ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 947.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 5 | ᠳ᠋ᠤᠭᠠᠷ ᠰᠠᠷ᠎ᠠ ᠶᠢᠨ ᠬᠢ ᠠᠴᠠ 3.4 ᠵᠠᠭᠤᠨ ᠤ ᠬᠤᠪᠢ ᠶᠢᠨ ᠴᠡᠭ ᠲᠦᠷᠭᠡᠳᠴᠦ᠂ ᠢᠯᠴᠢ ᠶᠢᠨ ᠬᠦᠴᠦᠨ ᠢᠶᠠᠷ | ᠴᠠᠬᠢᠯᠭᠠᠨ ᠭᠠᠷᠭᠠᠭᠰᠠᠨ ᠬᠡᠮᠵᠢᠶ᠎ᠡ ᠠᠴᠠ 12.7 ᠵᠠᠭᠤᠨ ᠤ ᠬᠤᠪᠢ ᠶᠢᠨ ᠴᠡᠭ ᠥᠨᠳᠥᠷ ᠪᠣᠯᠪᠠ︔ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠨᠢ ᠪᠥᠬᠦ ᠴᠠᠬᠢᠯᠭᠠᠨ ᠭᠠᠷᠭᠠᠬᠤ ᠬᠡᠮᠵᠢᠶ᠎ᠡ ᠶᠢᠨ 24.3% ᠶᠢ | ᠡᠵᠡᠯᠡᠵᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 1.9 ᠵᠠᠭᠤᠨ ᠤ ᠬᠤᠪᠢ ᠶᠢᠨ ᠴᠡᠭ | ᠳᠡᠭᠡᠭᠰᠢᠯᠡᠵᠡᠶ᠃ ᠡᠭᠦᠨ ᠳᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 792 . 4 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.6% ᠨᠡᠮᠡᠭᠳᠡᠵᠦ᠂ ᠨᠡᠷᠡᠨ ᠤ | ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 147.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 43.1% ᠨᠡᠮᠡᠭᠳᠡᠪᠡ᠃ | ᠠᠶᠢᠮᠠᠭ ᠬᠤᠲᠠ ᠬᠤᠪᠢᠶᠠᠨ ᠦᠵᠡᠪᠡᠯ᠂ ᠪᠥᠬᠦ ᠣᠷᠣᠨ ᠤ ᠨᠠᠢᠮᠠᠨ ᠠᠶᠢᠮᠠᠭ ᠬᠤᠲᠠ ᠨᠢ ᠬᠤᠶᠠᠷ ᠣᠷᠣᠨᠲᠤ | ᠲᠤᠭ᠎ᠠ ᠪᠠᠷ ᠨᠡᠮᠡᠭᠳᠡᠪᠡ᠃ ᠡᠭᠦᠨ ᠳᠤ᠂ ᠰᠢᠯᠢ ᠶᠢᠨ ᠭᠤᠤᠯ ᠠᠶᠢᠮᠠᠭ ᠤᠨ ᠰᠢᠨ᠎ᠡ ᠡᠨᠧᠷᠭᠢ ᠶᠢᠨ ᠴᠠᠬᠢᠯᠭᠠᠨ | ᠭᠠᠷᠭᠠᠭᠰᠠᠨ ᠬᠡᠮᠵᠢᠶ᠎ᠡ 210.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠣᠷᠣᠨ ᠤ ᠲᠡᠷᠢᠭᠦᠨ ᠳᠤ | ᠣᠷᠣᠵᠤ᠂ ᠠᠳᠠᠯᠢ ᠬᠤᠭᠤᠴᠠᠭᠠᠨ ᠤ ᠬᠢ ᠠᠴᠠ 14.0% ᠨᠡᠮᠡᠭᠳᠡᠪᠡ︔ ᠣᠷᠳᠣᠰ ᠬᠤᠲᠠ ᠶᠢᠨ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 67.2% ᠢᠶᠠᠷ ᠨᠡᠮᠡᠭᠳᠡᠪᠡ᠂ | ᠡᠭᠦᠨ ᠳᠤ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1.1 ᠳᠠᠬᠢᠨ ᠨᠡᠮᠡᠭᠳᠡᠵᠦ᠂ ᠨᠡᠷᠡᠨ ᠤ | ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠵᠢᠴᠢ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠳᠤ | ᠲᠡᠷᠢᠭᠦᠯᠡᠪᠡ︔ ᠠᠯᠠᠱᠠ ᠠᠶᠢᠮᠠᠭ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠤᠷᠳᠤᠴᠠ ᠬᠠᠮᠤᠭ ᠤᠨ | ᠲᠦᠷᠭᠡᠨ ᠪᠠᠶᠢᠵᠤ᠂ 1.1 ᠳᠠᠬᠢᠨ ᠪᠣᠯᠪᠠ᠂ ᠡᠭᠦᠨ ᠳᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ 1. | 4 ᠳᠠᠬᠢᠨ ᠨᠡᠮᠡᠭᠳᠡᠪᠡ᠃ |