︽ᠲᠤᠰᠬᠠᠶ ᠠᠰᠢᠭ ᠤᠨ ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ | ᠰᠢᠯᠢᠳᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠮᠡᠳᠡᠭᠳᠡᠯ︾ ︵ᠡᠳ᠋ ᠭᠠᠶᠢᠯᠢ ﹇2024﹈ 23 ᠳ᠋ᠤᠭᠠᠷ ᠲᠣᠭᠠᠲᠤ︶᠂ ︽ᠲᠤᠰᠬᠠᠶ ᠠᠰᠢᠭ ᠤᠨ | ᠡᠷᠬᠡ ᠶᠢᠨ ᠨᠥᠬᠦᠪᠥᠷᠢ ᠶᠢᠨ ᠬᠤᠭᠤᠴᠠᠭᠠᠨ ᠤ ᠣᠨ ᠤ ᠰᠦᠢᠳᠬᠡᠯ ᠤᠨ ᠪᠠᠷᠢᠮᠵᠢᠶ᠎ᠠ ᠵᠡᠷᠭᠡ ᠬᠤᠯᠪᠣᠭᠳᠠᠯ ᠪᠥᠬᠦᠶ | ᠵᠦᠢᠯᠡᠰ ᠤᠨ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ | ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ﹇2024﹈ 1156 ᠳ᠋ᠤᠭᠠᠷ ᠲᠣᠭᠠᠲᠤ︶ ᠢ | ᠦᠨᠳᠦᠰᠦᠯᠡᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠢᠨ | ᠳᠡᠭᠡᠷ᠎ᠡ ᠳᠤᠷᠠᠳᠤᠭᠰᠠᠨ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠰᠡᠭ ᠲᠤᠰᠬᠠᠶ ᠠᠰᠢᠭ ᠤᠨ ᠰᠦᠢᠳᠭᠡᠯ | ᠬᠤᠷᠢᠶᠠᠬᠤ ᠪᠠᠷᠢᠮᠵᠢᠶ᠎ᠠ ᠪᠠ ᠬᠠᠰᠤᠵᠤ ᠲᠤᠰᠢᠶᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠡᠳᠦᠭᠡ | ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠶ᠎ᠡ᠄ ᠨᠢᠭᠡ᠂ ᠲᠤᠰᠬᠠᠢ ᠠᠰᠢᠭ ᠤᠨ ᠡᠷᠬᠡᠲᠦ ᠬᠥᠮᠦᠨ | ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠭᠠᠷᠭᠠᠪᠠᠯ᠂ ᠲᠤᠰᠬᠠᠢ | ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠤᠨ ᠰᠦᠢᠳᠬᠡᠯ ᠲᠤᠰᠢᠶᠠᠬᠤ ᠬᠡᠷᠡᠭᠲᠡᠢ᠂ | ᠰᠦᠢᠳᠬᠡᠯ ᠬᠤᠷᠢᠶᠠᠬᠤ ᠪᠠᠷᠢᠮᠵᠢᠶ᠎ᠠ ᠨᠢ ᠵᠦᠢᠯ ᠪᠦᠷᠢ ᠳᠤ 200 ᠲᠥᠭᠦᠷᠢᠭ ᠪᠣᠯᠤᠨ᠎ᠠ᠃ ᠲᠤᠰᠬᠠᠶ ᠠᠰᠢᠭ ᠤᠨ | ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠢ ᠬᠢᠨᠠᠨ ᠪᠠᠶᠢᠴᠠᠭᠠᠭᠠᠳ ᠬᠤᠭᠤᠴᠠᠭ᠎ᠠ | ᠬᠢᠵᠠᠭᠠᠷ ᠤᠨ ᠨᠥᠬᠦᠪᠥᠷᠢ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠤᠰᠬᠠᠶ ᠠᠰᠢᠭ ᠤᠨ ᠡᠷᠬᠡ ᠶᠢᠨ | ᠨᠥᠬᠦᠪᠥᠷᠢ ᠥᠭᠬᠦ ᠬᠤᠭᠤᠴᠠᠭᠠᠨ ᠤ ᠵᠢᠯ ᠤᠨ ᠰᠦᠢᠳᠭᠡᠯ ᠲᠤᠰᠢᠶᠠᠬᠤ ᠬᠡᠷᠡᠭᠲᠡᠶ᠂ ᠰᠦᠢᠳᠭᠡᠯ ᠬᠤᠷᠢᠶᠠᠬᠤ | ᠪᠠᠷᠢᠮᠵᠢᠶ᠎ᠠ ᠨᠢ ᠵᠦᠢᠯᠡᠰ ᠪᠦᠷᠢ ᠠᠴᠠ ᠵᠢᠯ ᠳᠤ 8000 ᠲᠥᠭᠦᠷᠢᠭ ᠬᠤᠷᠢᠶᠠᠨ᠎ᠠ᠂ ᠨᠢᠭᠡ ᠵᠢᠯ ᠬᠥᠷᠬᠦ ᠥᠬᠡᠶ | ᠬᠡᠰᠡᠭ ᠠᠴᠠ ᠰᠦᠢᠳᠭᠡᠯ ᠬᠤᠷᠢᠶᠠᠬᠤ ᠥᠬᠡᠶ᠃᠃ ᠬᠤᠶᠠᠷ᠂ ᠲᠤᠰᠬᠠᠶ ᠠᠰᠢᠭ ᠤᠨ ᠨᠡᠭᠡᠭᠡᠯᠲᠡ ᠬᠢᠬᠦ ᠶᠢ | ᠵᠥᠪᠰᠢᠶᠡᠷᠡᠬᠦ ᠶᠢ ᠬᠡᠷᠡᠭᠵᠢᠭᠦᠯᠬᠦ ᠬᠤᠭᠤᠴᠠᠭᠠᠨ ᠳᠠᠬᠢ ᠲᠤᠰᠬᠠᠶ ᠠᠰᠢᠭ ᠤᠨ ᠣᠨ ᠤ ᠵᠠᠷᠤᠳᠠᠯ ᠢ 15% ᠪᠠᠷ | ᠬᠠᠰᠤᠵᠤ ᠭᠡᠯᠳᠦᠷᠢᠭᠦᠯᠦᠨ᠎ᠡ᠃ ᠡᠭᠦᠨ ᠤ ᠬᠠᠮᠲᠤ ᠲᠤᠰᠬᠠᠶ ᠠᠰᠢᠭ ᠤᠨ ᠰᠦᠢᠳᠭᠡᠯ ᠬᠤᠷᠢᠶᠠᠬᠤ ᠶᠢ ᠬᠠᠰᠤᠵᠤ | ᠬᠡᠯᠲᠦᠷᠢᠭᠦᠯᠬᠦ ᠪᠤᠰᠤᠳ ᠲᠥᠷᠥ ᠶᠢᠨ ᠪᠣᠳᠣᠯᠭ᠎ᠠ ᠶᠢ ᠬᠡᠷᠡᠭᠯᠡᠬᠦ ᠳᠤ ᠳᠣᠭᠢᠷᠠᠪᠠᠯ᠂ ᠬᠠᠮᠤᠭ ᠤᠨ ᠬᠠᠷᠠᠭᠠᠯᠵᠠᠯ ᠲᠠᠢ | ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠵᠦ ᠪᠣᠯᠤᠨ᠎ᠠ᠂ ᠭᠡᠪᠡᠴᠦ ᠳᠠᠪᠬᠤᠷᠳᠠᠭᠤᠯᠤᠨ ᠭᠥᠷᠳᠡᠵᠦ ᠪᠣᠯᠬᠤ ᠥᠬᠡᠶ | ᠃ |