ᠡᠨᠡ ᠵᠢᠯ ᠠᠴᠠ ᠨᠠᠭᠠᠰᠢ᠂ ᠪᠥᠬᠦ ᠣᠷᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠠᠵᠤ ᠠᠬᠤᠶᠢᠯᠠᠯ ᠲᠣᠭᠲᠠᠭᠤᠨ ᠢᠶᠠᠷ ᠳᠡᠭᠡᠭᠰᠢᠯᠡᠵᠦ᠂ ᠦᠢᠯᠡᠳᠬᠦ ᠦᠢᠯᠡᠰ ᠤᠨ ᠳᠡᠭᠡᠳᠦ | ᠦᠵᠦᠭᠦᠷᠵᠢᠯᠲᠡ᠂ ᠤᠶᠤᠨᠴᠢᠯᠠᠯᠳᠠ᠂ ᠪᠣᠬᠢᠷᠲᠤᠯ ᠥᠬᠡᠶ ᠬᠥᠭᠵᠢᠯᠲᠡ ᠲᠠᠰᠤᠷᠠᠯᠲᠠ ᠥᠬᠡᠶ ᠰᠢᠨ᠎ᠡ ᠦᠷ᠎ᠡ | ᠪᠦᠲᠦᠮᠵᠢ ᠣᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠤᠨ ᠬᠦᠴᠦᠨ ᠤ ᠪᠤᠶᠢᠵᠢᠯᠲᠠ ᠲᠠᠰᠤᠷᠠᠯᠲᠠ ᠥᠬᠡᠶ | ᠲᠦᠷᠭᠡᠳᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠪᠥᠬᠦ | ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 1.5 | ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ᠨᠢᠭᠡ᠂ ᠠᠵᠢᠯᠯᠠᠭᠠᠨ ᠤ ᠣᠨᠴᠠᠯᠢᠭ | ︵ᠨᠢᠭᠡ︶ ᠭᠤᠷᠪᠠᠨ ᠶᠡᠭᠡ ᠲᠥᠷᠥᠯ ᠬᠠᠮᠵᠢᠯᠴᠠᠨ ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠳᠡᠭᠡᠷ᠎ᠡ | ᠬᠠᠭᠠᠰ ᠵᠢᠯ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠦ᠂ ᠦᠢᠯᠡᠳᠬᠦ ᠦᠢᠯᠡᠰ 11.0% ᠨᠡᠮᠡᠭᠳᠡᠵᠦ᠂ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 11.5% ᠨᠡᠮᠡᠭᠳᠡᠵᠦ᠂ ᠲᠣᠰ ᠲᠣᠰ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠭᠤᠷᠪᠠᠨ ᠶᠡᠭᠡ ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠠᠴᠠ 1.7᠂ 4.5 ᠪᠠ | 5.5 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ 37 ᠠᠵᠢᠯ ᠲᠥᠷᠥᠯ ᠤᠨ ᠶᠡᠭᠡ ᠲᠥᠷᠥᠯ ᠳᠣᠲᠣᠷ᠎ᠠ᠂ 25 ᠠᠵᠢᠯ ᠲᠥᠷᠥᠯ ᠤᠨ ᠨᠡᠮᠡᠭᠳᠡᠯ | ᠥᠷᠲᠡᠭ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 67.6% ᠪᠣᠯᠪᠠ᠃ | ︵ᠬᠤᠶᠠᠷ︶ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠤᠨ ᠬᠤᠷᠳᠤᠴᠠ ᠲᠦᠷᠭᠡᠳᠪᠡ᠃ ᠳᠡᠭᠡᠷ᠎ᠡ ᠬᠠᠭᠠᠰ | ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ 2023 ᠣᠨ ᠤ 5 ᠳ᠋ᠤᠭᠠᠷ ᠰᠠᠷ᠎ᠠ ᠠᠴᠠ ᠨᠠᠰᠢᠬᠢ ᠬᠠᠮᠤᠭ ᠤᠨ ᠥᠨᠳᠥᠷ | ᠨᠡᠮᠡᠭᠳᠡᠯ ᠤᠨ ᠬᠤᠷᠳᠤᠴᠠ ᠳᠤ ᠬᠥᠷᠪᠡ᠃ ᠭᠤᠤᠯ ᠪᠣᠯᠬᠤ ᠠᠵᠢᠯ ᠲᠥᠷᠥᠯ ᠤᠨ ᠳᠣᠲᠣᠷ᠎ᠠ᠂ ᠨᠡᠭᠦᠷᠡᠰᠦ ᠮᠠᠯᠲᠠᠬᠤ | ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4. 3% ᠪᠠᠷ | ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 1. 9 | ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 25.2% ᠪᠠᠶᠢᠵᠤ᠂ ᠠᠵᠤ | ᠦᠢᠯᠡᠳᠪᠦᠷᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠪᠣᠯᠵᠠᠶ᠃ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠨᠡᠭᠦᠷᠡᠰᠦᠨ ᠤ ᠭᠠᠷᠤᠯᠲᠠ 6.3 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3.8% ᠪᠠᠷ ᠨᠡᠮᠡᠭᠳᠡᠪᠡ᠃ | ︵ᠭᠤᠷᠪᠠ︶ ᠦᠢᠯᠡᠳᠬᠦ ᠦᠢᠯᠡᠰ ᠴᠢᠨᠠᠷᠯᠢᠭ ᠬᠥᠭᠵᠢᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ 2023 ᠣᠨ ᠤ 4 ᠰᠠᠷ᠎ᠠ ᠠᠴᠠ | ᠨᠠᠭᠠᠰᠢᠬᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠪᠡ᠃ ᠨᠢᠭᠡ ᠳᠤ᠂ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠨᠡᠮᠡᠭᠳᠡᠯ ᠲᠦᠷᠭᠡᠨ ᠪᠣᠯᠵᠣ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.3% | ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ | ᠲᠦᠪᠰᠢᠨ ᠠᠴᠠ 33.8 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠺᠣᠮᠫᠢᠦ᠋ᠲ᠋ᠧᠷ᠂ ᠴᠢᠮᠡᠭᠡ | ᠬᠤᠯᠪᠣᠭ᠎ᠠ ᠪᠣᠯᠤᠨ ᠪᠤᠰᠤᠳ ᠡᠯᠧᠺᠳ᠋ᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 58. 8% ᠪᠠᠷ ᠨᠡᠮᠡᠭᠳᠡᠵᠦ᠂ ᠴᠠᠬᠢᠯᠭᠠᠨ ᠮᠧᠬᠠᠨᠢᠭ ᠪᠣᠯᠤᠨ ᠪᠠᠭᠠᠵᠢ ᠬᠡᠷᠡᠭᠰᠡᠯ | ᠦᠢᠯᠡᠳᠬᠦ ᠦᠢᠯᠡᠰ 44.2% ᠢᠶᠠᠷ ᠨᠡᠮᠡᠭᠳᠡᠪᠡ᠃ ᠬᠤᠶᠠᠷ ᠲᠤ᠂ ᠳᠡᠭᠡᠳᠦ ᠲᠠᠰ ᠤᠨ ᠦᠢᠯᠡᠳᠬᠦ ᠦᠢᠯᠡᠰ | ᠠᠯᠬᠤᠴᠠ ᠲᠦᠷᠭᠡᠳᠴᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 32.4% ᠨᠡᠮᠡᠭᠳᠡᠵᠦ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 24.9 ᠵᠠᠭᠤᠨ ᠤ | ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠡᠯᠧᠺᠳ᠋ᠷᠣᠨ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ | ᠦᠢᠯᠡᠳᠬᠦ ᠦᠢᠯᠡᠰ᠂ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ ᠠᠳᠠᠯᠢ | ᠬᠤᠭᠤᠴᠠᠭᠠᠨ ᠤ ᠬᠢ ᠠᠴᠠ 49.3%᠂ 5. 8% ᠪᠠᠷ ᠨᠡᠮᠡᠭᠳᠡᠪᠡ᠃ ᠭᠤᠷᠪᠠ ᠳᠤ᠂ ᠬᠡᠷᠡᠯ ᠴᠡᠨᠡᠭ ᠤᠨ | ᠦᠢᠯᠡᠳᠬᠦᠨ ᠤ ᠨᠡᠮᠡᠭᠳᠡᠯ ᠤᠨ ᠬᠠᠨᠳᠤᠰᠢ ᠰᠠᠶᠢᠨ ᠪᠠᠶᠢᠵᠤ᠂ ᠭᠤᠤᠯ ᠪᠣᠯᠬᠤ ᠲᠦᠭᠦᠬᠡᠶ ᠮᠠᠲ᠋ᠧᠷᠢᠶᠠᠯ ᠤᠨ ᠲᠠᠩ | ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ | 62.3% ᠪᠠ 1.1 ᠳᠠᠬᠢᠨ ᠨᠡᠮᠡᠭᠳᠡᠵᠦ᠂ ᠦᠵᠦᠭᠦᠷ ᠤᠨ ᠦᠢᠯᠡᠳᠬᠦᠨ ᠤ ᠨᠡᠷᠡᠨ ᠡᠨᠧᠷᠭᠢ ᠶᠢᠨ ᠳ᠋ᠢᠶᠠᠨ ᡂᠢ ᠶᠢᠨ | ᠭᠠᠷᠤᠯᠲᠠ ᠠᠳᠠᠯᠢ ᠬᠤᠭᠤᠴᠠᠭᠠᠨ ᠤ ᠬᠢ ᠠᠴᠠ 11.4 ᠳᠠᠬᠢᠨ ᠨᠡᠮᠡᠭᠳᠡᠪᠡ᠃ | ︵ᠳᠥᠷᠪᠡ︶ ᠴᠠᠬᠢᠯᠭᠠᠨ ᠬᠦᠴᠦᠨ ᠤ ᠠᠵᠢᠯ ᠲᠥᠷᠥᠯ ᠤᠨ ᠲᠤᠯᠭᠠᠭᠤᠷᠢᠯᠠᠯ ᠬᠦᠴᠦᠳᠡᠢ ᠳᠡᠭᠡᠷ᠎ᠡ ᠬᠠᠭᠠᠰ | ᠵᠢᠯ ᠳᠤ᠂ ᠪᠥᠬᠦ ᠣᠷᠣᠨ ᠤ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠦ᠂ 10 ᠰᠠᠷ᠎ᠠ | ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ 1.5 ᠵᠠᠭᠤᠨ ᠤ ᠴᠡᠭ ᠨᠡᠮᠡᠭᠳᠡᠬᠦ ᠶᠢ ᠳᠠᠶᠢᠴᠢᠯᠠᠨ᠎ᠠ᠃ ᠴᠠᠬᠢᠯᠭᠠᠨ | ᠭᠠᠷᠭᠠᠭᠰᠠᠨ ᠠᠴᠠ ᠦᠵᠡᠪᠡᠯ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠭᠰᠠᠨ ᠬᠡᠮᠵᠢᠶ᠎ᠡ | 3895.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠪᠠᠷ | ᠨᠡᠮᠡᠭᠳᠡᠪᠡ᠃ | ︵ᠲᠠᠪᠤ︶ ᠠᠶᠢᠮᠠᠭ ᠬᠤᠲᠠ ᠶᠢᠨ ᠠᠵᠤ ᠦᠢᠯᠡᠳᠪᠦᠷᠢ ᠪᠥᠬᠦ ᠲᠠᠯ᠎ᠠ ᠪᠠᠷ ᠨᠡᠮᠡᠭᠳᠡᠪᠡ᠃ ᠳᠡᠭᠡᠷ᠎ᠡ ᠬᠠᠭᠠᠰ | ᠵᠢᠯ ᠳᠤ᠂ ᠪᠥᠬᠦ ᠣᠷᠣᠨ ᠤ 12 ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠴᠥᠮ ᠨᠡᠮᠡᠭᠳᠡᠪᠡ᠃ ᠡᠭᠦᠨ ᠳᠤ᠂ ᠨᠡᠮᠡᠭᠳᠡᠯ ᠤᠨ ᠬᠤᠷᠳᠤᠴᠠ ᠶᠢᠨ ᠡᠮᠦᠨ᠎ᠡ ᠭᠤᠷᠪᠠ ᠳᠤ | ᠵᠢᠭᠰᠠᠭᠠᠭᠳᠠᠭᠰᠠᠨ ᠨᠢ ᠠᠯᠠᠱᠠ ᠠᠶᠢᠮᠠᠭ᠂ ᠤᠯᠠᠭᠠᠨᠴᠠᠪ ᠬᠤᠲᠠ᠂ ᠪᠤᠭᠤᠲᠤ ᠬᠤᠲᠠ ᠪᠣᠯᠤᠨ᠎ᠠ᠂ ᠲᠣᠰ ᠲᠣᠰ | ᠠᠳᠠᠯᠢ ᠬᠤᠭᠤᠴᠠᠭᠠᠨ ᠤ ᠬᠢ ᠠᠴᠠ 18.7%᠂ 18.2%᠂ 15.3% ᠪᠠᠷ ᠨᠡᠮᠡᠭᠳᠡᠪᠡ᠃ ᠣᠷᠣᠨ ᠪᠦᠰᠡ ᠠᠴᠠ | ᠦᠵᠡᠪᠡᠯ᠂ ᠳᠤᠮᠳᠠ ᠬᠡᠰᠡᠭ ᠤᠨ ᠳᠥᠷᠪᠡᠨ ᠠᠶᠢᠮᠠᠭ ᠬᠤᠲᠠ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠵᠦ᠂ ᠪᠠᠷᠠᠭᠤᠨ ᠬᠡᠰᠡᠭ ᠤᠨ ᠭᠤᠷᠪᠠᠨ ᠠᠶᠢᠮᠠᠭ ᠬᠤᠲᠠ 10. | 5% ᠪᠠᠷ ᠨᠡᠮᠡᠭᠳᠡᠵᠦ᠂ ᠵᠡᠭᠦᠨ ᠬᠡᠰᠡᠭ ᠤᠨ ᠲᠠᠪᠤᠨ ᠠᠶᠢᠮᠠᠭ ᠬᠤᠲᠠ 3.7% ᠪᠠᠷ ᠨᠡᠮᠡᠭᠳᠡᠵᠦ᠂ ᠳᠤᠮᠳᠠ ᠬᠡᠰᠡᠭ | ᠪᠠᠷᠠᠭᠤᠨ ᠬᠡᠰᠡᠭ ᠤᠨ ᠭᠠᠵᠠᠷ ᠣᠷᠣᠨ ᠤ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ᠂ ᠵᠡᠭᠦᠨ ᠬᠡᠰᠡᠭ ᠤᠨ | ᠭᠠᠵᠠᠷ ᠣᠷᠣᠨ ᠤ ᠨᠡᠮᠡᠭᠳᠡᠯ ᠤᠨ ᠬᠤᠷᠳᠤᠴᠠ ᠤᠳᠠᠭᠠᠰᠢᠷᠠᠬᠤ ᠪᠠᠶᠢᠳᠠᠯ ᠢᠯᠡᠷᠡᠪᠡ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | ︵ᠨᠢᠭᠡ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠦᠷᠭᠦᠯᠵᠢᠯᠡᠨ ᠪᠠᠭᠤᠷᠠᠪᠠ᠃ | 1 — 5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 21.1% ᠪᠠᠷ | ᠪᠠᠭᠤᠷᠠᠵᠤ᠂ ᠰᠥᠭᠡᠷᠭᠦ ᠨᠡᠮᠡᠭᠳᠡᠯ ᠤᠨ ᠪᠠᠶᠢᠳᠠᠯ ᠦᠷᠭᠦᠯᠵᠢᠯᠡᠨ ᠢᠯᠡᠷᠡᠵᠦ᠂ ᠳᠠᠪᠬᠤᠴᠠᠭᠰᠠᠨ ᠡᠵᠡᠩᠨᠡᠯᠲᠡ ᠶᠢᠨ | ᠥᠪᠡᠷ ᠤᠨ ᠥᠷᠲᠡᠭ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠵᠦ᠂ ᠠᠵᠤ ᠠᠬᠤᠶᠢᠯᠠᠯ ᠤᠨ | ᠥᠪᠡᠷ ᠤᠨ ᠥᠷᠲᠡᠭ ᠲᠣᠩᠭᠤᠷᠤᠭᠰᠠᠨ ᠠᠴᠠ ᠦᠢᠯᠡᠳᠪᠦᠷᠢᠯᠡᠯ ᠡᠵᠡᠩᠨᠡᠯᠲᠡ ᠶᠢᠨ ᠳᠠᠷᠤᠯᠲᠠ ᠶᠢ ᠪᠣᠶ ᠪᠣᠯᠭᠠᠪᠠ᠃ | ᠠᠵᠤ ᠦᠢᠯᠡᠳᠪᠦᠷᠢ ᠶᠢᠨ ᠠᠯᠳᠠᠭᠳᠠᠯ ᠲᠠᠢ ᠠᠵᠤ ᠠᠬᠤᠶᠢᠯᠠᠯ ᠤᠨ ᠠᠯᠳᠠᠭᠳᠠᠯ ᠤᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 28.0% ᠨᠡᠮᠡᠭᠳᠡᠵᠦ᠂ ᠠᠯᠳᠠᠭᠳᠠᠯ ᠤᠨ ᠬᠡᠪᠴᠢᠶ᠎ᠡ ᠨᠢ 39.2% ᠪᠣᠯᠪᠠ᠃ ᠭᠤᠤᠯ | ᠪᠣᠯᠬᠤ ᠠᠵᠢᠯ ᠲᠥᠷᠥᠯ ᠤᠨ ᠳᠣᠲᠣᠷ᠎ᠠ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠠᠰᠢᠭ | ᠬᠤᠨᠵᠢᠪᠣᠷᠢ ᠶᠢᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 21.3% ᠪᠠᠷ ᠪᠠᠭᠤᠷᠠᠵᠤ᠂ ᠲᠡᠮᠦᠷᠯᠢᠭ | ᠪᠤᠰᠤ ᠡᠷᠦᠳᠡᠰᠦ ᠶᠢᠨ ᠦᠢᠯᠡᠳᠬᠦᠨ ᠤ ᠦᠢᠯᠡᠰ 121.1% ᠪᠠᠷ ᠪᠠᠭᠤᠷᠠᠵᠤ᠂ ᠬᠠᠷ᠎ᠠ ᠲᠡᠮᠦᠷᠯᠢᠭ ᠬᠠᠶᠢᠯᠤᠭᠤᠯᠬᠤ | ᠪᠠ ᠳᠠᠷᠤᠵᠤ ᠰᠤᠩᠭᠠᠨ ᠡᠳ᠋ᠰᠢᠭᠦᠯᠬᠦ ᠦᠢᠯᠡᠰ 179.6% ᠪᠠᠷ ᠪᠠᠭᠤᠷᠠᠪᠠ᠃ | ︵ᠬᠤᠶᠠᠷ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠮᠡᠭᠳᠡᠯ ᠤᠨ ᠠᠮᠢᠵᠢᠷᠠᠯ ᠤᠨ ᠬᠦᠴᠦᠨ ᠢ | ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ 921 | ᠪᠠᠶᠢᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠶᠢᠨ 23.3% ᠶᠢ | ᠡᠵᠡᠯᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠵᠡᠯᠡᠬᠦ ᠬᠤᠪᠢ ᠶᠢᠨ | ᠵᠢᠩ ᠨᠢ ᠲᠠᠪᠤᠨ ᠬᠤᠪᠢ ᠶᠢ ᠳᠠᠪᠠᠭᠰᠠᠨ ᠪᠣᠯᠪᠠᠴᠤ ᠨᠡᠮᠡᠭᠳᠡᠯ ᠤᠨ ᠬᠤᠷᠳᠤᠴᠠ ᠨᠢ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠢ ᠠᠴᠠ 3.3 ᠵᠠᠭᠤᠨ ᠤ ᠬᠤᠪᠢ ᠶᠢᠨ ᠴᠡᠭ ᠳᠤᠤᠷ᠎ᠠ ᠪᠠᠶᠢᠵᠤ᠂ ᠬᠥᠭᠵᠢᠶᠡᠨᠲᠡᠶ ᠪᠠᠶᠢᠬᠤ | ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ᠭᠤᠷᠪᠠ᠂ ᠰᠠᠨᠠᠭᠤᠯᠭ᠎ᠠ | ︵ᠨᠢᠭᠡ︶ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠬᠡᠵᠦ᠂ ᠠᠵᠤ | ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠳᠡᠭᠡᠳᠦ ᠲᠡᠰ ᠤᠨ ᠦᠢᠯᠡᠳᠬᠦ ᠦᠢᠯᠡᠰ ᠪᠠ ᠳᠡᠭᠡᠳᠦ | ᠮᠡᠷᠭᠡᠵᠢᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠ ᠦᠷᠳᠡᠭ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠶᠤᠨᠴᠢᠯᠠᠭᠰᠠᠨ᠂ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ | ᠪᠤᠶᠢᠵᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ | ︵ᠬᠤᠶᠠᠷ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ | ᠨᠡᠮᠡᠭᠳᠡᠯ ᠤᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠦᠷ᠎ᠡ ᠪᠦᠲᠦᠮᠵᠢ ᠪᠠ ᠵᠠᠬ᠎ᠠ ᠳᠡᠯᠭᠡᠭᠦᠷ ᠤᠨ | ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠲᠤᠰ ᠲᠤᠰ ᠤᠨ | ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠨ᠂ ᠪᠦᠬᠦ ᠣᠷᠣᠨ ᠤ ᠠᠵᠤ ᠦᠢᠯᠡᠳᠪᠦᠷᠢ ᠶᠢᠨ | ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢ ᠨᠢ ᠳᠡᠭᠡᠭᠰᠢᠯᠡᠭᠦᠯᠦᠨ᠎ᠡ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠨ᠎ᠡ᠃ ᠪᠥᠬᠦ ᠣᠷᠣᠨ ᠤ ᠠᠵᠤ ᠠᠬᠤᠢ ᠶᠢᠨ | ᠠᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ | ᠨᠠᠢᠳᠠᠪᠤᠷᠢᠵᠢᠭᠤᠯᠬᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ | ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠤᠮᠳᠠ ᠵᠢᠵᠢᠭ ᠠᠵᠤ ᠠᠬᠤᠶᠢᠯᠠᠯ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠮᠥᠩᠭᠦᠨ ᠭᠦᠢᠯᠭᠡᠭᠡᠨ ᠤ | ᠳᠡᠮᠵᠢᠯᠭᠡ ᠦᠵᠡᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠥᠪᠡᠷ ᠤᠨ | ᠦᠷᠲᠡᠭ ᠢ ᠨᠢ ᠪᠠᠭᠤᠷᠠᠭᠤᠯᠵᠤ᠂ ᠡᠵᠡᠩᠨᠡᠯᠲᠡ ᠶᠢᠨ ᠳᠠᠷᠤᠯᠲᠠ ᠶᠢ ᠨᠢ ᠨᠠᠮᠳᠠᠭᠤᠯᠤᠨ᠎ᠠ᠃ |