ᠦᠨᠢᠶᠡᠨ ᠰᠦ ᠪᠠᠷ ᠡᠮ ᠲᠠᠷᠤᠭᠤᠯᠵᠤ ᠤᠤᠭᠤᠯᠭᠠᠬᠤ ᠁ ᠬᠡᠦᠬᠡᠳ ᠲᠤ ᠡᠮ ᠤᠤᠭᠤᠯᠭᠠᠬᠤ ᠲᠤᠬᠠᠢ ᠪᠤᠷᠤᠭᠤ ᠣᠶᠢᠯᠠᠭᠠᠯᠲᠠ ᠠᠴᠠ ᠵᠠᠶᠢᠯᠠᠰᠬᠢᠬᠦ ᠬᠡᠷᠡᠭᠲᠡᠢ
ᠨᠡᠶᠢᠲᠡᠯᠡᠭᠰᠡᠨ ᠴᠠᠭ᠄
2024/8/21
    ᠬᠡᠦᠬᠡᠳ ᠲᠤ ᠡᠮ ᠤᠤᠭᠤᠯᠭᠠᠬᠤ ᠳᠤ ᠬᠦᠴᠢᠷ ᠪᠠᠶᠢᠳᠠᠭ ᠠᠴᠠ ᠭᠡᠷ ᠤᠨ ᠠᠬᠠᠮᠠᠳ ᠨᠠᠷ ᠦᠷᠭᠦᠯᠵᠢ ᠬᠡᠦᠬᠡᠳ ᠤᠨ ᠤᠤᠭᠤᠬᠤ ᠳᠤᠷᠠᠲᠠᠢ ᠦᠨᠢᠶᠡᠨ ᠰᠦ᠂ ᠵᠢᠮᠢᠰ ᠤᠨ ᠰᠢᠭᠦᠰᠦ ᠵᠡᠷᠭᠡ ᠤᠮᠳᠠᠭᠠᠨ ᠢᠶᠠᠷ ᠡᠮ ᠲᠠᠷᠤᠭᠤᠯᠵᠤ ᠤᠤᠭᠤᠯᠭᠠᠳᠠᠭ᠃ ᠦᠨᠡᠨ ᠳᠡᠭᠡᠨ ᠲᠣᠳᠣᠷᠬᠠᠶᠢᠯᠠᠯᠲᠠ ᠶᠢᠨ ᠪᠢᠴᠢᠭ ᠳᠡᠭᠡᠷ᠎ᠡ ᠣᠨᠴᠠᠭᠠᠶᠢᠯᠠᠨ ᠲᠣᠳᠣᠷᠬᠠᠶᠢᠯᠠᠭᠰᠠᠨ ᠪᠠᠶᠢᠳᠠᠯ ᠢ ᠭᠠᠷᠭᠠᠪᠠᠯ᠂ ᠣᠯᠠᠩᠬᠢ ᠡᠮ ᠢ ᠪᠦᠷ ᠪᠦᠯᠢᠶᠡᠨ ᠤᠰᠤ ᠪᠠᠷ ᠳᠠᠷᠤᠭᠤᠯᠵᠤ ᠤᠤᠭᠤᠯᠭᠠᠪᠠᠯ ᠵᠣᠬᠢᠨ᠎ᠠ᠃ ᠦᠨᠢᠶᠡᠨ ᠰᠦ᠂ ᠵᠢᠮᠢᠰ ᠤᠨ ᠰᠢᠭᠦᠰᠦ ᠵᠡᠷᠭᠡ ᠪᠤᠰᠤᠳ ᠰᠢᠩᠭᠡᠨ ᠪᠡᠶᠡᠲᠦ ᠪᠠᠷ ᠡᠮ ᠳᠠᠷᠤᠭᠤᠯᠵᠤ ᠤᠤᠭᠤᠯᠭᠠᠪᠠᠯ ᠳᠣᠣᠷᠠᠬᠢ ᠮᠡᠲᠦ ᠮᠠᠭᠤ ᠨᠥᠯᠥᠭᠡ ᠭᠠᠷᠴᠤ ᠮᠡᠳᠡᠨ᠎ᠡ᠃ ᠦᠨᠢᠶᠡᠨ ᠰᠦ ᠶᠢᠨ ᠳᠣᠲᠣᠷᠠᠬᠢ ᠺᠠᠯᠼ᠂ ᠮᠠᠭᠨᠢ ᠵᠡᠷᠭᠡ ᠡᠷᠦᠳᠡᠰᠦ ᠨᠢ ᠡᠮ ᠤᠨ ᠰᠢᠩᠭᠡᠭᠡᠯᠲᠡ ᠶᠢ ᠨᠥᠯᠥᠭᠡᠯᠡᠳᠡᠭ᠃ ᠵᠢᠮᠢᠰ ᠤᠨ ᠰᠢᠭᠦᠰᠦ ᠨᠢ ᠶᠡᠷᠦ ᠳᠡᠭᠡᠨ ᠬᠦᠴᠢᠯᠢᠭ ᠴᠢᠨᠠᠷ ᠲᠠᠢ ᠪᠥᠭᠡᠳ ᠱᠦᠯᠲᠦᠯᠢᠭ ᠴᠢᠨᠠᠷ ᠲᠠᠢ ᠡᠮ᠂ ᠵᠢᠱᠢᠶᠡᠯᠡᠪᠡᠯ ᠡᠷᠢᠳ᠋ᠷᠣᠮᠢᠼᠢᠨ ︵红霉素︶ ᠵᠡᠷᠭᠡ ᠲᠠᠢ ᠤᠷᠪᠠᠯ ᠡᠭᠦᠰᠴᠦ᠂ ᠢᠳᠡᠪᠬᠢ ᠴᠢᠨᠠᠷ ᠢᠶᠠᠨ ᠠᠯᠳᠠᠵᠤ᠂ ᠡᠮᠴᠢᠯᠡᠭᠡᠨ ᠤ ᠦᠷ᠎ᠡ ᠳ᠋ᠦᠩ ᠢ ᠨᠥᠯᠥᠭᠡᠯᠡᠳᠡᠭ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号