶᠢᠨ ᠬᠡᠮᠵᠢᠶ᠎ᠡ ᠪᠠᠷ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠤᠶᠢᠵᠢᠭᠤᠯᠣᠨ᠎ᠠ    ︵4︶ ᠠᠵᠢᠯ ᠡᠭᠦᠷᠭᠡ ᠭᠦᠢᠴᠡᠳᠬᠡᠬᠦ ᠳᠤ ᠳᠥᠭᠦᠮ ᠳᠥᠲᠡ ᠥᠨᠳᠥᠷ ᠪᠦᠲᠦᠮᠵᠢᠲᠡᠶ᠂ ᠠᠵᠤ ᠦᠢᠯᠡᠰ ᠢ ᠱᠠᠲᠤ ᠬᠤᠪᠢᠶᠠᠨ ᠢᠵᠢ ᠪᠦᠷᠢᠳᠦᠭᠦᠯᠬᠦ᠂ ᠠᠮᠢᠳᠤᠷᠠᠯ ᠳᠤ ᠲᠥᠬᠦᠮ ᠦᠵᠡᠭᠦᠯᠵᠦ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ    ︵5︶ ᠶᠡᠭᠡ ᠳᠤᠮᠳᠠ ᠪᠠᠭ᠎ᠠ ᠬᠤᠲᠠ ᠶᠢ ᠪᠠᠭ᠎ᠠ ᠬᠤᠲᠠ ᠪᠠᠯᠭᠠᠰᠤ ᠲᠠᠢ ᠵᠣᠬᠢᠴᠠᠭᠤᠯᠤᠨ ᠬᠥᠭᠵᠢᠭᠦᠯᠬᠦ᠂ ᠡᠷᠴᠢᠮᠵᠢᠭᠦᠯᠦᠭᠰᠡᠨ ᠠᠪᠴᠠᠯᠳᠤᠩᠭᠤᠢ ᠪᠠᠶᠢᠷᠢᠯᠠᠭᠤᠯᠤᠯᠲᠠ ᠶᠢ ᠪᠣᠢ ᠪᠣᠯᠭᠠᠬᠤ ᠶᠢ ᠬᠦᠲᠦᠯᠦᠨ ᠵᠢᠯᠤᠭᠤᠳᠤᠨ᠎ᠠ    4 ᠵᠦᠢᠯ ᠤᠨ ᠭᠤᠣᠯᠳᠠᠯᠭ᠎ᠠ ᠲᠠᠢ ᠡᠭᠦᠷᠭᠡ    ︵1︶ ᠬᠤᠲᠠ ᠶᠢᠨ ᠬᠤᠭᠤᠷᠣᠨᠳᠣᠬᠢ ᠠᠵᠢᠯ ᠳᠤ ᠭᠠᠷᠬᠤ ᠠᠰᠢᠭᠯᠠᠮᠵᠢ ᠶᠢ ᠳᠡᠭᠡᠭᠰᠢᠯᠡᠭᠦᠯᠦᠨ᠎ᠡ    ︵2︶ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ    ︵3︶ ᠵᠠᠬ᠎ᠠ ᠳᠡᠯᠭᠡᠭᠦᠷ ᠤᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ    ︵4︶ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ    4. ᠬᠤᠲᠠ ᠶᠢ ᠰᠢᠨᠡᠳᠭᠡᠬᠦ ᠪᠠ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ    ᠬᠦᠭᠵᠢᠯᠲᠡ ᠶᠢᠨ ᠴᠢᠭᠯᠡᠯ    ᠭᠤᠣᠯᠳᠠᠯᠭ᠎ᠠ᠄ ᠬᠥᠮᠦᠨ ᠠᠮᠠ ᠶᠢᠨ ᠬᠡᠪᠴᠢᠶ᠎ᠡ ᠪᠠᠷ ᠶᠡᠭᠡ ᠨᠢᠭᠲᠠᠴᠠ ᠶᠡᠬᠡᠲᠡᠢ ᠬᠤᠲᠠ ᠶᠢᠨ ᠭᠤᠣᠯ ᠲᠣᠭᠤᠷᠢᠭ ᠪᠠ ᠨᠥᠯᠥᠭᠡᠯᠡᠬᠦ ᠬᠡᠪᠴᠢᠶ᠎ᠡ ᠪᠠᠷ ᠥᠷᠭᠡᠨ ᠵᠠᠩᠭᠢᠯᠠᠭ᠎ᠠ ᠶᠢᠨ ᠬᠦᠷᠢᠶ᠎ᠡ    ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠳᠠ ᠶᠢᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠᠭᠠᠶᠢᠯᠠᠨ ᠬᠤᠳᠠ ᠶᠢᠨ ᠭᠠᠵᠠᠷ ᠳᠣᠣᠷᠠᠬᠢ ᠬᠤᠭᠤᠯᠠᠢ ᠭᠤᠤᠷᠰᠤ ᠶᠢᠨ ᠲᠣᠣᠷ ᠵᠡᠷᠭᠡ ︽ᠳᠣᠲᠣᠷ︾ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷᠲᠠᠢ᠂ ᠤᠶᠤᠨᠲᠤ ᠬᠤᠳᠠ ᠶᠢ ᠪᠦᠳᠦᠭᠡᠨ ᠪᠠᠶᠢᠭᠤᠯᠤᠨ᠎ᠠ᠃    5 ᠵᠦᠢᠯ ᠤᠨ ᠭᠤᠣᠯᠳᠠᠯᠭ᠎ᠠ ᠲᠠᠢ ᠡᠭᠦᠷᠭᠡ    ︵1︶ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠵᠠᠰᠠᠵᠤ ᠰᠢᠨᠡᠳᠭᠡᠬᠦ ᠶᠢ ᠠᠬᠢᠭᠤᠯᠤᠨ᠎ᠠ    ︵2︶ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ︽ᠡᠩ ᠤᠨ ᠪᠠ ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ︾ ᠣᠯᠠᠨ ᠨᠡᠶᠢᠲᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠᠨ ᠳᠠᠬᠢ ᠲᠣᠰᠬᠤᠨ ᠢ ᠵᠠᠰᠠᠵᠤ ᠰᠢᠨᠡᠳᠭᠡᠬᠦ ᠶᠢ ᠲᠦᠷᠭᠡᠳᠬᠡᠨ ᠠᠬᠢᠭᠤᠯᠤᠨ᠎ᠠ    ︵3︶ ᠬᠤᠲᠠ ᠶᠢᠨ ᠦᠶᠡᠷ ᠤᠰᠤᠲᠤᠯ ᠤᠨ ᠵᠠᠰᠠᠯᠲᠠ ᠶᠢ ᠴᠢᠩᠭᠠᠳᠬᠠᠨ᠎ᠠ    ︵4︶ ᠬᠤᠲᠠ ᠶᠢᠨ ᠠᠮᠢ ᠨᠠᠰᠤᠨ ᠤ ᠱᠤᠭᠤᠮ ᠤᠨ ᠠᠶᠤᠯ ᠦᠭᠡᠢ ᠢᠨᠵᠧᠨᠧᠷᠢᠩ ᠢ ᠬᠡᠷᠡᠭᠵᠢᠭᠦᠯᠦᠨ᠎ᠡ    ︵5︶ ᠪᠤᠭᠢᠷᠲᠤᠯ ᠦᠭᠡᠢ ᠤᠶᠤᠨᠲᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠭᠢᠭᠤᠯᠤᠨ᠎ᠠ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号